ᠠᠷᠠᠳ᠎ᠤᠨ ᠡᠵᠡᠨᠭᠨᠡᠯᠳᠠ ᠵᠢᠨ ᠠᠵᠤ ᠠᠬᠤᠶ᠋ᠢᠯᠠᠯ᠎ᠤᠨ ᠬᠦᠴᠦᠨ᠎ᠢ ᠨᠢᠭᠲᠠᠷᠠᠭᠤᠯᠵᠤ ᠭᠠᠷ ᠬᠤᠯᠪᠤᠯᠴᠠᠨ ᠢᠷᠡᠭᠡᠳᠦᠶ ᠪᠠᠨ ᠴᠣᠭᠴᠠᠯᠠᠶ᠎ᠠ
2026-07-15 09:48:36
ᠵᠣᠬᠢᠶᠠᠭ᠍ᠴᠢ᠄
ᠠᠨ ᠬᠤᠸᠠ ᠢ
ᠣᠩᠱᠢᠭ᠍ᠰᠠᠨ ᠣᠳᠠᠭ᠎ᠠ᠄
★★★☆☆

ᠳᠡᠯᠭᠡᠷᠡᠬᠦ ᠵᠤᠨ᠎ᠤ ᠰᠠᠶ᠋ᠢᠬᠠᠨ ᠤᠯᠠᠷᠢᠯ᠎ᠳᠤ ᠦᠵᠡᠰᠬᠦᠯᠡᠩᠲᠦ᠍ ᠰᠠᠶ᠋ᠢᠬᠠᠨ ᠥᠪᠥᠷ ᠮᠣᠩᠭᠣᠯ ᠬᠤᠳᠠᠯᠳᠤᠭᠠᠠ᠎ᠤ ᠦᠪᠡᠳᠡᠭᠰᠢ ᠴᠤᠭᠯᠠᠭᠠᠨ᠎ᠢ  ᠤᠭᠲᠤᠯ᠎ᠠ᠃ 7 ᠰᠠᠷ᠎ᠠ᠎ᠶᠢᠨ 14 ᠎ᠤ᠋ ᠡᠳᠦᠷ 《2026 ᠪᠥᠬᠥ᠌ ᠤᠯᠤᠰ᠎ᠤᠨ ᠨᠠᠷᠠᠲᠤ᠌ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠋ᠢᠯᠠᠯ ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠡᠮᠵᠢᠬᠦ ᠠᠵᠢᠯᠯᠠᠭ᠎ᠠ》 ᠨᠢᠵᠢᠭᠢᠷ ᠶᠠᠪᠤᠭᠳᠠᠵᠤ᠂ ᠣᠷᠣᠨ᠎ᠤ ᠳᠣᠲᠣᠨ᠎ᠠ ᠭᠠᠳᠠᠨᠠᠬᠢ ᠣᠯᠠᠨ ᠨᠠᠷᠠᠲᠤ᠌ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠋ᠢᠯᠠᠯ ᠬᠥᠬᠡᠬᠣᠲᠠᠨ᠎ᠠ ᠴᠤᠭᠯᠠᠷᠠᠵᠤ᠂ ᠬᠥᠭᠵᠢᠯᠲᠡ᠎ᠶᠢᠨ ᠶᠡᠬᠡ ᠪᠣᠳᠣᠯᠭ᠎ᠠ᠎ᠶᠢ ᠬᠠᠮᠲᠤ᠎ᠪᠠᠷ ᠵᠥᠪᠳᠡᠯᠴᠡᠵᠦ᠍᠂ ᠬᠠᠮᠲᠤᠷᠠᠯᠴᠠᠵᠦ᠍ ᠬᠠᠮᠲᠤ᠎ᠪᠠᠷ ᠠᠰᠢᠭ ᠭᠥᠷᠳᠡᠬᠦ᠌᠎ᠶᠢ ᠬᠠᠮᠲᠤ᠎ᠪᠠᠷ ᠠᠬᠢᠭᠤᠯᠪᠠ᠃

ᠰᠣᠯᠢᠯᠴᠠᠭ᠎ᠠ ᠬᠠᠮᠲᠤᠷᠠᠯᠴᠠᠭ᠎ᠠ ᠪᠣᠳᠠᠲᠠᠢ᠎ᠶᠢ ᠡᠷᠬᠢᠮᠯᠡᠨ ᠥᠨᠳᠥᠷ ᠪᠦᠲᠦᠮᠵᠢᠲᠡᠢ ᠶᠠᠪᠤᠭᠳᠠᠵᠤ᠂ ᠠᠵᠤ ᠠᠬᠤᠢ ᠠᠷᠠᠯᠵᠢᠶᠠᠨ᠎ᠤ ᠵᠣᠯᠭᠠᠯᠴᠠᠭ᠎ᠠ ᠦᠷᠭᠦᠯᠵᠢᠯᠡᠨ ᠬᠠᠯᠠᠮᠰᠢᠵᠤ᠂ ᠪᠡᠯᠡ ᠣᠷᠣᠭᠤᠯᠤᠯᠲᠠ᠎ᠶᠢᠨ ᠵᠥᠪᠳᠡᠯᠴᠡᠬᠡᠷ ᠨᠢ ᠡᠮᠬᠢ ᠵᠢᠷᠤᠮ ᠲᠠᠢ ᠶᠠᠪᠤᠬᠳᠠᠪᠠ ᠁ ᠡᠨᠡ ᠤᠳᠠᠭ᠎ᠠ᠎ᠶᠢᠨ ᠬᠠᠷᠢᠯᠴᠠᠨ ᠠᠰᠢᠭ ᠬᠦᠷᠳᠡᠵᠤ ᠥᠪᠥᠷ ᠮᠣᠩᠭᠣᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠲᠡᠮᠵᠢᠬᠦ ᠠᠵᠢᠯᠯᠠᠭ᠎ᠠ ᠨᠢ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠥᠪᠥᠷ ᠮᠣᠩᠭᠣᠯ ᠳ᠋ᠤ ᠦᠵᠡᠭᠦᠯᠦᠭᠰᠡᠨ ᠴᠢᠩ ᠰᠡᠳᠬᠢᠯ᠎ᠦᠨ ᠳᠡᠮᠵᠢᠯᠭᠡ᠎ᠶᠢ ᠢᠯᠡᠷᠡᠭᠦᠯᠦᠭᠰᠡᠨ᠎ᠪᠦᠭᠡᠳ ᠪᠠᠰᠠ ᠥᠪᠥᠷ ᠮᠣᠩᠭᠣᠯ᠎ᠤᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢ ᠪᠤᠵᠠᠭᠠᠢᠷᠠᠭᠤᠯᠬᠤ᠂ ᠰᠢᠯᠢᠳᠡᠭᠵᠢᠬᠦᠯᠬᠦ᠂ ᠬᠦᠴᠦᠷᠬᠡᠭᠵᠢᠭᠦᠯᠬᠦ᠌ ᠡᠷᠡᠰ ᠵᠣᠷᠢᠭ᠎ᠢ ᠢᠯᠡᠷᠡᠭᠦᠯᠵᠦ᠍᠂ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠋ᠢᠯᠠᠯ᠎ᠤᠨ ᠥᠪᠥᠷ ᠮᠣᠩᠭᠣᠯ᠎ᠳᠤ ᠦᠨᠳᠦᠰᠦᠯᠡᠵᠦ᠍ ᠠᠵᠢᠯ ᠬᠢᠵᠦ᠍ ᠦᠢᠯᠡᠰ ᠪᠤᠰᠬᠠᠬᠤ ᠣᠷᠭᠢᠯᠤᠮ᠎ᠠ ᠬᠠᠯᠠᠭᠤᠨ ᠰᠡᠳᠬᠢᠯᠭᠡ᠎ᠶᠢ ᠪᠦᠬᠦ᠌ ᠲᠠᠯ᠎ᠠ᠎ᠪᠠᠷ ᠬᠥᠭᠵᠢᠭᠡᠵᠡᠢ᠃

ᠠᠷᠠᠳ᠎ᠤᠨ ᠡᠵᠡᠩᠨᠡᠯᠲᠡ᠎ᠶᠢᠨ ᠠᠵᠤ ᠠᠬᠤᠶ ᠪᠣᠯ ᠣᠳᠣᠬᠢᠴᠢᠯᠠᠭᠰᠠᠨ ᠠᠵᠤ ᠠᠬᠤᠶ᠎ᠶᠢᠨ ᠰᠢᠰᠲ᠋ᠧᠮ᠎ᠢ ᠪᠠᠶ᠋ᠢᠭᠤᠯᠬᠤ᠂ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠴᠢᠬᠤᠯᠠ ᠭᠤᠤᠯ ᠴᠣᠭᠴᠠ ᠮᠥᠨ᠂ ᠦᠷᠬᠡᠨ ᠣᠯᠠᠨ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠋ᠢᠯᠠᠯ ᠲᠥᠷᠥᠯ ᠵᠦᠢᠯ᠂ ᠪᠠᠯᠠ ᠮᠥᠩᠭᠥ᠌᠂ ᠮᠡᠷᠭᠡᠵᠢᠯ᠎ᠢᠶᠡᠨ ᠠᠪᠴᠤ ᠠᠭᠤᠯᠠ ᠤᠰᠤ᠎ᠶᠢ ᠲᠤᠭᠤᠯᠤᠨ᠂ ᠪᠣᠯᠵᠣᠭ᠎ᠠ᠎ᠶᠤᠰᠤᠭᠠᠷ ᠬᠦᠷᠦᠯᠴᠡᠨ ᠢᠷᠡᠭᠰᠡᠨ ᠨᠢ ᠥᠪᠥᠷ ᠮᠣᠩᠭᠣᠯ᠎ᠤᠨ ᠣᠨᠴᠠᠯᠢᠭᠳᠤ ᠳᠠᠪᠠᠭᠤᠯᠢᠭ᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ᠎ᠢ ᠪᠠᠶ᠋ᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ᠌᠎ᠨᠢ ᠯᠠᠪᠲᠠᠶ ᠶᠤᠮ᠃ ᠥᠪᠥᠷ ᠮᠣᠩᠭᠣᠯ ᠴᠤ᠌ ᠣᠯᠠᠨ ᠲᠠᠰ ᠳᠠᠪᠬᠤᠷᠭ᠎ᠠ᠎ᠶᠢᠨ ᠵᠣᠯᠭᠠᠯᠴᠠᠭ᠎ᠠ ᠰᠣᠯᠢᠯᠴᠠᠭᠠᠨ᠎ᠤ ᠲᠠᠪᠴᠠᠩ᠎ᠢ ᠦᠷᠭᠦᠯᠵᠢᠯᠡᠨ ᠪᠠᠶ᠋ᠢᠭᠤᠯᠵᠤ᠂ ᠨᠠᠩ ᠣᠯᠠᠨ ᠡᠬᠢ ᠪᠠᠶᠠᠯᠢᠭ ᠪᠣᠯᠤᠨ ᠪᠠᠯᠠ ᠣᠷᠣᠭᠤᠯᠤᠯᠲᠠ᠎ᠶᠢᠨ ᠠᠵᠠ ᠲᠣᠬᠢᠶᠠᠯ᠎ᠢ ᠪᠤᠢ ᠪᠤᠯᠭᠠᠵᠤ᠂ ᠨᠠᠩ ᠣᠯᠠᠨ ᠴᠢᠨᠠᠷ ᠰᠠᠶ᠋ᠢᠲᠠᠶ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠋ᠢᠯᠠᠯ᠎ᠢ ᠥᠪᠥᠷ ᠮᠣᠩᠭᠣᠯ᠎ᠳᠤ ᠤᠷᠤᠭᠤᠯᠤᠨ ᠠᠪᠴᠢᠷᠠᠵᠤ ᠪᠠᠯᠠ ᠣᠷᠣᠭᠤᠯᠤᠨ ᠦᠢᠯᠡᠰ ᠪᠤᠰᠬᠠᠵᠤ᠂ ᠥᠪᠥᠷ ᠮᠣᠩᠭᠣᠯ᠎ᠤᠨ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ᠎ᠳᠦ ᠬᠦᠴᠦᠨ ᠨᠡᠮᠡᠷᠢᠯᠡᠬᠦ᠌ ᠪᠣᠯᠤᠨ᠎ᠠ᠃

ᠨᠠᠶ᠋ᠢᠵᠠ ᠨᠥᠬᠥᠳ ᠠᠯᠤᠰ᠎ᠡᠴᠡ ᠬᠦᠷᠦᠯᠴᠡᠨ ᠢᠷᠡᠯ᠎ᠡ᠂ ᠥᠪᠥᠷ ᠮᠣᠩᠭᠣᠯ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢᠶᠡᠨ ᠰᠠᠢᠵᠢᠷᠠᠭᠤᠯᠵᠤ᠂ ᠠᠵᠢᠯ ᠦᠢᠯᠡᠰ᠎ᠢᠶᠡᠨ ᠮᠠᠨᠳᠤᠭᠤᠯᠬᠤ ᠰᠢᠮᠡᠯᠢᠭ ᠬᠥᠷᠥᠰᠥ᠎ᠶᠢ ᠴᠢᠷᠮᠠᠢᠨ ᠪᠤᠢ ᠪᠤᠯᠭᠠᠵᠤ ᠪᠠᠶ᠋ᠢᠨ᠎ᠠ᠃ 2026 ᠣᠨ᠎ᠢ ᠪᠥᠬᠥ᠌ ᠣᠷᠣᠨ᠎ᠤ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭᠰᠢᠯᠡᠭᠦᠯᠬᠦ᠌ ᠣᠨ》 ᠪᠣᠯᠭᠠᠵᠤ᠂ 《ᠬᠠᠪᠰᠤᠷᠤᠨ ᠭᠦᠢᠴᠡᠳᠬᠡᠵᠦ᠍ ᠣᠷᠣᠯᠠᠨ ᠭᠦᠢᠴᠡᠳᠬᠡᠬᠦ᠌》᠂ 《ᠬᠠᠮᠳᠤᠷᠠᠨ ᠬᠢᠨᠠᠵᠤ ᠬᠠᠮᠳᠤᠷᠠᠨ ᠵᠥᠪᠰᠢᠶᠡᠷᠡᠬᠦ》᠂ 《ᠨᠢᠭᠡ ᠠᠵᠤ ᠠᠬᠤᠶ᠋ᠢᠯᠠᠯ᠎ᠳᠤ ᠨᠢᠭᠡ ᠲᠥᠷᠥ᠎ᠶᠢᠨ ᠪᠣᠳᠣᠯᠭ᠎ᠠ ᠬᠡᠷᠡᠭᠵᠢᠭᠦᠯᠬᠦ》 ᠵᠡᠷᠭᠡ ᠦᠢᠯᠡᠴᠢᠯᠡᠭᠡᠨ᠎ᠦ ᠲᠣᠭᠲᠠᠴᠠ᠎ᠳᠤ ᠲᠦᠰᠢᠭᠯᠡᠨ᠂ ᠥᠪᠥᠷ ᠮᠣᠩᠭᠣᠯ᠎ᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠶ᠋ᠢᠭᠤᠯᠤᠯᠲᠠ᠎ᠶᠢ ᠠᠰᠢᠭᠯᠠᠨ᠂ ᠠᠵᠤ ᠠᠬᠤᠢᠯᠠᠯ᠎ᠳᠤ ᠡᠯᠧᠮᠧᠨ᠋ᠲ᠎ᠦᠨ ᠪᠠᠲᠤᠯᠠᠭ᠎ᠠ᠂ ᠲᠦᠪ ᠭᠤᠤᠯᠴᠢ ᠪᠡᠷ ᠥᠷᠢᠰᠥᠯᠳᠦᠬᠦ ᠵᠡᠷᠭᠡ ᠲᠠᠯ᠎ᠠ᠎ᠶᠢᠨ ᠳᠡᠮᠵᠢᠯᠭᠡ ᠬᠠᠨᠭᠭᠠᠵᠤ᠂ ᠠᠵᠤ ᠠᠬᠤᠶ᠋ᠢᠯᠠᠯ᠎ᠢ ᠢᠳᠡᠪᠬᠢᠲᠡᠢ ᠰᠠᠨᠠᠭᠠᠴᠢᠯᠠᠭ᠎ᠠ᠎ᠡᠴᠡ᠎ᠪᠠᠨ ᠬᠠᠪᠰᠤᠷᠬᠤ ᠦᠢᠯᠡᠴᠢᠯᠡᠭᠡᠨ᠎ᠦ ᠰᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠦᠨ᠎ᠡ ᠁ ᠪᠦᠬᠦ᠌ ᠣᠷᠣᠨ᠎ᠤ ᠡᠯ᠎ᠡ ᠭᠠᠵᠠᠷ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶ᠋ᠢᠵᠢᠭᠰᠡᠨ ᠲᠡᠷᠢᠭᠦᠨ ᠵᠡᠷᠭᠡ᠎ᠶᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠬᠦᠴᠦᠯᠡᠨ ᠪᠤᠢ ᠪᠣᠯᠭᠠᠵᠤ᠂ ᠦᠪᠦᠷ ᠮᠤᠩᠭᠤᠯ ᠳ᠋ᠤ ᠢᠷᠡᠭᠰᠡᠨ ᠠᠵᠤ ᠠᠬᠤᠶ᠋ᠢᠯᠠᠯ ᠨᠢᠬᠡ ᠪᠦᠷᠢ᠎ᠵᠢ ᠴᠢᠳᠠᠬᠤ᠎ᠶᠢᠨ ᠬᠢᠷᠢ᠎ᠪᠡᠷ ᠵᠢᠡᠨ ᠤᠴᠢᠷ ᠶᠠᠪᠤᠳᠠᠯ ᠪᠦᠲᠦᠭᠡᠬᠦ᠌᠎ᠳᠦ ᠤᠷᠤᠭᠰᠢᠲᠠᠶ᠂ ᠪᠠᠯᠠ ᠣᠷᠣᠭᠤᠯᠬᠤ᠎ᠳᠤ ᠰᠠᠨᠠᠭ᠎ᠠ ᠠᠮᠤᠷ᠂ ᠡᠵᠡᠩᠨᠡᠯᠲᠡ ᠬᠢᠬᠦ᠎ᠳᠦ ᠲᠠᠭᠠᠯᠠᠮᠵᠢᠲᠠᠶ ᠪᠤᠯᠭᠠᠨ᠎ᠠ᠃

ᠨᠡᠭᠡᠭᠡᠯᠲᠡ᠎ᠶᠢᠨ ᠳᠤᠮᠳᠠ ᠬᠥᠭᠵᠢᠵᠦ᠍ ᠂ ᠬᠠᠮᠲᠤᠷᠠᠯᠴᠠᠬᠤ ᠲᠤᠮᠲᠠ ᠬᠠᠮᠲᠤ᠎ᠪᠠᠷ ᠠᠰᠢᠭ ᠬᠦᠷᠲᠡᠨ᠎ᠠ᠃ ᠥᠪᠥᠷ ᠮᠣᠩᠭᠣᠯ ᠪᠣᠯ ᠠᠵᠠ ᠲᠣᠬᠢᠶᠠᠯ᠎ᠢᠶᠠᠷ ᠪᠢᠯᠬᠠᠭᠰᠠᠨ᠂ ᠠᠮᠢᠵᠢᠷᠠᠯ᠎ᠤᠨ ᠬᠦᠴᠦᠨ᠎ᠢᠶᠡᠷ ᠪᠢᠯᠬᠠᠭᠰᠠᠨ᠂ ᠬᠦᠰᠡᠯ ᠡᠷᠡᠮᠡᠯᠵᠡᠯ᠎ᠢᠶᠡᠷ ᠪᠢᠯᠬᠠᠭᠰᠠᠨ ᠠᠵᠢᠯ ᠦᠢᠯᠡᠰ ᠵᠢᠡᠨ ᠮᠠᠨᠳᠤᠭᠤᠯᠬᠤ ᠥᠨᠳᠥᠷᠯᠢᠭ ᠪᠣᠯᠤᠨ᠎ᠠ᠃  ᠪᠢᠳᠡ ᠣᠷᠣᠨ᠎ᠤ ᠳᠣᠲᠣᠨ᠎ᠠ ᠭᠠᠳᠠᠨᠠᠬᠢ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠋ᠢᠯᠠᠯ ᠪᠣᠯᠤᠨ ᠠᠵᠤ ᠠᠬᠤᠶ᠋ᠢᠯᠠᠯᠲᠠᠳ᠎ᠤᠨ ᠴᠢᠨᠠᠷ ᠰᠠᠶ᠋ᠢᠲᠠᠢ ᠬᠥᠭᠵᠢᠯᠲᠡ᠎ᠶᠢᠨ ᠵᠠᠮ ᠳᠡᠭᠡᠷ᠎ᠡ ᠠᠳᠠᠯᠢ ᠴᠢᠭᠯᠡᠯ᠎ᠢᠶᠡᠷ ᠬᠦᠴᠦᠯᠡᠵᠦ᠍᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠵᠦ᠍᠂ ᠬᠠᠷᠢᠯᠴᠠᠨ ᠠᠮᠵᠢᠯᠳᠠ ᠪᠦᠲᠦᠮᠵᠢ ᠤᠯᠵᠤ᠂ ᠬᠠᠷᠢᠯᠴᠠᠨ ᠬᠦᠴᠦᠨ ᠤᠯᠭᠤᠵᠦ᠍᠂ ᠭᠠᠷ ᠬᠣᠯᠪᠣᠨ ᠰᠢᠨ᠎ᠡ ᠣᠷᠣᠨ ᠵᠠᠢ᠎ᠶᠢ ᠨᠡᠭᠡᠭᠡᠵᠦ᠍᠂ ᠰᠢᠨ᠎ᠠ ᠦᠢᠯᠡᠰ᠎ᠢ ᠴᠣᠭᠴᠠᠯᠠᠬᠤ᠎ᠶᠢ ᠬᠠᠯᠠᠭᠤᠨ᠎ᠢᠶᠠᠷ ᠤᠭᠲᠤᠵᠤ ᠪᠠᠶ᠋ᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号