ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠵᠢᠡᠷ᠂ ᠮᠠᠨ ᠤ᠋ ᠤᠷᠤᠨ ᠤᠢᠷ᠎ᠠ ᠳ᠋ᠤ ᠴᠠᠭ ᠠᠭᠤᠷ ᠤ᠋ᠨ ᠭᠠᠮᠰᠢᠭ ᠢ᠋ ᠰᠡᠷᠭᠡᠶ᠋ᠢᠯᠡᠵᠦ᠍ ᠭᠠᠮᠰᠢᠭ ᠢ᠋ ᠪᠠᠭᠠᠰᠬᠠᠬᠤ ᠡᠯ᠎ᠡ ᠵᠦᠢᠯ ᠤ᠋ᠨ ᠭᠤᠤᠯᠳᠠᠯᠭ᠎ᠠ ᠲᠠᠶ ᠠᠵᠢᠯ ᠢ᠋ ᠪᠦᠬᠦ ᠲᠠᠯ᠎ᠠ ᠪᠡᠷ ᠪᠠᠢᠷᠢᠯᠠᠭᠤᠯᠵᠤ᠂ 《ᠲᠤᠯᠤᠭᠠᠨ ᠰᠠᠷ᠎ᠠ ᠢ᠋ᠢᠨ ᠰᠡᠭᠦᠯᠴᠢ ᠨᠠᠶ᠋ᠮᠠᠨ ᠰᠠᠷ᠎ᠠ ᠢ᠋ᠢᠨ ᠡᠬᠢᠨ》 ᠤ᠋ ᠦᠶᠡᠷ ᠢ᠋ ᠰᠡᠷᠭᠡᠶ᠋ᠢᠯᠡᠬᠦ᠌ ᠵᠠᠩᠭᠢᠯᠠᠭ᠎ᠠ ᠢ᠋ᠢᠨ ᠬᠤᠭᠤᠴᠠᠭᠠᠨ ᠳ᠋ᠡᠬᠢ ᠴᠠᠭ ᠠᠭᠤᠷ ᠤ᠋ᠨ ᠪᠠᠲᠤᠯᠠᠭ᠎ᠠ ᠢ᠋ᠢᠨ ᠦᠢᠯᠡᠴᠢᠯᠡᠭᠡᠨ ᠤ᠋ ᠠᠵᠢᠯ ᠢ᠋ ᠪᠦᠬᠦ ᠲᠠᠯ᠎ᠠ ᠪᠡᠷ ᠴᠢᠩᠭᠠᠳᠬᠠᠪᠠ᠃
ᠡᠨᠡ ᠵᠢᠯ ᠮᠠᠨ ᠤ᠋ ᠣᠷᠣᠨ ᠳ᠋ᠤ ᠣᠷᠣᠨ ᠪᠦᠰᠡ ᠢ᠋ᠢᠨ ᠴᠢᠨᠠᠷᠲᠠᠶ ᠰᠢᠷᠦᠭᠦᠨ ᠪᠣᠷᠣᠭᠠᠨ ᠨᠡᠯᠢᠶᠡᠳ ᠣᠯᠠᠨ ᠤᠷᠤᠵᠤ᠂ ᠣᠯᠠᠨ ᠭᠠᠵᠠᠷ ᠤ᠋ᠨ ᠬᠤᠷ᠎ᠠ ᠲᠣᠨᠳᠠᠰᠤ ᠢ᠋ᠢᠨ ᠬᠡᠮᠵᠢᠶ᠎ᠠ ᠠᠳᠠᠯᠢ ᠬᠤᠭᠤᠴᠠᠭᠠᠨ ᠤ᠋ ᠲᠡᠦᠬᠡ ᠢ᠋ᠢᠨ ᠲᠤᠶ᠋ᠢᠯ ᠤ᠋ᠨ ᠬᠡᠮᠵᠢᠭᠳᠡᠯ ᠢ᠋ ᠳᠠᠪᠠᠵᠤ᠂ ᠦᠶᠡᠷ ᠤ᠋ᠨ ᠬᠤᠭᠤᠴᠠᠭᠠᠨ ᠤ᠋ ᠭᠠᠮᠰᠢᠭ ᠢ᠋ ᠰᠡᠷᠭᠡᠶ᠋ᠢᠯᠡᠵᠦ᠍ ᠭᠠᠮᠰᠢᠭ ᠢ᠋ ᠪᠠᠭᠠᠰᠬᠠᠬᠤ ᠪᠠᠶ᠋ᠢᠳᠠᠯ ᠬᠦᠨᠳᠦ ᠨᠣᠴᠢᠲᠠᠶ ᠪᠠᠶ᠋ᠢᠨ᠎ᠠ᠃ ᠡᠬᠦᠨ ᠳ᠋ᠤ ᠪᠦᠬᠦ ᠤᠷᠤᠨ ᠤ᠋ ᠴᠠᠭ ᠠᠭᠤᠷ ᠤ᠋ᠨ ᠰᠠᠯᠠᠭ᠎ᠠ ᠮᠦᠴᠢᠷ ᠤ᠋ᠨ ᠬᠢᠨ ᠴᠠᠭ ᠠᠭᠤᠷ ᠤ᠋ᠨ ᠤᠷᠢᠳᠴᠢᠯᠠᠭᠰᠠᠨ ᠮᠡᠳᠡᠭᠡ ᠢ᠋ᠢᠨ ᠰᠢᠨᠵᠢᠯᠡᠬᠦ᠌ ᠤᠬᠠᠭᠠᠨᠴᠢ ᠴᠢᠨᠠᠷ ᠢ᠋ ᠪᠦᠬᠦ᠌ ᠲᠠᠯ᠎ᠠ ᠪᠡᠷ ᠡᠵᠡᠮᠳᠡᠨ᠂ ᠣᠷᠣᠨ ᠨᠤᠲᠤᠭ ᠤ᠋ᠨ ᠨᠠᠮ ᠵᠠᠰᠠᠭ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠦ᠍ ᠴᠠᠭ ᠠᠭᠤᠷ ᠤ᠋ᠨ ᠲᠦᠭᠰᠢᠭᠦᠷᠢ ᠢ᠋ᠢᠨ ᠮᠡᠳᠡᠭᠡ ᠵᠠᠩᠭᠢ ᠢ᠋ᠢ ᠪᠠᠶ᠋ᠢᠩᠭᠤᠵᠢᠭᠤᠯᠤᠨ ᠳᠠᠮᠵᠢᠭᠤᠯᠵᠤ᠂ 《ᠠᠵᠢᠭᠯᠠᠨ ᠬᠡᠮᠵᠢᠬᠦ᠌ ᠪᠣᠯ ᠳᠠᠷᠤᠶ ᠦᠢᠯᠡᠴᠢᠯᠡᠭᠡ》 ᠭᠡᠬᠦ᠌ ᠤᠢᠯᠠᠭᠠᠬᠳᠠᠬᠤᠨ ᠢ᠋ ᠪᠠᠲᠤ᠌ ᠪᠠᠬᠢ ᠪᠣᠶ ᠪᠣᠯᠭᠠᠨ ᠷᠠᠳᠠᠷ ᠤ᠋ᠨ ᠪᠤᠴᠠᠯ ᠳᠣᠯᠭᠢᠶᠠᠨ᠂ ᠬᠡᠯᠪᠡᠷᠢᠵᠢᠭᠰᠡᠨ ᠪᠣᠳᠠᠲᠤ᠌ ᠪᠠᠶ᠋ᠢᠳᠠᠯ ᠤ᠋ᠨ ᠦᠢᠯᠡᠳᠬᠦᠨ ᠢ᠋ ᠰᠠᠶ᠋ᠢᠲᠤᠷ ᠬᠡᠷᠡᠭᠯᠡᠵᠦ᠍᠂ ᠴᠠᠭ ᠠᠭᠤᠷ᠂ ᠤᠰᠤᠨ ᠠᠰᠢᠭᠯᠠᠯᠲᠠ᠂ ᠤᠰᠤᠨ ᠰᠢᠨᠵᠢᠯᠡᠬᠡᠨ ᠵᠡᠷᠭᠡ ᠠᠵᠢᠯ ᠲᠥᠷᠥᠯ ᠤ᠋ᠨ ᠲᠣᠭ᠎ᠠ ᠪᠠᠷᠢᠮᠲᠠ ᠢ᠋ᠢ ᠬᠠᠮᠲᠤ ᠪᠡᠷ ᠡᠳ᠋ᠯᠡᠬᠦ ᠠᠷᠭ᠎ᠠ ᠵᠠᠮ ᠢ᠋ ᠨᠡᠪᠲᠡᠷᠡᠭᠦᠯᠵᠤ ᠪᠠᠢᠨ᠎ᠠ; ᠠᠵᠢᠭᠯᠠᠨ ᠬᠡᠮᠵᠢᠬᠦ᠌᠂ ᠤᠷᠢᠳᠴᠢᠯᠠᠨ ᠮᠡᠳᠡᠭᠡᠯᠡᠬᠦ᠌ ᠦᠢᠯᠡᠴᠢᠯᠡᠭᠡᠨ ᠤ᠋ ᠪᠥᠬᠥ᠌ ᠬᠡᠯᠬᠢᠶ᠎ᠡ ᠢ᠋ᠢ ᠨᠡᠶ᠋ᠢᠯᠡᠭᠦᠯᠬᠦ᠌ ᠢ᠋ᠢ ᠠᠬᠢᠭᠤᠯᠤᠨ᠂ ᠣᠯᠠᠨ ᠲᠦᠮᠡᠨ ᠤ᠋ ᠪᠣᠳᠠᠲᠠᠶ ᠬᠡᠷᠡᠭᠴᠡᠭᠡ ᠱᠠᠭᠠᠷᠳᠠᠯᠭ᠎ᠠ ᠢ᠋ᠢᠨ ᠲᠣᠭᠣᠷᠢᠨ ᠳ᠋ᠤ ᠤᠷᠢᠳᠴᠢᠯᠠᠨ ᠮᠡᠳᠡᠭᠡᠯᠡᠬᠦ᠌ ᠦᠢᠯᠡᠴᠢᠯᠡᠭᠡᠨ ᠤ᠋ ᠦᠢᠯᠡᠳᠬᠦᠨ ᠢ᠋ ᠰᠢᠯᠢᠳᠡᠭᠵᠢᠭᠦᠯᠵᠤ᠂ ᠳᠡᠭᠡᠳᠦ ᠳᠤᠤᠷᠠᠳᠤ ᠱᠠᠲᠤ᠌ ᠬᠣᠯᠪᠣᠭᠠᠯᠠᠨ ᠬᠥᠳᠡᠯᠦᠯᠴᠡᠬᠦ᠌᠂ ᠣᠷᠣᠨ ᠪᠦᠰᠡ ᠬᠣᠯᠪᠣᠭᠠᠯᠠᠨ ᠰᠡᠷᠭᠡᠶ᠋ᠢᠯᠡᠬᠦ᠌᠂ ᠣᠯᠠᠨ ᠰᠠᠯᠠᠭ᠎ᠠ ᠮᠥᠴᠢᠷ ᠬᠠᠮᠵᠢᠯᠴᠠᠬᠤ ᠲᠣᠭᠲᠠᠴᠠ ᠢ᠋ᠢ ᠪᠦᠷᠢᠨᠰᠢᠭᠦᠯᠤᠨ᠂ ᠣᠷᠣᠨ ᠪᠦᠰᠡ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠰᠡᠷᠡᠮᠵᠢᠯᠡᠭᠦᠯᠦᠨ ᠰᠠᠨᠠᠭᠤᠯᠬᠤ ᠦᠢᠯᠡᠴᠢᠯᠡᠭᠡ ᠢ᠋ᠢ ᠨᠡᠢᠳᠡᠮ ᠪᠥᠷᠬᠥᠭᠦᠯᠬᠦ᠌ ᠢ᠋ᠢ ᠪᠡᠶᠡᠯᠡᠭᠦᠯᠵᠤ ᠪᠠᠢᠨ᠎ᠠ᠃ ᠪᠠᠰᠠ 《131631》 ᠠᠬᠢᠨ ᠳᠠᠪᠰᠢᠬᠤ ᠬᠡᠯᠪᠡᠷᠢ ᠢ᠋ᠢᠨ ᠴᠠᠭ ᠠᠭᠤᠷ ᠤ᠋ᠨ ᠦᠢᠯᠡᠴᠢᠯᠡᠭᠡ᠂ ᠳᠡᠭᠡᠳᠦ ᠲᠠᠰ ᠤ᠋ᠨ ᠤᠷᠢᠳᠴᠢᠯᠠᠨ ᠰᠡᠷᠡᠮᠵᠢᠯᠡᠭᠦᠯᠬᠦ᠌ ᠳᠠᠭᠤᠳᠠᠯᠲᠠ ᠢ᠋ᠢᠨ ᠲᠣᠭᠲᠠᠴᠠ ᠢ᠋ᠢ ᠴᠢᠩᠭ᠎ᠠ ᠬᠡᠷᠡᠭᠵᠢᠭᠦᠯᠤᠨ᠂ ᠰᠡᠷᠡᠮᠵᠢᠯᠡᠭᠦᠯᠦᠯ ᠢ᠋ ᠨᠡᠶ᠋ᠢᠲᠡᠯᠡᠬᠦ᠌ ᠬᠢᠭᠡᠳ ᠤᠯᠠᠮᠵᠢᠯᠠᠨ ᠳᠠᠮᠵᠢᠭᠤᠯᠬᠤ ᠢ᠋ᠢ ᠨᠠᠶ᠋ᠢᠷᠠᠭᠤᠯᠤᠨ ᠬᠢᠨᠠᠵᠤ ᠭᠠᠷ ᠤ᠋ᠨ ᠥᠰᠥᠭ ᠵᠢᠷᠤᠬᠤ ᠲᠦᠷᠢᠮ ᠢ᠋ ᠴᠢᠩᠭ᠎ᠠ ᠨᠠᠶ᠋ᠢᠳᠠᠪᠤᠷᠢᠵᠢᠭᠤᠯᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ ᠲᠦᠭᠡᠮᠡᠯᠵᠢᠭᠦᠯᠬᠦ᠌ ᠤᠬᠠᠭᠤᠯᠭ᠎ᠠ ᠢ᠋ᠢᠨ ᠠᠷᠭ᠎ᠠ ᠵᠠᠮ ᠢ᠋ ᠥᠷᠭᠡᠳᠬᠡᠨ᠂ ᠣᠯᠠᠨ ᠨᠡᠶ᠋ᠢᠲᠡ ᠢ᠋ᠢᠨ ᠴᠠᠭ ᠠᠭᠤᠷ ᠤ᠋ᠨ ᠭᠠᠮᠰᠢᠭ ᠢ᠋ ᠰᠡᠷᠭᠡᠶ᠋ᠢᠯᠡᠵᠦ᠍ ᠭᠠᠮᠰᠢᠭ ᠢ᠋ ᠪᠠᠭᠠᠰᠬᠠᠬᠤ ᠦᠢᠯᠡᠴᠢᠯᠡᠭᠡ ᠢ᠋ᠢ ᠭᠦᠨᠵᠡᠭᠡᠶ᠋ᠢᠷᠡᠭᠦᠯᠵᠦ᠍᠂ ᠣᠯᠠᠨ ᠲᠦᠮᠡᠨ ᠤ᠋ ᠠᠶᠤᠯ ᠡᠴᠡ ᠵᠠᠶ᠋ᠢᠯᠠᠵᠤ ᠥᠪᠡᠷ ᠢ᠋ ᠪᠡᠨ ᠠᠪᠤᠷᠠᠬᠤ ᠤᠬᠠᠮᠰᠠᠷ ᠢ᠋ ᠳᠡᠭᠡᠭᠰᠢᠯᠡᠭᠦᠯᠵᠤ ᠪᠠᠢᠨ᠎ᠠ᠃
ᠤᠢᠯᠠᠭᠠᠭᠰᠠᠨ ᠵᠢᠡᠷ᠂ ᠪᠦᠬᠦ ᠤᠷᠤᠨ ᠤ᠋ ᠡᠯ᠎ᠡ ᠱᠠᠲᠤᠨ ᠤ᠋ ᠴᠠᠭ ᠠᠭᠤᠷ ᠤ᠋ᠨ ᠰᠠᠯᠠᠭ᠎ᠠ ᠮᠥᠴᠢᠷ ᠤ᠋ᠨ ᠬᠢᠨ ᠴᠠᠭ ᠠᠭᠤᠷ ᠤ᠋ᠨ ᠪᠠᠶ᠋ᠢᠳᠠᠯ ᠢ᠋ ᠦᠨᠳᠦᠰᠦᠯᠡᠨ ᠪᠠᠴᠢᠮ ᠪᠠᠶ᠋ᠢᠳᠠᠯ ᠢ᠋ ᠠᠷᠭᠠᠴᠠᠭᠠᠬᠤ ᠠᠵᠢᠯᠯᠠᠭ᠎ᠠ ᠢ᠋ᠢ ᠴᠠᠭ ᠲᠤᠬᠠᠢ ᠳ᠋ᠤᠨᠢ ᠡᠬᠢᠯᠡᠭᠦᠯᠵᠦ᠍᠂ ᠬᠠᠷᠢᠭᠤᠴᠠᠯᠭ᠎ᠠ ᠢ᠋ᠢ ᠠᠵᠢᠯ ᠤ᠋ᠨ ᠪᠠᠶ᠋ᠢᠷᠢ ᠳ᠋ᠤ ᠬᠦᠷᠭᠡᠨ ᠡᠭᠦᠷᠭᠡ ᠢ᠋ᠢ ᠬᠥᠮᠦᠨ ᠳ᠋ᠤ ᠳᠠᠭᠠᠭᠠᠯᠭᠠᠵᠤ᠂ ᠵᠢᠵᠢᠭᠦᠷᠯᠡᠨ ᠰᠠᠬᠢᠬᠤ ᠢ᠋ᠢ ᠴᠢᠩᠭᠠᠳᠬᠠᠨ᠂ 24 ᠴᠠᠭ ᠢ᠋ᠢᠡᠷ ᠵᠢᠵᠢᠭᠦᠷᠯᠡᠬᠦ᠌᠂ ᠪᠠᠴᠢᠮ ᠪᠠᠶ᠋ᠢᠳᠠᠯ ᠢ᠋ ᠠᠷᠭᠠᠴᠠᠭᠠᠬᠤ ᠠᠵᠢᠯᠯᠠᠭ᠎ᠠ ᠵᠢᠨ ᠲᠣᠭᠲᠠᠴᠠ ᠢ᠋ᠢ ᠴᠢᠩᠭ᠎ᠠ ᠬᠡᠷᠡᠭᠵᠢᠭᠦᠯᠵᠦ ᠪᠠᠢᠨ᠎ᠠ; ᠮᠡᠳᠡᠭᠡ ᠵᠠᠩᠭᠢ ᠢ᠋ᠢ ᠮᠡᠳᠡᠭᠦᠯᠦᠨ ᠬᠦᠷᠭᠡᠬᠦ᠌ ᠢ᠋ᠢ ᠴᠢᠩᠭᠠᠳᠬᠠᠨ ᠮᠡᠳᠡᠭᠡ ᠵᠠᠩᠭᠢ ᠢ᠋ᠢᠨ ᠬᠦᠴᠦᠨ ᠲᠡᠶ ᠬᠤᠭᠤᠴᠠᠭ᠎ᠠ᠂ ᠠᠭᠤᠯᠭ᠎ᠠ ᠢ᠋ᠢᠨ ᠶᠠᠰᠤ ᠴᠢᠨᠠᠷ ᠵᠡᠷᠭᠡ ᠪᠣᠭᠣᠮᠲᠠ ᠢ᠋ᠢ ᠴᠢᠩᠭ᠎ᠠ ᠰᠠᠬᠢᠵᠤ᠂ ᠭᠠᠮᠰᠢᠭ ᠢ᠋ ᠪᠠᠢᠴᠠᠭᠠᠨ ᠦᠨᠡᠯᠡᠬᠦ᠌ ᠪᠠᠢ᠌ᠨᠭᠭᠤᠵᠢᠬᠰᠡᠨ ᠲᠣᠭᠲᠠᠴᠠ ᠢ᠋ᠢ ᠪᠠᠶ᠋ᠢᠭᠤᠯᠤᠨ ᠬᠢᠨᠠᠨ ᠬᠡᠮᠵᠢᠬᠦ᠌᠂ ᠬᠣᠯᠪᠣᠭᠠᠯᠠᠨ ᠬᠥᠳᠡᠯᠦᠯᠴᠡᠬᠦ᠌᠂ ᠵᠢᠵᠢᠭᠦᠷᠯᠡᠨ ᠰᠠᠬᠢᠬᠤ ᠵᠡᠷᠭᠡ ᠲᠠᠯ᠎ᠠ ᠢ᠋ᠢᠨ ᠳᠤᠲᠠᠭᠤᠳᠠᠯ ᠢ᠋ ᠴᠡᠭᠴᠡᠯᠡᠨ ᠰᠠᠶ᠋ᠢᠵᠢᠷᠠᠭᠤᠯᠵᠤ ᠪᠠᠢᠨ᠎ᠠ᠃ ᠪᠠᠰᠠ ᠠᠮᠤᠷ ᠲᠦᠪᠰᠢᠨ ᠤ᠋ ᠪᠠᠲᠤᠯᠠᠭ᠎ᠠ ᠢ᠋ᠢ ᠴᠢᠩᠭᠠᠳᠬᠠᠨ ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠠᠵᠢᠯ᠂ ᠰᠦᠯᠵᠢᠶᠡᠨ ᠤ᠋ ᠲᠣᠭ᠎ᠠ ᠪᠠᠷᠢᠮᠲᠠ᠂ ᠠᠶᠤᠩᠭ᠎ᠠ ᠴᠠᠬᠢᠯᠭᠠᠨ ᠢ᠋ ᠰᠡᠷᠭᠡᠶ᠋ᠢᠯᠡᠬᠦ᠌ ᠵᠡᠷᠭᠡ ᠠᠮᠤᠷ ᠲᠦᠪᠰᠢᠨ ᠤ᠋ ᠬᠢᠨᠠᠯᠲᠠ ᠬᠠᠮᠢᠶᠠᠷᠤᠯᠲᠠ ᠢ᠋ᠢ ᠴᠢᠩᠭᠠᠳᠬᠠᠵᠤ᠂ ᠬᠡᠮ ᠰᠣᠭᠣᠭ ᠢ᠋ ᠪᠥᠬᠥ᠌ ᠲᠠᠯ᠎ᠠ ᠪᠡᠷ ᠵᠢᠭᠰᠠᠭᠠᠨ ᠪᠠᠶ᠋ᠢᠴᠠᠭᠠᠵᠤ ᠴᠡᠭᠴᠡᠯᠡᠨ ᠰᠠᠶ᠋ᠢᠵᠢᠷᠠᠭᠤᠯᠵᠤ ᠪᠠᠢᠨ᠎ᠠ᠃