ᠮᠡᠳᠡᠬᠦᠢ ᠬᠢᠬᠦᠢ᠎ᠶᠢ ᠨᠢᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠵᠦ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠠᠷᠠᠳ᠎ᠤᠨ ᠵᠣᠪᠠᠨᠢᠯ᠎ᠢ ᠠᠷᠢᠯᠭᠠᠨ᠎ᠠ
2026-07-15 10:18:13
ᠵᠣᠬᠢᠶᠠᠭ᠍ᠴᠢ᠄
ᠯᠢᠦ ᡁᠢ ᠰᠢᠶᠠᠨ ᠸᠠᠩ ᠲᠠᠨ᠎ᠠ ᠪᠠᠶᠠᠰᠬᠤᠯᠠᠩ
ᠣᠩᠱᠢᠭ᠍ᠰᠠᠨ ᠣᠳᠠᠭ᠎ᠠ᠄
★★★☆☆

— ᠪᠥᠬᠥ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ ᠪᠣᠶ


ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠪᠥᠬᠥ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ 《ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠶᠢ ᠪᠠᠲᠤ ᠡᠵᠡᠮᠳᠡᠵᠦ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶᠢ ᠤᠶᠠᠯᠳᠤᠭᠤᠯᠤᠨ ᠠᠭᠤᠰᠤᠯᠴᠠᠭᠤᠯᠵᠤ᠂ ᠰᠤᠷᠤᠯᠴᠠᠯᠭ᠎ᠠ᠎ᠶᠢᠨ ᠪᠣᠳᠠᠲᠤ ᠦᠷ᠎ᠡ ᠪᠦᠲᠦᠮᠵᠢ᠎ᠪᠡᠷ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠎ᠳᠤ ᠬᠦᠴᠦᠨ ᠣᠯᠭᠣᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠡᠳᠬᠢᠯ ᠲᠠᠯᠪᠢᠨ ᠬᠠᠢᠷ᠎ᠠ ᠰᠡᠳᠬᠢᠯᠭᠡ᠎ᠲᠠᠢ᠎ᠪᠡᠷ ᠰᠠᠢᠲᠤᠷ ᠬᠢᠵᠡᠢ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠦᠨ ᠬᠢᠨ ᠤᠨᠤᠯ᠎ᠤᠨ ᠰᠤᠷᠤᠯᠴᠠᠯᠭ᠎ᠠ᠂ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠂ ᠪᠣᠳᠠᠲᠠᠢ ᠠᠵᠢᠯᠯᠠᠵᠤ ᠯᠠᠪᠳᠠᠭᠤᠨ ᠪᠠᠳᠤᠳᠠᠢ ᠵᠠᠮᠨᠠᠬᠤ᠎ᠶᠢ ᠨᠢᠭᠡ ᠴᠣᠭᠴᠠᠵᠢᠭᠤᠯᠤᠨ ᠠᠬᠢᠭᠤᠯᠬᠤ᠎ᠶᠢ ᠪᠠᠷᠢᠮᠲᠠᠯᠠᠵᠤ᠂ ᠢᠵᠢᠯ ᠴᠢᠭᠯᠡᠯ᠎ᠢᠶᠡᠷ ᠬᠦᠴᠦᠯᠡᠵᠦ᠂ ᠰᠤᠷᠤᠯᠴᠠᠯᠭ᠎ᠠ᠎ᠪᠠᠷ ᠰᠦᠭ ᠰᠦᠨᠡᠰᠦ᠎ᠶᠢ ᠱᠤᠭᠤᠵᠤ᠂ ᠦᠢᠯᠡᠳᠦᠯᠭᠡ᠎ᠪᠡᠷ ᠪᠤᠲᠠᠲᠠᠢ᠎ᠳᠤ ᠨᠠᠢᠳᠠᠪᠤᠷᠢᠵᠢᠭᠤᠯᠪᠡ᠃ 《ᠮᠡᠳᠡᠬᠦᠢ》 ᠳᠡᠭᠡᠷ᠎ᠡ ᠦᠷᠭᠦᠯᠵᠢᠯᠡᠨ ᠬᠦᠴᠦᠯᠡᠵᠦ᠂ ᠲᠤᠰᠬᠠᠢ ᠰᠡᠳᠦᠪᠲᠦ ᠨᠠᠮ᠎ᠤᠨ ᠬᠢᠴᠢᠶᠡᠯ᠂ ᠲᠥᠪᠯᠡᠷᠡᠭᠦᠯᠦᠨ ᠰᠤᠳᠤᠯᠤᠨ ᠶᠠᠷᠢᠯᠴᠠᠬᠤ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠬᠢᠬᠦ ᠵᠡᠷᠭᠡ ᠬᠡᠯᠪᠡᠷᠢ᠎ᠪᠡᠷ ᠳᠠᠮᠵᠢᠭᠤᠯᠤᠨ ᠨᠠᠮ᠎ᠤᠨ ᠭᠡᠰᠢᠭᠦᠨ  ᠺᠠᠳ᠋ᠷ ᠠᠵᠢᠯᠲᠠᠨ ᠠᠵᠢᠯᠴᠢᠨ᠎ᠢ ᠬᠥᠲᠥᠯᠥᠨ ᠵᠢᠯᠤᠭᠣᠳᠴᠤ ᠪᠠᠢᠭᠠᠳ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢᠨ ᠭᠣᠣᠯ ᠴᠢᠬᠤᠯᠠ ᠠᠭᠤᠯᠭ᠎ᠠ᠎ᠶᠢ ᠡᠵᠡᠮᠰᠢᠭᠦᠯᠵᠦ᠂ 《ᠨᠠᠮ᠎ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ》 ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶᠢ ᠲᠣᠳᠣᠷᠬᠠᠢ ᠪᠣᠯᠭᠠᠪᠠ᠃ 《ᠬᠢᠬᠦᠢ》 ᠳᠡᠭᠡᠷ᠎ᠡ ᠪᠣᠳᠠᠲᠤ ᠦᠷ᠎ᠡ ᠪᠦᠲᠦᠮᠵᠢ᠎ᠶᠢ ᠡᠷᠬᠢᠮᠯᠡᠵᠦ᠂ 《ᠠᠷᠠᠳ ᠲᠦᠮᠡᠨ᠎ᠳᠦ ᠪᠤᠶᠠᠨ ᠦᠢᠯᠡᠳᠬᠦ ᠪᠣᠯ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠮᠥᠨ》 ᠭᠡᠬᠦ ᠣᠢᠯᠠᠭᠠᠭᠳᠠᠬᠤᠨ᠎ᠢ ᠪᠣᠳᠠᠲᠠᠢ᠎ᠳᠤ ᠨᠠᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠮᠠᠯᠵᠢᠬᠤ ᠲᠠᠷᠢᠶᠠᠯᠠᠬᠤ ᠣᠷᠣᠨ᠎ᠤ ᠰᠤᠷᠭᠠᠭᠤᠯᠢ ᠳᠡᠪᠰᠢᠬᠤ ᠵᠢᠯᠣᠭᠣᠳᠤᠯᠭ᠎ᠠ᠎ᠶᠢᠨ ᠡᠬᠢ ᠪᠠᠶᠠᠯᠢᠭ᠋ ᠳᠤᠲᠠᠮᠠᠭ ᠪᠠᠢᠬᠤ ᠪᠣᠳᠠᠲᠤ ᠪᠠᠢᠳᠠᠯ᠎ᠳᠤ ᠴᠢᠭᠯᠡᠭᠦᠯᠦᠨ᠂ 2026 ᠣᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠶᠢᠨ 《ᠨᠡᠷᠡᠨ ᠬᠡᠷᠡᠯᠳᠦ ᠡᠷᠡᠮᠡᠯᠵᠡᠯ》᠎ᠤ᠋ᠨ ᠬᠠᠪᠰᠤᠷᠤᠨ ᠲᠡᠳᠬᠦᠬᠦ ᠠᠵᠢᠯᠯᠠᠭ᠎ᠠ᠎ᠶᠢᠨ ᠠᠬᠤᠢ ᠲᠠᠯᠠᠪᠠᠢ᠎ᠵᠢᠨ ᠵᠥᠪᠯᠡᠯᠭᠡ ᠥᠭᠬᠦ ᠠᠵᠢᠯᠯᠠᠭ᠎ᠠ ᠥᠷᠨᠢᠭᠦᠯᠵᠦ᠂ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠡᠷᠡᠮᠡᠯᠵᠡᠯ ᠲᠠᠭᠯᠠᠬᠤ ᠵᠢᠯᠣᠭᠣᠳᠤᠯᠭ᠎ᠠ ᠬᠠᠩᠭᠠᠵᠤ᠂ ᠪᠣᠶ᠋ᠢᠳᠠ ᠪᠥᠭᠯᠡᠭᠦᠦ ᠭᠠᠵᠠᠷ ᠣᠷᠣᠨ᠎ᠤ ᠰᠢᠯᠭᠠᠭᠤᠯᠤᠭ᠍ᠴᠢ᠎ᠶᠢᠨ ᠰᠤᠷᠭᠠᠭᠤᠯᠢ ᠳᠡᠪᠰᠢᠬᠤ ᠵᠢᠯᠣᠭᠣᠳᠤᠯᠭ᠎ᠠ᠎ᠶᠢᠨ ᠳᠤᠲᠠᠭᠤᠳᠠᠯ᠎ᠢ ᠨᠥᠬᠥᠪᠦᠷᠢᠯᠡᠵᠦ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢᠶᠠᠷ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠦᠢᠯᠡᠳᠦᠯᠭᠡᠵᠢᠭᠦᠯᠪᠡ᠃

ᠤᠯᠠᠭᠠᠨᠬᠠᠳᠠ ᠬᠣᠲᠠ᠎ᠶᠢᠨ ᠨᠠᠮ᠎ᠤᠨ ᠬᠣᠷᠢᠶ᠎ᠠ 《ᠬᠠᠷᠢᠭᠤᠴᠠᠯᠭ᠎ᠠ᠎ᠶᠢ ᠲᠣᠳᠣᠷᠬᠠᠢᠯᠠᠬᠤ》 ᠪᠠᠷ ᠡᠭᠦᠷᠭᠡ ᠬᠠᠷᠢᠭᠤᠴᠠᠯᠭ᠎ᠠ᠎ᠪᠠᠨ ᠴᠢᠩᠭᠠᠳᠬᠠᠬᠤ᠎ᠶᠢ ᠪᠠᠷᠢᠮᠲᠠᠯᠠᠵᠤ᠂ 《ᠭᠦᠨᠵᠡᠭᠡᠢ ᠰᠤᠷᠤᠯᠴᠠᠬᠤ》 ᠎ᠪᠠᠷ ᠰᠡᠳᠬᠢᠯ᠎ᠢᠶᠡᠨ ᠨᠢᠭᠡᠳᠬᠡᠨ ᠰᠦᠭ ᠰᠦᠨᠡᠰᠦ᠎ᠶᠢ ᠱᠤᠭᠤᠵᠤ᠂ 《ᠦᠨᠡᠨ᠎ᠬᠦ ᠪᠠᠢᠴᠠᠭᠠᠬᠤ》 ᠎ᠪᠠᠷ ᠪᠥᠬᠥ ᠲᠠᠯ᠎ᠠ᠎ᠪᠠᠷ ᠲᠤᠢᠯᠪᠤᠷᠢᠲᠠᠢ ᠪᠠᠢᠴᠠᠭᠠᠵᠤ᠂ 《ᠪᠣᠳᠠᠲᠠᠢ ᠴᠡᠭᠴᠡᠯᠡᠨ ᠰᠠᠢᠵᠢᠷᠠᠭᠤᠯᠬᠤ》᠎ᠪᠠᠷ ᠶᠡᠷᠦᠩᠬᠡᠢᠯᠡᠨ ᠵᠠᠰᠠᠪᠠ᠃ ᠪᠥᠬᠥ ᠬᠣᠲᠠ᠎ᠶᠢᠨ ᠡᠯ᠎ᠡ ᠱᠠᠲᠤᠨ᠎ᠤ ᠨᠠᠮ᠎ᠤᠨ ᠭᠡᠰᠢᠭᠦᠨ ᠺᠠᠳ᠋ᠷ ᠲᠤᠰᠬᠠᠢ ᠰᠡᠳᠦᠪᠲᠦ ᠰᠤᠷᠤᠯᠴᠠᠯᠭ᠎ᠠ 《ᠭᠤᠷᠪᠠᠨ ᠬᠤᠷᠠᠯ ᠨᠢᠭᠡ ᠬᠢᠴᠢᠶᠡᠯ 》᠎ᠢ᠋ 3.3 ᠲᠦᠮᠡ ᠭᠠᠷᠤᠢ ᠤᠳᠠᠭ᠎ᠠ᠂ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠵᠢ 9300 ᠭᠠᠷᠤᠢ ᠤᠳᠠᠭ᠎ᠠ ᠦᠷᠨᠢᠭᠦᠯᠵᠦ᠂ ᠬᠣᠲᠠ᠎ᠶᠢᠨ ᠱᠠᠲᠤᠨ᠎ᠤ ᠲᠠᠰ ᠳᠠᠪᠬᠤᠷᠭ᠎ᠠ᠎ᠠᠴᠠ ᠡᠰᠡᠷᠭᠦ ᠲᠠᠯ᠎ᠠ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ 6 ᠨᠠᠢᠷᠠᠭᠤᠯᠤᠨ ᠳᠠᠷᠤᠮᠠᠯᠯᠠᠵᠤ᠂ ᠳᠡᠷᠭᠡᠳᠡᠬᠢ ᠶᠠᠪᠤᠳᠠᠯ᠎ᠢᠶᠠᠷ᠎ᠢᠶᠠᠨ ᠳᠡᠷᠭᠡᠳᠡᠬᠢ ᠬᠥᠮᠥᠰ᠎ᠢᠶᠡᠨ ᠬᠥᠮᠥᠵᠢᠭᠦᠯᠵᠦ᠂ ᠬᠣᠲᠠ ᠰᠢᠶᠠᠨ ᠬᠣᠶᠠᠷ ᠱᠠᠲᠤᠨ᠎ᠤ ᠨᠠᠮ᠎ᠤᠨ ᠰᠤᠷᠭᠠᠭᠤᠯᠢ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠵᠡᠷᠭᠡ ᠬᠠᠮᠢᠶ᠎ᠠ ᠪᠦᠬᠦᠢ ᠵᠢᠭᠠᠨ ᠰᠤᠷᠭᠠᠯᠲᠠ᠎ᠶᠢᠨ ᠲᠤᠰᠬᠠᠢ ᠰᠡᠳᠦᠪ᠎ᠢ 88 ᠨᠡᠬᠡᠬᠡᠵᠦ᠂ ᠨᠡᠶ᠋ᠢᠲᠡ 1.2 ᠲᠦᠮᠡ ᠭᠠᠷᠤᠢ ᠬᠦᠮᠦᠨ᠎ᠳᠤ ᠪᠣᠯᠪᠠᠰᠤᠷᠠᠯ ᠬᠦᠷᠲᠡᠭᠡᠪᠠ᠃ 《3 ᠪᠠᠷᠢᠮᠵᠢᠶ᠎ᠠ ᠪᠤᠯᠭᠠᠬᠤ + 3 ᠵᠦᠢᠯ᠎ᠦᠨ ᠠᠷᠭ᠎ᠠ ᠵᠠᠮ》᠎ᠢ᠋ ᠭᠦᠢᠴᠡᠳ ᠬᠡᠷᠡᠭᠯᠡᠨ᠂ 《ᠤᠪᠤᠷ ᠰᠤᠷᠲᠠᠯ᠎ᠢᠶᠠᠨ ᠬᠤᠪᠢᠷᠠᠭᠤᠯᠬᠤ᠂ ᠪᠣᠳᠠᠲᠦ ᠠᠵᠢᠯ ᠬᠢᠬᠦ᠂ ᠬᠦᠴᠢᠷ ᠠᠰᠠᠭᠤᠳᠠᠯ᠎ᠢ ᠰᠢᠢᠳᠪᠦᠷᠢᠯᠡᠬᠦ》 ᠲᠤᠰᠬᠠᠢ ᠠᠵᠢᠯᠯᠠᠭ᠎ᠠ ᠦᠷᠨᠢᠭᠦᠯᠵᠦ᠂ 《ᠳᠥᠷᠪᠡ᠎ᠶᠢ ᠦᠨᠳᠦᠰᠦᠨ ᠱᠠᠲᠤᠨ᠎ᠳᠤ ᠪᠠᠭᠤᠯᠭᠠᠬᠤ》᠂ 《ᠬᠣᠣᠰ ᠨᠡᠷ᠎ᠡ ᠮᠡᠳᠡᠭᠦᠯᠬᠦ᠂ ᠬᠣᠣᠰ ᠦᠢᠯᠡᠴᠢᠯᠡᠭᠡ᠂ ᠬᠣᠣᠰ ᠮᠡᠳᠡᠭᠦᠯᠦᠯᠲᠡ》᠂ ᠨᠠᠮ᠎ᠤᠨ ᠪᠠᠢᠭᠤᠯᠤᠯᠲᠠ᠎ᠶᠢᠨ ᠬᠠᠷᠢᠯᠴᠠᠬᠤ ᠴᠡᠭ ᠵᠡᠷᠭᠡ ᠳᠦᠷᠢᠮ᠎ᠢ ᠬᠢᠨᠠᠮᠠᠭᠠᠢ ᠨᠠᠢᠳᠠᠪᠤᠷᠢᠵᠢᠭᠤᠯᠵᠤ᠂ ᠪᠦᠬᠦ ᠬᠣᠲᠠ᠎ᠶᠢᠨ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ᠎ᠲᠦᠢᠢᠯᠪᠤᠷᠢᠲᠠᠢ ᠪᠠᠢᠴᠠᠭᠠᠵᠤ᠂ ᠲᠦᠢᠯᠪᠤᠷᠢᠲᠠᠢ ᠰᠢᠢᠳᠪᠦᠷᠢᠯᠡᠵᠦ᠂ ᠬᠣᠲᠠ᠎ᠶᠢᠨ ᠨᠠᠮ᠎ᠤᠨ ᠬᠣᠷᠢᠶᠠᠨ᠎ᠤ ᠤᠳᠤᠷᠢᠳᠬᠤ ᠪᠠᠭ ᠲᠦᠷᠦᠭᠦᠯᠡᠨ 14 ᠲᠠᠯ᠎ᠠ᠎ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠴᠢᠬᠤᠯᠠᠲᠠᠢ ᠲᠣᠪᠣᠢᠮ᠎ᠠ ᠠᠰᠠᠭᠤᠳᠠᠯ᠎ᠢ ᠲᠣᠭᠲᠠᠭᠠᠵᠤ᠂ ᠰᠢᠶᠠᠨ ᠭᠠᠵᠠᠷ᠎ᠤᠨ ᠲᠡᠰ᠎ᠤᠨ ᠤᠳᠤᠷᠢᠳᠬᠤ ᠪᠠᠭ 2898 ᠠᠰᠠᠭᠤᠳᠠᠯ᠎ᠢ ᠪᠠᠢᠴᠠᠭᠠᠨ ᠳᠡᠯᠭᠡᠵᠦ᠂ ᠵᠠᠬᠢᠳᠠᠯ ᠰᠣᠷᠪᠤᠯᠵᠢᠯᠠᠯ᠎ᠤᠨ ᠳᠠᠷᠤᠭᠳᠠᠮᠠᠯ ᠬᠡᠷᠡᠭ᠎ᠢ ᠨᠡᠶ᠋ᠢᠲᠡ 516᠂ 《 12345 》 ᠠᠵᠢᠯ᠎ᠤᠨ ᠬᠠᠭᠤᠳᠠᠰᠤ᠎ᠵᠢ 12730 ᠬᠤᠪᠢ᠎ᠰᠢᠢᠳᠪᠦᠷᠢᠯᠡᠵᠦ᠂ ᠪᠣᠳᠠᠲᠠᠢ ᠦᠷ᠎ᠡ ᠪᠦᠲᠦᠮᠵᠢ ᠪᠡᠷ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ᠎ᠶᠢ ᠠᠬᠢᠭᠤᠯᠪᠠ᠃

ᠰᠢᠯᠢ᠎ᠶᠢᠨ ᠭᠣᠣᠯ ᠠᠢᠮᠠᠭ 《ᠪᠣᠳᠠᠲᠠᠢ》 ᠪᠠᠷ ᠤᠳᠤᠷᠢᠳᠤᠮᠵᠢ ᠪᠣᠯᠭᠠᠬᠤ᠎ᠶᠢ ᠳᠣᠪᠣᠶ᠋ᠢᠯᠭᠠᠵᠤ᠂ 《ᠠᠵᠢᠯᠯᠠᠬᠤ》 ᠳᠡᠭᠡᠷ᠎ᠡ ᠬᠦᠴᠦᠯᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶᠢ ᠨᠢᠭᠡ ᠴᠣᠭᠴᠠᠵᠢᠭᠤᠯᠤᠨ ᠨᠡᠪᠲᠡᠷᠡᠯᠴᠡᠭᠦᠯᠦᠨ ᠠᠬᠢᠭᠤᠯᠪᠠ᠃ 《ᠠᠢᠮᠠᠭ᠎ᠤᠨ ᠨᠠᠮ᠎ᠤᠨ ᠬᠣᠷᠢᠶ᠎ᠠ ᠨᠢᠭᠡᠳᠦᠯᠲᠡᠢ ᠲᠥᠯᠥᠪᠵᠢᠭᠦᠯᠬᠦ᠂ ᠲᠤᠰᠬᠠᠢ ᠠᠩᠭᠢ᠎ᠪᠠᠷ  ᠠᠬᠢᠭᠤᠯᠬᠤ᠂ ᠬᠠᠮᠵᠢᠯᠴᠠᠨ ᠨᠠᠢᠳᠠᠪᠤᠷᠢᠵᠢᠭᠤᠯᠬᠤ》  ᠠᠵᠢᠯ᠎ᠤᠨ ᠪᠠᠢᠷᠢᠰᠢᠯ᠎ᠢ ᠪᠠᠢᠭᠤᠯᠵᠤ᠂ ᠠᠢᠮᠠᠭ᠎ᠤᠨ ᠨᠠᠮ᠎ᠤᠨ ᠬᠣᠷᠢᠶ᠎ᠠ᠎ᠵᠢᠨ ᠬᠤᠷᠠᠯ᠂ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠵᠢᠯᠤᠭᠣᠳᠬᠤ ᠭᠣᠣᠯᠳᠠᠯᠭ᠎ᠠ᠎ᠶᠢ ᠲᠥᠬᠥᠷᠵᠢᠭᠦᠯᠦᠨ ᠲᠣᠭᠲᠠᠭᠠᠵᠤ᠂ ᠠᠵᠢᠯ᠎ᠤᠨ ᠨᠠᠢᠳᠠᠪᠤᠷᠢᠵᠢᠭᠤᠯᠤᠯᠲᠠ᠎ᠶᠢ ᠪᠦᠬᠦ ᠬᠦᠴᠦᠨ᠎ᠢᠶᠡᠷ ᠠᠬᠢᠭᠤᠯᠪᠠ᠃ ᠰᠢᠯᠢ᠎ᠶᠢᠨ ᠭᠣᠣᠯ ᠠᠢᠮᠠᠭ᠎ᠤᠨ ᠨᠠᠮ᠎ᠤᠨ ᠬᠣᠷᠢᠶ᠎ᠠ 4 ᠬᠢᠨᠠᠨ ᠵᠢᠯᠤᠭᠣᠳᠬᠤ ᠳᠤᠭᠤᠢᠯᠠᠩ ᠲᠣᠮᠢᠯᠠᠵᠤ᠂ ᠠᠢᠮᠠᠭ᠎ᠤᠨ ᠨᠠᠮ᠎ᠤᠨ ᠬᠣᠷᠢᠶᠠᠨ᠎ᠤ ᠰᠤᠷᠤᠯᠴᠠᠯᠭ᠎ᠠ ᠬᠥᠮᠦᠵᠢᠯ᠎ᠦᠨ ᠲᠤᠰᠬᠠᠢ ᠠᠩᠭᠢ 7 ᠲᠤᠰᠬᠠᠢ ᠵᠢᠯᠤᠭᠣᠳᠬᠤ ᠳᠤᠭᠤᠢᠯᠠᠩ ᠪᠠᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠡᠮᠬᠢ ᠵᠢᠷᠤᠮ᠎ᠲᠠᠢ ᠥᠷᠨᠢᠬᠦ᠎ᠶᠢ ᠪᠥᠬᠥ ᠴᠠᠷᠠᠭ᠎ᠠ᠎ᠳᠤ ᠵᠢᠭᠠᠨ ᠵᠢᠯᠣᠭᠣᠳᠪᠠ᠃ ᠰᠢᠯᠢ᠎ᠶᠢᠨ ᠭᠣᠣᠯ ᠠᠢᠮᠠᠭ᠎ᠤᠨ ᠨᠠᠮ᠎ᠤᠨ ᠬᠣᠷᠢᠶ᠎ᠠ ᠲᠦᠷᠦᠭᠦᠯᠡᠨ ᠥᠯᠢᠭᠡᠷ ᠳᠠᠭᠤᠷᠢᠶᠠᠯ ᠪᠣᠯᠵᠤ᠂ 《ᠳᠥᠷᠪᠡ᠎ᠶᠢ  ᠭᠦᠨᠵᠡᠭᠡᠢ ᠰᠤᠷᠤᠯᠴᠠᠬᠤ》᠎ᠵᠢ ᠨᠠᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠳᠤᠮᠳᠠᠳᠤ ᠤᠯᠤᠰ (ᠥᠪᠥᠷ ᠮᠣᠩᠭᠣᠯ)᠎ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠡᠷᠢᠶᠡᠨ ᠬᠣᠲᠠ᠎ᠶᠢᠨ ᠬᠡᠰᠡᠭ ᠤ᠋ᠨ ᠪᠦᠲᠦᠭᠡᠨ ᠪᠠᠢᠭᠤᠯᠤᠯᠲᠠ᠂ ᠬᠥᠮᠥᠨ ᠰᠣᠩᠭᠣᠨ ᠬᠡᠷᠡᠭᠯᠡᠬᠦ ᠲᠥᠪ ᠪᠤᠰᠤ ᠰᠤᠷᠲᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ ᠵᠡᠷᠭᠡ ᠠᠭᠤᠯᠭ᠎ᠠ᠎ᠳᠤ ᠣᠷᠣᠭᠤᠯᠵᠤ᠂ ᠲᠤᠰᠬᠠᠢ ᠰᠡᠳᠦᠪᠲᠦ ᠨᠣᠮ ᠤᠩᠰᠢᠬᠤ ᠠᠩᠭᠢ᠂ ᠣᠨᠣᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠎ᠶᠢᠨ ᠬᠤᠷᠠᠯ ᠵᠡᠷᠭᠡ ᠬᠡᠯᠪᠡᠷᠢ᠎ᠪᠡᠷ ᠳᠠᠮᠵᠢᠭᠤᠯᠤᠨ᠂ ᠪᠥᠬᠥ ᠠᠢᠮᠠᠭ᠎ᠤᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠣᠶ ᠪᠣᠯᠭᠠᠬᠤ᠎ᠶᠢ ᠵᠢᠱ᠌ᠢᠶ᠎ᠡ ᠦᠵᠡᠭᠦᠯᠦᠨ ᠬᠥᠲᠥᠯᠥᠨ ᠵᠢᠯᠣᠭᠣᠳᠪᠠ᠃ ᠠᠢᠮᠠᠭ ᠬᠣᠰᠢᠭᠤ ᠬᠣᠶᠠᠷ ᠱᠠᠲᠤᠨ᠎ᠤ ᠨᠠᠮ᠎ᠤᠨ ᠰᠤᠷᠭᠠᠭᠤᠯᠢ ᠰᠤᠷᠤᠯᠴᠠᠯᠭ᠎ᠠ ᠬᠥᠮᠦᠵᠢᠯ᠎ᠦᠨ ᠲᠣᠭᠣᠷᠢᠨ᠎ᠳᠤ ᠰᠢᠶᠠᠩ ᠰᠠᠯᠠᠭᠠᠨ᠎ᠤ ᠲᠡᠰ᠎ᠤᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠵᠦ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠲᠠᠷᠢᠬᠢᠨ ᠳ᠋ᠠᠭᠠᠨ ᠰᠢᠩᠭᠡᠭᠡᠵᠦ ᠰᠡᠳᠭᠢᠯ ᠳ᠋ᠡᠭᠡᠨ ᠬᠠᠳᠠᠩᠰᠢᠭᠤᠯᠬᠤ᠎ᠶᠢ ᠠᠬᠢᠭᠤᠯᠪᠠ᠃ ᠡᠭᠦᠨ᠎ᠦ ᠬᠠᠮᠲᠤ᠂ ᠡᠭᠦᠳᠡ᠎ᠪᠡᠨ ᠨᠡᠭᠡᠭᠡᠵᠦ ᠰᠤᠷᠭᠠᠨ ᠬᠥᠮᠦᠵᠢᠯ ᠡᠷᠭᠢᠯᠡᠬᠦ᠎ᠶᠢ ᠪᠠᠷᠢᠮᠲᠠᠯᠠᠵᠤ᠂ 《ᠳᠥᠷᠪᠡᠨ ᠰᠠᠨᠠᠯ ᠴᠤᠭᠯᠠᠭᠤᠯᠬᠤ》 ᠠᠵᠢᠯ᠎ᠤᠨ ᠠᠷᠭ᠎ᠠ᠎ᠪᠠᠷ ᠳᠠᠮᠵᠢᠭᠤᠯᠤᠨ ᠬᠠᠤᠯᠢ ᠲᠣᠭᠲᠠᠭᠠᠯ᠎ᠳᠤ ᠨᠡᠢᠴᠡᠬᠦ ᠵᠦᠢ ᠵᠣᠬᠢᠰᠲᠠᠢ ᠰᠠᠨᠠᠯ ᠰᠠᠨᠠᠭᠤᠯᠭ᠎ᠠ᠎ᠵᠢ 1119 ᠵᠤᠷᠪᠤᠰ ᠬᠤᠷᠢᠶᠠᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ 994 ᠵᠤᠷᠪᠤᠰ ᠰᠢᠢᠳᠪᠦᠷᠢᠯᠡᠵᠦ᠂ 593 ᠵᠤᠷᠪᠤᠰ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠲᠥᠷᠥᠯ᠎ᠦᠨ ᠰᠠᠨᠠᠯ ᠰᠠᠨᠠᠭᠤᠯᠭ᠎ᠠ᠎ᠶᠢ ᠬᠠᠮᠢᠶ᠎ᠠ ᠪᠦᠬᠦᠢ ᠣᠷᠣᠨ ᠨᠤᠲᠤᠭ ᠪᠠ ᠰᠠᠯᠠᠭ᠎ᠠ ᠮᠥᠴᠢᠷ ᠨᠢᠭᠡᠴᠢ᠎ᠶᠢᠨ ᠪᠠᠢᠴᠠᠭᠠᠨ ᠳᠡᠯᠭᠡᠬᠦ ᠠᠰᠠᠭᠤᠳᠠᠯ᠎ᠤᠨ ᠨᠠᠷᠢᠨ ᠲᠠᠩᠰᠠᠨ᠎ᠳᠤ ᠣᠷᠣᠭᠤᠯᠪᠠ᠃ ᠠᠢᠮᠠᠭ᠎ᠤᠨ ᠳᠥᠷᠪᠡᠨ ᠶᠡᠬᠡ ᠤᠳᠤᠷᠢᠳᠬᠤ ᠪᠠᠭ᠎ᠤᠨ ᠤᠳᠤᠷᠢᠳᠤᠯᠭ᠎ᠠ ᠲᠦᠷᠦᠭᠦᠯᠡᠨ ᠦᠨᠳᠦᠰᠦᠨ ᠱᠠᠲᠤᠨ᠎ᠳᠤ ᠭᠦᠨᠵᠡᠭᠡᠢᠷᠡᠨ 86 ᠤᠳᠠᠭ᠎ᠠ ᠪᠠᠢᠴᠠᠭᠠᠨ ᠰᠤᠳᠤᠯᠤᠯᠲᠠ ᠬᠢᠵᠦ᠂ ᠡᠯ᠎ᠡ ᠱᠠᠲᠤᠨ᠎ᠤ ᠤᠳᠤᠷᠢᠳᠬᠤ ᠺᠠᠳ᠋ᠷ᠎ᠢ ᠳᠠᠶ᠋ᠢᠴᠢᠯᠠᠨ 2331 ᠤᠳᠠᠭ᠎ᠠ ᠪᠠᠢᠴᠠᠭᠠᠨ ᠰᠤᠳᠤᠯᠤᠯᠲᠠ ᠬᠢᠵᠦ᠂ 1046 ᠠᠰᠠᠭᠤᠳᠠᠯ᠎ᠢ ᠢᠯᠡᠷᠡᠭᠦᠯᠵᠦ᠂ ᠣᠯᠠᠨ ᠲᠦᠮᠡᠨ᠎ᠦ ᠬᠦᠴᠢᠷᠳᠡᠯ᠎ᠢ 1017 ᠤᠳᠠᠭ᠎ᠠ ᠰᠢᠢᠳᠪᠦᠷᠢᠯᠡᠵᠦ᠂ 2.83 ᠲᠦᠮᠡᠨ ᠬᠥᠮᠥᠨ ᠤᠳᠠᠭ᠎ᠠ᠎ᠳᠤ ᠦᠢᠯᠡᠴᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号