ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠤᠨ ᠲᠠᠪᠠᠭᠤᠯᠢᠭ ᠲᠦ᠍ ᠲᠦᠰᠢᠭᠯᠡᠵᠤ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ ᠶ᠋ᠢᠨ ᠬᠥᠭᠵᠢᠯᠲᠡ ᠶ᠋ᠢᠨ ᠬᠦᠴᠦᠨ ᠢ᠋ ᠨᠢᠭᠲᠠᠷᠠᠭᠤᠯᠤᠨ᠎ᠠ
2026-07-15 10:37:20
ᠵᠣᠬᠢᠶᠠᠭ᠍ᠴᠢ᠄
ᠠᠨᠠᠷ
ᠣᠩᠱᠢᠭ᠍ᠰᠠᠨ ᠣᠳᠠᠭ᠎ᠠ᠄
★★★☆☆

— ᠪᠥᠬᠥ᠌ ᠤᠯᠤᠰ ᠤ᠋ᠨ ᠨᠠᠷᠠᠲᠤ᠌ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ᠋ᠢᠯᠠᠯ ᠥᠪᠥᠷ ᠮᠣᠩᠭᠣᠯ ᠤ᠋ᠨ ᠴᠢᠨᠠᠷ ᠰᠠᠶ᠋ᠢᠲᠠᠶ ᠬᠥᠭᠵᠢᠯᠲᠡ ᠳ᠋ᠤ ᠬᠦᠴᠦᠨ ᠨᠡᠮᠡᠷᠢᠯᠡᠬᠦ᠌ ᠶᠡᠬᠡ ᠬᠤᠷᠠᠯ ᠬᠤᠷᠠᠯᠳᠤᠬᠰᠠᠨ ᠲᠠᠰᠢᠷᠠᠮ ᠳ᠋ᠤ


7 ᠰᠠᠷ᠎ᠠ ᠶ᠋ᠢᠨ 14 ᠤ᠋ ᠡᠳᠦᠷ᠂ ᠪᠥᠬᠥ᠌ ᠤᠯᠤᠰ ᠤ᠋ᠨ ᠨᠠᠷᠠᠲᠤ᠌ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ᠋ᠢᠯᠠᠯ  ᠥᠪᠥᠷ ᠮᠣᠩᠭᠣᠯ ᠤ᠋ᠨ ᠴᠢᠨᠠᠷ ᠰᠠᠶ᠋ᠢᠲᠠᠶ ᠬᠥᠭᠵᠢᠯᠲᠡ ᠳ᠋ᠤ ᠬᠦᠴᠦᠨ ᠨᠡᠮᠡᠷᠢᠯᠡᠬᠦ᠌ ᠶᠡᠬᠡ ᠬᠤᠷᠠᠯ ᠬᠥᠬᠡᠬᠣᠲᠠ ᠳ᠋ᠤ ᠬᠤᠷᠠᠯᠳᠤᠵᠤ ᠡᠬᠢᠯᠡᠪᠠ! ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠰᠢᠯᠢᠳᠡᠭᠵᠢᠭᠦᠯᠬᠦ ᠪᠡᠷ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ ᠶ᠋ᠢᠨ ᠬᠦᠴᠦᠨ ᠢ᠋ ᠨᠢᠭᠲᠠᠷᠠᠭᠤᠯᠵᠤ᠂ ᠨᠡᠭᠡᠭᠡᠯᠲᠡ ᠬᠢᠵᠦ᠍ ᠬᠠᠮᠲᠤᠷᠠᠯᠴᠠᠬᠤ ᠪᠡᠷ ᠴᠢᠨᠠᠷ ᠰᠠᠶ᠋ᠢᠲᠠᠶ ᠬᠥᠭᠵᠢᠯᠲᠡ ᠶ᠋ᠢᠨ ᠰᠢᠨ᠎ᠡ ᠪᠠᠶ᠋ᠢᠳᠠᠯ ᠢ᠋ ᠰᠦᠪᠡᠭᠴᠢᠯᠡᠵᠦ᠍᠂ ᠥᠪᠥᠷ ᠮᠣᠩᠭᠣᠯ ᠡᠭᠦᠳᠡ ᠪᠠᠨ ᠨᠡᠭᠡᠭᠡᠵᠦ᠍᠂ ᠨᠠᠢ᠍ᠮᠠᠨ ᠵᠦᠭ ᠤ᠋ᠨ ᠵᠣᠴᠢᠳ ᠢ᠋ ᠤᠭᠲᠤᠨ ᠠᠪᠤᠯ᠎ᠠ᠃

2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ ᠶ᠋ᠢᠨ ᠵᠢᠯ ᠪᠣᠯᠤᠨ᠎ᠠ᠃ ᠡᠨᠡ ᠤᠳᠠᠭ᠎ᠠ ᠶ᠋ᠢᠨ ᠦᠪᠡᠳᠡᠭᠰᠢ ᠶᠡᠬᠡ ᠬᠤᠷᠠᠯ ᠥᠪᠥᠷ ᠮᠣᠩᠭᠣᠯ ᠳ᠋ᠤ ᠡᠬᠢᠯᠡᠭᠰᠡᠨ ᠨᠢ ᠪᠦᠬᠦ᠌ ᠤᠯᠤᠰ ᠤ᠋ᠨ ᠨᠡᠷᠡᠳᠦ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ᠋ᠢᠯᠠᠯ ᠤ᠋ᠨ ᠬᠦᠴᠦᠨ ᠢ᠋ ᠨᠢᠭᠲᠠᠷᠠᠭᠤᠯᠵᠤ᠂ ᠥᠪᠥᠷ ᠮᠣᠩᠭᠣᠯ ᠤ᠋ᠨ ᠴᠢᠨᠠᠷ ᠰᠠᠶ᠋ᠢᠲᠠᠢ ᠬᠥᠭᠵᠢᠯᠲᠡ ᠳ᠋ᠤ ᠰᠢᠨ᠎ᠡ ᠠᠤᠭ᠎ᠠ ᠬᠦᠴᠦᠲᠡᠢ ᠬᠥᠳᠡᠯᠭᠡᠬᠦ᠌ ᠡᠨᠧᠷᠭᠢ ᠨᠡᠮᠡᠷᠢᠯᠡᠬᠦ᠌ ᠪᠣᠯᠤᠨ᠎ᠠ᠃

ᠲᠤᠭ᠎ᠠ ᠬᠡᠮᠵᠢᠶ᠎ᠡ ᠪᠠ ᠶᠠᠰᠤ ᠴᠢᠨᠠᠷ ᠵᠡᠷᠭᠡ ᠪᠡᠷ ᠳᠡᠭᠡᠭᠰᠢᠯᠡᠵᠦ᠂ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ ᠴᠢᠨᠠᠷ ᠰᠠᠶ᠋ᠢᠲᠠᠶ ᠬᠥᠭᠵᠢᠯᠲᠡ ᠶ᠋ᠢᠨ ᠲᠤᠯᠭᠠᠭᠤᠷᠢ ᠬᠦᠴᠦᠨ ᠪᠣᠯᠪᠠ

ᠣᠳᠣᠬᠠᠨ ᠳ᠋ᠤ ᠦᠪᠦᠷ ᠮᠤᠨᠭᠭᠤᠯ ᠳ᠋ᠤ 280 ᠭᠠᠷᠤᠢ ᠲᠦᠮᠡᠨ ᠡᠷᠦᠬᠡ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠢ ᠶ᠋ᠢᠨ ᠡᠵᠡᠩᠨᠡᠯᠲᠡ ᠶ᠋ᠢᠨ ᠭᠣᠣᠯ ᠴᠣᠭᠴᠠ ᠪᠠᠢᠵᠤ᠂ ᠦᠪᠦᠷ ᠮᠤᠨᠭᠭᠤᠯ ᠤ᠋ᠨ ᠠᠷᠠᠳ ᠤ᠋ᠨ ᠪᠡᠯᠡ ᠣᠷᠣᠭᠤᠯᠤᠯᠲᠠ ᠶ᠋ᠢᠨ ᠲᠣᠭᠲᠠᠮᠠᠯ ᠬᠥᠷᠥᠩᠭᠡ ᠶ᠋ᠢᠨ ᠪᠡᠯᠡ ᠣᠷᠣᠭᠤᠯᠤᠯᠲᠠ ᠳ᠋ᠡᠬᠢ ᠡᠵᠡᠯᠡᠬᠦ᠌ ᠬᠤᠪᠢ ᠶ᠋ᠢᠨ ᠵᠢᠩ ᠪᠠ ᠬᠡᠪᠴᠢᠶᠡᠵᠢᠯ ᠡᠴᠡ ᠳᠡᠭᠡᠭᠰᠢᠬᠢ ᠠᠵᠤ ᠦᠢᠯᠡᠳᠪᠦᠷᠢ ᠶ᠋ᠢᠨ ᠠᠵᠤ ᠠᠬᠤᠶ᠋ᠢᠯᠠᠯ ᠤ᠋ᠨ ᠬᠤᠪᠢ ᠨᠡᠮᠡᠷᠢ ᠶ᠋ᠢᠨ ᠨᠣᠷᠮ᠎ᠠ ᠴᠥᠮ 50% ᠵᠢ ᠳᠠᠪᠠᠪᠠ; GDP ᠪᠣᠯᠤᠨ ᠭᠠᠶ᠋ᠢᠯᠢ ᠲᠠᠲᠠᠪᠤᠷᠢ ᠶ᠋ᠢᠨ ᠬᠤᠪᠢ ᠨᠡᠮᠡᠷᠢ 60% ᠣᠷᠴᠢᠮ ᠳ᠋ᠤ ᠲᠣᠭᠲᠠᠪᠤᠷᠢᠵᠢᠪᠠ; ᠠᠷᠠᠳ ᠤ᠋ᠨ ᠡᠵᠡᠨᠭᠨᠡᠯᠲᠡ ᠶ᠋ᠢᠨ ᠠᠵᠤ ᠠᠬᠤᠢ ᠶ᠋ᠢᠨ ᠡᠵᠡᠩᠨᠡᠯᠲᠡ ᠶ᠋ᠢᠨ ᠭᠣᠣᠯ ᠴᠣᠭᠴᠠ ᠪᠠ ᠰᠢᠨ᠎ᠡ ᠪᠡᠷ ᠨᠡᠮᠡᠭᠳᠡᠭᠰᠡᠨ ᠬᠣᠲᠠ ᠪᠠᠯᠭᠠᠰᠤ ᠶ᠋ᠢᠨ ᠠᠵᠢᠯ ᠣᠯᠭᠣᠯᠲᠠ ᠶ᠋ᠢᠨ ᠡᠵᠡᠯᠡᠬᠦ᠌ ᠬᠠᠷᠢᠴᠠᠯ 90% ᠡᠴᠡ ᠳᠡᠭᠡᠭᠰᠢ ᠳ᠋ᠤ ᠲᠣᠭᠲᠠᠪᠤᠷᠢᠵᠢᠪᠠ᠃

《ᠥᠪᠥᠷ ᠮᠣᠩᠭᠣᠯ ᠤ᠋ᠨ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ ᠣᠲᠣ ᠨᠢᠭᠡᠨᠲᠡ ᠪᠥᠬᠥ᠌ ᠣᠷᠣᠨ ᠤ᠋ ᠠᠵᠤ ᠠᠬᠤᠶ ᠶ᠋ᠢᠨ ᠬᠥᠭᠵᠢᠶᠡᠨᠲᠦ᠍ ᠬᠡᠮᠵᠢᠶ᠎ᠡ ᠪᠡᠷ ᠬᠠᠮᠤᠭ ᠤ᠋ᠨ ᠥᠨᠳᠥᠷ᠂ ᠨᠡᠮᠡᠭᠳᠡᠯ ᠤ᠋ᠨ ᠴᠢᠨᠠᠷ ᠢ᠋ᠶ᠋ᠡᠷ ᠬᠠᠮᠤᠭ ᠤ᠋ᠨ ᠴᠢᠩᠭ᠎ᠠ ᠴᠢᠬᠤᠯᠠ ᠬᠦᠴᠦᠨ ᠵᠢᠴᠢ ᠨᠡᠮᠡᠭᠳᠡᠯ ᠢ᠋ ᠲᠣᠭᠲᠠᠪᠤᠷᠢᠵᠢᠭᠤᠯᠬᠤ᠂ ᠰᠢᠨ᠎ᠡ ᠵᠢ ᠡᠭᠦᠳᠬᠦ᠌ ᠵᠢ ᠠᠬᠢᠭᠤᠯᠬᠤ᠂ ᠠᠵᠢᠯ ᠣᠯᠭᠣᠯᠲᠠ ᠵᠢ ᠨᠡᠮᠡᠭᠳᠡᠭᠦᠯᠬᠦ᠌᠂ ᠠᠷᠠᠳ ᠤ᠋ᠨ ᠠᠮᠢᠳᠤᠷᠠᠯ ᠢ᠋ ᠰᠠᠶ᠋ᠢᠵᠢᠷᠠᠭᠤᠯᠬᠤ ᠪᠠᠲᠤ᠌ ᠴᠢᠩᠭ᠎ᠠ ᠲᠤᠯᠭᠠᠭᠤᠷᠢᠯᠠᠯ ᠪᠣᠯᠵᠠᠶ》 ᠭᠡᠵᠦ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠦᠢᠯᠡᠳᠪᠦᠷᠢ ᠬᠤᠳᠠᠯᠳᠤᠭᠠᠨ ᠤ᠋ ᠬᠣᠯᠪᠣᠭ᠎ᠠ ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠲᠠᠨᠢᠯᠴᠠᠭᠤᠯᠵᠤ ᠭᠠᠷᠤᠯ᠎ᠠ᠃

ᠥᠪᠥᠷ ᠮᠣᠩᠭᠣᠯ ᠡᠭᠡ ᠤᠯᠤᠰ ᠤ᠋ᠨ ᠤᠮᠠᠷᠠᠲᠤ᠌ ᠳ᠋ᠤ ᠪᠠᠶ᠋ᠢᠷᠢᠯᠠᠵᠤ᠂ ᠣᠷᠣᠨ ᠪᠠᠶ᠋ᠢᠷᠢ ᠶ᠋ᠢᠨ ᠳᠠᠪᠠᠭᠤᠯᠢᠭ ᠣᠨᠴᠠᠭᠠᠢ᠂ ᠡᠬᠢ ᠪᠠᠶᠠᠯᠢᠭ ᠡᠨᠧᠷᠭᠢ ᠡᠯᠪᠡᠭ ᠪᠠᠶᠠᠯᠢᠭ᠂ ᠠᠵᠤ ᠦᠢᠯᠡᠰ ᠤ᠋ᠨ ᠰᠠᠭᠤᠷᠢ ᠰᠠᠢ᠌ᠨ ᠪᠠᠶ᠋ᠢᠳᠠᠭ᠃ ᠣᠶ᠋ᠢᠷ᠎ᠠ ᠶ᠋ᠢᠨ ᠵᠢᠯ ᠡᠴᠡ  ᠥᠪᠥᠷ ᠮᠣᠩᠭᠣᠯ 《ᠬᠣᠶᠠᠷ ᠬᠠᠯᠬᠠᠪᠴᠢ》 《ᠬᠣᠶᠠᠷ ᠰᠠᠭᠤᠷᠢᠨ》 《ᠨᠢᠭᠡ ᠪᠡᠬᠢᠯᠡᠯᠲᠡ》 ᠶ᠋ᠢᠨ ᠪᠠᠶ᠋ᠢᠯᠳᠤᠬᠤ ᠪᠣᠳᠣᠯᠭ᠎ᠠ ᠶ᠋ᠢᠨ ᠪᠠᠶ᠋ᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠳ᠋ᠡᠭᠠᠨ ᠰᠠᠭᠤᠷᠢᠯᠠᠨ ᠣᠲᠣ ᠦᠶ᠎ᠡ ᠶ᠋ᠢᠨ ᠡᠨᠧᠷᠭᠢ ᠶ᠋ᠢᠨ ᠠᠵᠤ ᠠᠬᠤᠶ ᠵᠢ ᠶᠡᠬᠡ ᠪᠡᠷ ᠬᠥᠭᠵᠢᠭᠦᠯᠵᠦ᠍᠂ ᠰᠢᠨ᠎ᠡ ᠡᠨᠧᠷᠭᠢ ᠶ᠋ᠢᠨ ᠮᠠᠰᠢᠨ ᠴᠣᠭᠴᠠᠯᠠᠪᠤᠷᠢ ᠶ᠋ᠢᠨ ᠬᠡᠪᠴᠢᠶ᠎ᠡ 1.7 ᠳ᠋ᠦᠩᠰᠢᠭᠤᠷ ᠺᠢᠯᠦᠸᠠᠲ ᠢ᠋ ᠳᠠᠪᠠᠪᠠ; ᠥᠪᠥᠷ ᠮᠣᠩᠭᠣᠯ ᠨᠢᠭᠡ ᠪᠦᠯᠦᠭ ᠪᠣᠬᠢᠷᠲᠤᠯ ᠥᠬᠡᠶ ᠲᠤᠤᠷ᠎ᠠ ᠨᠡᠭᠦᠷᠡᠰᠦᠲᠥᠶ᠋ᠷᠥᠭᠴᠢᠲᠦ᠍ ᠣᠲᠣ ᠦᠶ᠎ᠡ ᠶ᠋ᠢᠨ ᠨᠡᠭᠦᠷᠡᠰᠦ ᠬᠢᠮᠢ ᠶ᠋ᠢᠨ ᠠᠵᠤ ᠦᠢᠯᠡᠳᠪᠦᠷᠢ ᠶ᠋ᠢᠨ ᠲᠥᠷᠥᠯ ᠵᠦᠢᠯ ᠢ᠋ ᠡᠮᠬᠢ ᠵᠢᠷᠤᠮ ᠲᠠᠢ ᠪᠠᠷ ᠠᠬᠢᠭᠤᠯᠵᠤ᠂ ᠨᠡᠭᠦᠷᠡᠰᠦ ᠪᠡᠷ ᠬᠡᠶ ᠦᠢᠯᠡᠳᠬᠦ᠂ ᠨᠡᠭᠦᠷᠡᠰᠦ ᠪᠡᠷ ᠠᠯᠺᠧᠨ ᠦᠢᠯᠡᠳᠬᠦ ᠦᠢᠯᠡᠳᠪᠦᠷᠢᠯᠡᠯ ᠤ᠋ᠨ ᠴᠢᠳᠠᠪᠤᠷᠢ ᠪᠥᠬᠥ᠌ ᠤᠯᠤᠰ ᠲᠦ᠍ ᠲᠦᠷᠦᠬᠦᠯᠡᠪᠠ; ᠥᠪᠥᠷ ᠮᠣᠩᠭᠣᠯ ᠤ᠋ᠨ ᠦᠨᠢᠶᠡᠨ ᠰᠦ᠋᠂ ᠬᠣᠨᠢᠨ ᠮᠢᠬ᠎ᠠ᠂ ᠦᠬᠡᠷ ᠤ᠋ᠨ ᠮᠢᠬᠠᠨ ᠤ᠋ ᠭᠠᠷᠤᠯᠲᠠ ᠤᠯᠠᠨ ᠵᠢᠯ ᠳᠠᠷᠠᠭᠠᠯᠠᠨ ᠯᠠᠪᠳᠠᠭᠤᠨ ᠲᠤᠭᠳᠠᠭᠤᠨ ᠵᠢᠡᠷ ᠪᠦᠬᠦ ᠤᠯᠤᠰ ᠤ᠋ᠨ ᠲᠦᠷᠦᠬᠦᠨ ᠳ᠋ᠤ ᠵᠢᠭᠰᠠᠬᠤ ᠪᠤᠯᠵᠠᠢ᠃

ᠥᠪᠥᠷ ᠮᠣᠩᠭᠣᠯ ᠤ᠋ᠨ ᠠᠷᠠᠳ ᠤ᠋ᠨ ᠡᠵᠡᠨᠭᠨᠡᠯᠲᠡ ᠶ᠋ᠢᠨ ᠠᠵᠤ ᠠᠬᠤᠶ᠋ᠢᠯᠠᠯ 《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠥᠲᠥᠭᠡᠨ ᠪᠠᠶ᠋ᠢᠭᠤᠯᠬᠤ ᠪᠠ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠶ᠋ᠢᠨ ᠬᠣᠩᠭᠢᠯ ᠤ᠋ᠨ ᠪᠥᠲᠥᠭᠡᠨ ᠪᠠᠶ᠋ᠢᠭᠤᠯᠤᠯᠲᠠ ᠳ᠋ᠤ ᠢᠳᠡᠪᠬᠢᠲᠡᠶ ᠣᠷᠣᠯᠴᠠᠵᠤ᠂ ᠦᠢᠯᠡᠳᠬᠦᠨ ᠵᠢᠡᠨ ᠭᠠᠳᠠᠭᠠᠳᠤ ᠳ᠋ᠤ ᠭᠠᠷᠭᠠᠬᠤ᠂ ᠬᠢᠯᠢ ᠶ᠋ᠢᠨ ᠭᠠᠳᠠᠨ᠎ᠠ ᠪᠠᠯᠠ ᠣᠷᠣᠭᠤᠯᠬᠤ᠂ ᠪᠣᠭᠣᠮᠲᠠ ᠳ᠋ᠤ ᠰᠠᠭᠤᠷᠢᠰᠢᠭᠤᠯᠤᠨ ᠡᠳ᠋ᠰᠢᠭᠦᠯᠬᠦ᠌ ᠪᠠ ᠬᠢᠯᠢ ᠠᠯᠤᠰᠯᠠᠭᠰᠠᠨ ᠪᠠᠷᠠᠭᠠᠨ ᠤ᠋ ᠭᠦᠢᠯᠭᠡᠭᠡᠨ᠎ᠦ ᠦᠢᠯᠡᠴᠢᠯᠡᠭᠡ ᠵᠡᠷᠭᠡ ᠣᠯᠠᠨ ᠵᠦᠢᠯ ᠤ᠋ᠨ ᠬᠡᠯᠪᠡᠷᠢ ᠪᠡᠷ ᠳᠠᠮᠵᠢᠨ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠤ ᠭᠠᠷᠭᠠᠭᠰᠠᠨ ᠬᠡᠮᠵᠢᠶ᠎ᠡ ᠪᠥᠬᠥ᠌ ᠣᠷᠣᠨ ᠤ᠋ ᠭᠠᠳᠠᠭᠠᠳᠤ ᠠᠷᠠᠯᠵᠢᠶᠠᠨ ᠤ᠋ 80% ᠣᠷᠴᠢᠮ ᠢ᠋ ᠡᠵᠡᠯᠡᠵᠦ᠂ ᠠᠵᠤ ᠠᠬᠤᠶ᠋ᠢᠯᠠᠯ ᠤ᠋ᠨ ᠲᠣᠭ᠎ᠠ ᠬᠡᠮᠵᠢᠶ᠎ᠡ ᠶ᠋ᠢᠨ ᠡᠵᠡᠯᠡᠬᠦ᠌ ᠬᠠᠷᠢᠴᠠᠯ ᠨᠢ 97% ᠵᠢ ᠳᠠᠪᠠᠪᠠ᠃ ᠥᠪᠥᠷ ᠮᠣᠩᠭᠣᠯ ᠤ᠋ᠨ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ᠋ᠢᠯᠠᠯ ᠪᠠᠰᠠ ᠮᠡᠷᠭᠡᠵᠢᠯ ᠤ᠋ᠨ ᠰᠢᠪᠲᠤᠯᠤᠯᠲᠠ ᠪᠡᠷ ᠭᠠᠷᠳᠠᠴᠠ ᠪᠣᠯᠭᠠᠵᠤ᠂ ᠰᠦ ᠶ᠋ᠢᠨ ᠦᠢᠯᠡᠰ᠂ ᠠᠮᠢᠳᠤ ᠪᠣᠳᠠᠰ ᠤ᠋ᠨ ᠦᠢᠯᠡᠳᠬᠡᠯ᠂ ᠠᠮᠢ ᠠᠬᠤᠢ ᠵᠢ ᠵᠠᠰᠠᠨ ᠰᠡᠷᠭᠦᠭᠡᠬᠦ᠌ ᠵᠡᠷᠭᠡ ᠲᠠᠯ᠎ᠠ ᠪᠠᠷ ᠰᠢᠨ᠎ᠡ ᠵᠢ ᠡᠭᠦᠳᠬᠦ᠌ ᠬᠤᠷᠳᠤᠴᠠ ᠵᠢ ᠲᠦᠷᠭᠡᠳᠬᠡᠪᠡ᠃

ᠶᠡᠷᠦᠩᠬᠡᠶ ᠬᠡᠮᠵᠢᠶ᠎ᠡ ᠲᠣᠭᠲᠠᠭᠤᠨ ᠢ᠋ᠶ᠋ᠡᠷ ᠨᠡᠮᠡᠭᠳᠡᠭᠰᠡᠨ ᠮᠥᠷᠲᠡᠭᠡᠨ ᠪᠠᠰᠠ ᠶᠠᠰᠤ ᠴᠢᠨᠠᠷ ᠰᠢᠪᠲᠤᠯᠤᠯᠲᠠ ᠶ᠋ᠢᠨ ᠴᠢᠨᠠᠷᠲᠠᠶ ᠳᠡᠭᠡᠭᠰᠢᠯᠡᠯᠲᠡ ᠲᠠᠢ ᠪᠣᠯᠵᠣ᠂ ᠥᠪᠥᠷ ᠮᠣᠩᠭᠣᠯ ᠤ᠋ᠨ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ ᠴᠢᠨᠠᠷ ᠰᠠᠶ᠋ᠢᠲᠠᠶ ᠬᠥᠭᠵᠢᠯᠲᠡ ᠶ᠋ᠢᠨ ᠬᠠᠲᠠᠭᠤ ᠴᠢᠩᠭ᠎ᠠ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠪᠡ᠃ 

ᠦᠢᠯᠡᠴᠢᠯᠡᠭᠡ ᠪᠠᠨ ᠰᠢᠯᠢᠳᠡᠭᠵᠢᠭᠦᠯᠵᠦ᠂ ᠰᠠᠢᠨ ᠰᠠᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ᠶ᠋ᠡᠷ ᠬᠥᠭᠵᠢᠯᠲᠡ ᠶ᠋ᠢᠨ ᠰᠠᠭᠤᠷᠢ ᠵᠢ ᠴᠣᠭᠴᠠᠯᠠᠨ ᠪᠠᠶ᠋ᠢᠭᠤᠯᠪᠠ

ᠬᠡᠷᠬᠢᠨ ᠥᠷᠭᠡᠨ ᠣᠯᠠᠨ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ᠋ᠢᠯᠠᠯ ᠢ᠋ ᠥᠪᠥᠷ ᠮᠣᠩᠭᠣᠯ ᠳ᠋ᠤ ᠰᠠᠨᠠᠭ᠎ᠠ ᠠᠮᠤᠷ ᠡᠵᠡᠩᠨᠡᠭᠦᠯᠵᠦ᠍᠂ ᠰᠠᠨᠠᠭ᠎ᠠ ᠠᠮᠤᠷ ᠪᠠᠯᠠ ᠣᠷᠣᠭᠤᠯᠵᠤ᠂ ᠨᠢᠭᠡ ᠰᠡᠳᠬᠢᠯ ᠨᠢᠭᠡ ᠵᠤᠷᠢᠭ ᠢ᠋ᠶ᠋ᠡᠷ ᠬᠥᠭᠵᠢᠭᠦᠯᠬᠦ᠌ ᠪᠣᠶ?

2026 ᠣᠨ ᠤ᠋ 1 ᠰᠠᠷ᠎ᠠ ᠶ᠋ᠢᠨ 1 ᠤ᠋ ᠡᠳᠦᠷ ᠡᠴᠡ ᠡᠬᠢᠯᠡᠨ ᠵᠢᠩᠬᠢᠨᠢ ᠪᠡᠷ ᠬᠡᠷᠡᠭᠵᠢᠭᠦᠯᠦᠭᠰᠡᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ ᠶ᠋ᠢᠨ ᠬᠥᠭᠵᠢᠯᠲᠡ ᠵᠢ ᠠᠬᠢᠭᠤᠯᠬᠤ ᠲᠦᠷᠢᠮ》᠎ᠨᠢ ᠬᠠᠤᠯᠢ ᠲᠣᠭᠲᠠᠭᠠᠬᠤ ᠳᠠᠪᠬᠤᠷᠭ᠎ᠠ ᠡᠴᠡ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ᠋ᠢᠯᠠᠯ ᠢ᠋ ᠭᠠᠴᠢᠭᠳᠠᠭᠤᠯᠵᠤ ᠪᠠᠶ᠋ᠢᠭ᠎ᠠ ᠳᠠᠯᠳᠠ ᠪᠡᠬᠢᠯᠡᠯᠲᠡ ᠵᠢ ᠡᠪᠳᠡᠵᠦ᠍᠂ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ ᠶ᠋ᠢᠨ ᠬᠥᠭᠵᠢᠯᠲᠡ ᠶ᠋ᠢᠨ ᠣᠷᠴᠢᠨ ᠲᠣᠭᠣᠷᠢᠨ ᠢ᠋ ᠤᠯᠠᠮ ᠴᠢᠨᠠᠭᠰᠢᠳᠠ ᠰᠢᠯᠢᠳᠡᠭᠵᠢᠭᠦᠯᠵᠦ᠍᠂ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ ᠶ᠋ᠢᠨ ᠡᠷᠡᠭᠦᠯ ᠢ᠋ᠶ᠋ᠡᠷ ᠬᠥᠭᠵᠢᠬᠦ᠌᠂ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ ᠶ᠋ᠢᠨ ᠬᠥᠮᠦᠰ ᠤ᠋ᠨ ᠡᠷᠡᠭᠦᠯ ᠢ᠋ᠶ᠋ᠡᠷ ᠦᠰᠦᠨ ᠪᠣᠶ᠋ᠢᠵᠢᠬᠤ ᠵᠢ ᠠᠬᠢᠭᠤᠯᠪᠠ᠃

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ 2026 ᠣᠨ ᠢ᠋ ᠪᠥᠬᠥ᠌ ᠣᠷᠣᠨ ᠤ᠋ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠬᠦ᠌ ᠣᠨ》 ᠪᠣᠯᠭᠠᠵᠤ᠂ 《ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ》 《ᠬᠠᠮᠲᠤᠷᠠᠨ ᠬᠢᠨᠠᠵᠤ ᠬᠠᠮᠲᠤᠷᠠᠨ ᠬᠢᠨᠠᠨ ᠵᠥᠪᠰᠢᠶᠡᠷᠡᠬᠦ᠌》 《ᠨᠢᠭᠡ ᠠᠵᠤ ᠠᠬᠤᠶ᠋ᠢᠯᠠᠯ ᠳ᠋ᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ᠌》 ᠵᠡᠷᠭᠡ ᠦᠢᠯᠡᠴᠢᠯᠡᠭᠡᠨ᠎ᠦ ᠲᠣᠭᠲᠠᠴᠠ ᠳ᠋ᠤ ᠲᠦᠰᠢᠭᠯᠡᠨ᠂ ᠠᠵᠤ ᠠᠬᠤᠶ᠋ᠢᠯᠠᠯ ᠳ᠋ᠤ ᠡᠯᠧᠮᠧᠨ᠋ᠲ ᠤ᠋ᠨ ᠪᠠᠲᠤᠯᠠᠭ᠎ᠠ᠂ ᠭᠤᠤᠯᠴᠢ ᠥᠷᠢᠰᠥᠯᠳᠦᠭᠡᠨ᠂ ᠲᠠᠩᠰᠠᠨ ᠤ᠋ ᠵᠣᠭᠣᠰ ᠢ᠋ ᠪᠡᠯᠡᠨ ᠵᠣᠭᠣᠰ ᠪᠣᠯᠭᠠᠬᠤ ᠵᠡᠷᠭᠡ ᠲᠠᠯ᠎ᠠ ᠶ᠋ᠢᠨ ᠳᠡᠮᠵᠢᠯᠭᠡ ᠬᠠᠩᠭᠠᠵᠤ᠂ ᠢᠳᠡᠪᠬᠢᠲᠡᠶ ᠪᠡᠷ ᠰᠠᠨᠠᠭᠠᠴᠢᠯᠠᠭ᠎ᠠ ᠡᠴᠡ ᠪᠠᠨ ᠠᠵᠤ ᠠᠬᠤᠶ᠋ᠢᠯᠠᠯ ᠳ᠋ᠤ ᠬᠠᠪᠰᠤᠷᠬᠤ ᠦᠢᠯᠡᠴᠢᠯᠡᠭᠡᠨ᠎ᠦ ᠰᠢᠰᠲ᠋ᠧᠮ ᠢ᠋ ᠦᠷᠭᠦᠯᠵᠢᠯᠡᠨ ᠲᠡᠭᠦᠯᠳᠡᠷᠵᠢᠭᠦᠯᠪᠡ᠃

ᠵᠠᠬ᠎ᠠ ᠳᠡᠯᠭᠡᠭᠦᠷᠴᠢᠯᠡᠬᠦ᠌᠂ ᠬᠠᠤᠯᠢᠵᠢᠭᠤᠯᠬᠤ᠂ ᠳᠡᠯᠡᠬᠡᠶ᠋ᠢᠴᠢᠯᠡᠬᠦ᠌ ᠭᠤᠷᠪᠠᠨ ᠲᠠᠯ᠎ᠠ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠲᠡᠷᠢᠭᠦᠨ᠎ᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠲᠦᠷᠭᠡᠪᠴᠢᠯᠡᠨ ᠪᠣᠶ ᠪᠣᠯᠭᠠᠬᠤ ᠬᠡᠷᠡᠭᠵᠢᠭᠦᠯᠬᠦ᠌ ᠲᠥᠰᠦᠯ》 ᠢ᠋ ᠨᠡᠶ᠋ᠢᠲᠡᠯᠡᠵᠦ᠍᠂ 34 ᠵᠦᠢᠯ ᠤ᠋ᠨ ᠠᠷᠭ᠎ᠠ ᠬᠡᠮᠵᠢᠶ᠎ᠡ ᠳᠤᠷᠠᠳᠴᠤ᠌᠂ ᠣᠳᠣᠬᠠᠨ ᠤ᠋ ᠲᠣᠪᠣᠶ᠋ᠢᠮ᠎ᠠ ᠠᠰᠠᠭᠤᠳᠠᠯ ᠢ᠋ ᠰᠢᠢᠳᠪᠦᠷᠢᠯᠡᠬᠦ ᠪᠠ ᠣᠷᠳᠣ ᠬᠤᠭᠤᠴᠠᠭᠠᠨ ᠤ᠋ ᠪᠦᠲᠦᠮᠵᠢᠲᠡᠶ ᠲᠣᠭᠲᠠᠴᠠ ᠵᠢ ᠪᠠᠶ᠋ᠢᠭᠤᠯᠬᠤ ᠵᠢ ᠤᠶᠠᠯᠳᠤᠭᠤᠯᠵᠤ᠂ ᠲᠦᠷᠢᠮ ᠤ᠋ᠨ ᠴᠢᠨᠠᠷᠲᠠᠶ ᠥᠭᠡᠷᠡᠴᠢᠯᠡᠯᠲᠡ ᠵᠢ ᠬᠦᠴᠦᠯᠡᠨ ᠠᠬᠢᠭᠤᠯᠪᠠ᠃

ᠡᠨᠡ ᠵᠢᠯ᠂ ᠥᠪᠥᠷ ᠮᠣᠩᠭᠣᠯ ᠪᠥᠬᠥ᠌ ᠵᠢᠯ ᠳ᠋ᠤ 500 ᠳ᠋ᠦᠩᠰᠢᠭᠤᠷ ᠲᠥᠭᠥᠷᠢᠭ ᠤ᠋ᠨ ᠲᠥᠷᠥ ᠶ᠋ᠢᠨ ᠪᠣᠳᠣᠯᠭ᠎ᠠ ᠶ᠋ᠢᠨ ᠴᠢᠨᠠᠷᠲᠠᠶ ᠳᠠᠬᠢᠨ ᠵᠢᠭᠡᠯᠡᠯᠭᠡ ᠶ᠋ᠢᠨ ᠬᠡᠮᠵᠢᠶ᠎ᠡ ᠵᠢ ᠨᠢᠭᠡᠳᠦᠯᠲᠡᠶ ᠲᠥᠯᠥᠪᠵᠢᠭᠦᠯᠵᠦ᠂ ᠡᠭᠦᠨ ᠳ᠋ᠤ ᠠᠷᠠᠳ ᠤ᠋ᠨ ᠡᠵᠡᠨᠭᠨᠡᠯᠲᠡ ᠶ᠋ᠢᠨ ᠠᠵᠤ ᠠᠬᠤᠢᠯᠠᠯ ᠳ᠋ᠤ 90 ᠳ᠋ᠦᠩᠰᠢᠭᠤᠷ ᠲᠥᠭᠥᠷᠢᠭ ᠤ᠋ᠨ ᠳᠠᠬᠢᠨ ᠵᠢᠭᠡᠯᠡᠯᠭᠡ ᠲᠣᠬᠢᠷᠠᠭᠤᠯᠵᠤ᠂ ᠰᠢᠨ᠎ᠡ ᠡᠨᠧᠷᠭᠢ᠂ ᠣᠲᠣ ᠦᠶ᠎ᠡ ᠶ᠋ᠢᠨ ᠮᠠᠯ ᠠᠵᠤ ᠠᠬᠤᠶ ᠲᠠᠷᠢᠶᠠᠯᠠᠩ᠂ ᠲᠤᠰᠬᠠᠢᠵᠢᠬᠰᠠᠨ ᠨᠠᠷᠢᠯᠢᠬᠵᠢᠬᠰᠠᠨ ᠤᠨᠴᠠᠯᠢᠬᠲᠤ ᠰᠢᠨ᠎ᠠ ᠳᠤᠮᠳᠠ ᠪᠠᠭ᠎ᠠ ᠵᠢᠵᠢᠭ ᠠᠵᠤ ᠠᠬᠤᠶ᠋ᠢᠯᠠᠯ ᠳ᠋ᠤ ᠬᠠᠨᠳᠤᠯᠭ᠎ᠠ ᠲᠠᠢ ᠪᠡᠷ ᠪᠠᠯᠠ ᠣᠷᠣᠭᠤᠯᠪᠠ᠃

ᠲᠠᠰᠤᠷᠠᠯᠲᠠ ᠦᠭᠡᠢ ᠰᠢᠯᠢᠳᠡᠭᠵᠢᠭᠦᠯᠵᠦ ᠪᠠᠢᠭ᠎ᠠ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠨᠢ ᠪᠦᠬᠦ᠌ ᠤᠯᠤᠰ ᠤ᠋ᠨ ᠠᠵᠤ ᠠᠬᠤᠶ᠋ᠢᠯᠠᠯ ᠤ᠋ᠨ ᠦᠪᠦᠷ ᠮᠤᠨᠭᠭᠤᠯ ᠳ᠋ᠤ ᠪᠡᠯᠡ ᠣᠷᠣᠭᠤᠯᠬᠤ ᠳ᠋ᠤ ᠪᠠᠲᠤᠯᠠᠭ᠎ᠠ ᠪᠤᠯᠵᠤ ᠪᠠᠶ᠋ᠢᠨ᠎ᠠ ; ᠰᠢᠨ᠎ᠡ ᠡᠨᠧᠷᠭᠢ᠂ ᠬᠣᠪᠣᠷ ᠰᠢᠷᠣᠶ᠂ ᠮᠠᠯ ᠠᠵᠤ ᠠᠬᠤᠶ ᠲᠠᠷᠢᠶᠠᠯᠠᠩ ᠵᠡᠷᠭᠡ ᠳᠠᠪᠠᠭᠤᠯᠢᠭ ᠠᠵᠤ ᠦᠢᠯᠡᠰ ᠨᠢ ᠪᠥᠬᠥ᠌ ᠤᠯᠤᠰ ᠤ᠋ᠨ ᠠᠵᠤ ᠠᠬᠤᠶ᠋ᠢᠯᠠᠯ ᠳ᠋ᠤ ᠴᠢᠩ ᠰᠡᠳᠬᠢᠯ ᠤ᠋ᠨ ᠤᠷᠢᠯᠭ᠎ᠠ ᠲᠠᠯᠪᠢᠵᠤ᠂ ᠠᠵᠤ ᠦᠢᠯᠡᠰ ᠤ᠋ᠨ ᠰᠢᠨ᠎ᠡ ᠪᠠᠶ᠋ᠢᠳᠠᠯ ᠢ᠋ ᠬᠠᠮᠲᠤ ᠪᠡᠷ ᠴᠣᠭᠴᠠᠯᠠᠵᠤ ᠪᠠᠶ᠋ᠢᠨ᠎ᠠ᠃

ᠰᠣᠯᠢᠯᠴᠠᠭ᠎ᠠ ᠵᠣᠯᠭᠠᠯᠴᠠᠭ᠎ᠠ ᠦᠷᠨᠢᠬᠦᠯᠵᠤ᠂ ᠠᠵᠤ ᠠᠬᠤᠶ ᠠᠷᠠᠯᠵᠢᠶᠠᠨ ᠤ᠋ ᠵᠥᠪᠳᠡᠯᠴᠡᠭᠡ ᠬᠢᠵᠤ᠂ ᠪᠠᠯᠠ ᠣᠷᠣᠭᠤᠯᠤᠯᠲᠠ ᠶ᠋ᠢᠨ ᠬᠠᠮᠲᠤᠷᠠᠯᠴᠠᠭ᠎ᠠ ᠶᠠᠪᠤᠭᠤᠯᠵᠤ᠂ ᠪᠥᠬᠥ᠌ ᠤᠯᠤᠰ ᠤ᠋ᠨ ᠨᠠᠷᠠᠲᠤ᠌ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ᠋ᠢᠯᠠᠯ ᠤ᠋ᠨ ᠥᠪᠥᠷ ᠮᠣᠩᠭᠣᠯ ᠤ᠋ᠨ ᠴᠢᠨᠠᠷ ᠰᠠᠶ᠋ᠢᠲᠠᠶ ᠬᠥᠭᠵᠢᠯᠲᠡ ᠳ᠋ᠤ ᠬᠦᠴᠦᠨ ᠨᠡᠮᠡᠷᠢᠯᠡᠬᠦ᠌ ᠶᠡᠬᠡ ᠬᠤᠷᠠᠯ ᠪᠣᠯᠤᠨ ᠠᠵᠤ ᠦᠢᠯᠡᠰ ᠤ᠋ᠨ ᠰᠢᠨᠵᠢᠯᠡᠨ ᠪᠠᠶ᠋ᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ᠋ ᠭᠤᠤᠯᠳᠠᠯᠭ᠎ᠠ ᠲᠠᠢ ᠠᠵᠤ ᠦᠢᠯᠡᠰ ᠤ᠋ᠨ ᠲᠠᠨᠢᠯᠴᠠᠭᠤᠯᠭ᠎ᠠ ᠵᠣᠯᠭᠠᠭᠤᠯᠭ᠎ᠠ ᠵᠡᠷᠭᠡ ᠠᠯᠢ ᠣᠯᠠᠨ ᠠᠵᠢᠯᠯᠠᠭ᠎ᠠ ᠨᠢ ᠬᠠᠮᠲᠤᠷᠠᠯᠴᠠᠭᠠᠨ ᠤ᠋ ᠬᠥᠭᠥᠷᠭᠡ ᠵᠢ ᠲᠠᠪᠢᠰᠴᠤ᠂ ᠨᠠᠩ ᠣᠯᠠᠨ ᠴᠢᠨᠠᠷ ᠰᠠᠶ᠋ᠢᠲᠠᠶ ᠡᠬᠢ ᠪᠠᠶᠠᠯᠢᠭ ᠢ᠋ ᠥᠪᠥᠷ ᠮᠣᠩᠭᠣᠯ ᠳ᠋ᠤ ᠤᠷᠤᠭᠤᠯᠤᠨ ᠠᠪᠴᠢᠷᠠᠵᠤ᠂ 《ᠪᠥᠬᠥ᠌ ᠤᠯᠤᠰ ᠤ᠋ᠨ ᠡᠬᠢ ᠪᠠᠶᠠᠯᠢᠭ + ᠥᠪᠥᠷ ᠮᠣᠩᠭᠣᠯ ᠤ᠋ᠨ ᠠᠬᠤᠶ ᠪᠠᠶ᠋ᠢᠳᠠᠯ》 ᠤ᠋ᠨ ᠰᠢᠨ᠎ᠡ ᠠᠷᠭ᠎ᠠ ᠵᠠᠮ ᠢ᠋ ᠬᠠᠶ᠋ᠢᠨ ᠰᠦᠪᠡᠭᠴᠢᠯᠡᠵᠦ᠍᠂ ᠥᠪᠥᠷ ᠮᠣᠩᠭᠣᠯ ᠤ᠋ᠨ ᠴᠢᠨᠠᠷ ᠰᠠᠶ᠋ᠢᠲᠠᠶ ᠬᠥᠭᠵᠢᠯᠲᠡ ᠳ᠋ᠤ ᠬᠦᠴᠦᠷᠬᠡᠭ ᠶᠡᠬᠡ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ ᠶ᠋ᠢᠨ ᠬᠥᠳᠡᠯᠭᠡᠬᠦ᠌ ᠬᠦᠴᠤᠨ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号