7 ᠰᠠᠷ᠎ᠠ᠎ᠶ᠋ᠢᠨ 10 ᠡᠴᠡ 11᠎ᠤ᠋ ᠡᠳᠦᠷ ᠤᠷᠳᠤᠰ ᠬᠤᠳᠠ᠎ᠳᠦ ᠶᠠᠪᠤᠭᠳᠠᠭᠰᠠᠨ 2026 ᠣᠨ᠎ᠤ᠋ ᠥᠪᠥᠷ ᠮᠣᠩᠭᠣᠯ᠎ᠤ᠋ᠨ ᠥᠪᠡᠷᠲᠡᠭᠡᠨ ᠵᠠᠰᠠᠬᠤ ᠣᠷᠣᠨ᠎ᠤ᠋ ᠰᠤᠶᠤᠯ ᠵᠢᠭᠤᠯᠴᠢᠯᠠᠯ᠎ᠤ᠋ᠨ ᠬᠥᠭᠵᠢᠬᠦᠯᠦᠯᠲᠡ᠎ᠶ᠋ᠢᠨ ᠶᠡᠬᠡ ᠬᠤᠷᠠᠯ᠎ᠳᠦ᠂ ᠥᠪᠡᠷᠲᠡᠭᠡᠨ ᠵᠠᠰᠠᠬᠤ ᠣᠷᠣᠨ᠎ᠤ᠋ ᠰᠣᠶᠣᠯ ᠪᠠ ᠵᠢᠭᠤᠯᠴᠢᠯᠠᠯ᠎ᠤ᠋ᠨ ᠲᠢᠩᠬᠢᠮ ᠵᠠᠮ ᠬᠠᠷᠢᠯᠴᠠᠭᠠᠨ᠎ᠤ᠋ ᠪᠠᠩᠬᠢ᠂ ᠥᠪᠥᠷ ᠮᠣᠩᠭᠣᠯ᠎ᠤ᠋ᠨ ᠬᠦᠳᠡᠭᠡ ᠲᠤᠰᠬᠤᠨ᠎ᠤ ᠬᠤᠳᠠᠯᠳᠤᠭᠠᠨ᠎ᠤ᠋ ᠪᠠᠩᠬᠢ᠂ ᠠᠵᠤ ᠦᠢᠯᠡᠳᠪᠦᠷᠢ ᠬᠤᠳᠠᠯᠳᠤᠭᠠᠨ᠎ᠤ᠋ ᠪᠠᠩᠬᠢ ᠲᠠᠢ ᠵᠠᠰᠠᠭ᠎ᠤᠨ ᠤᠷᠳᠤᠨ ᠪᠠᠩᠬᠢ᠎ᠶᠢᠨ ᠮᠥᠩᠭᠥᠨ ᠭᠦᠢᠯᠭᠡᠭᠡᠨ᠎ᠦ᠌ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭ᠎ᠠ ᠬᠢᠬᠦ ᠪᠡᠷ ᠲᠤᠭᠳᠠᠵᠦ᠂ ᠲᠤᠰᠬᠠᠢ ᠰᠣᠶᠣᠯ ᠵᠢᠭᠤᠯᠴᠢᠯᠠᠯ᠎ᠤ᠋ᠨ ᠮᠥᠩᠭᠥᠨ ᠭᠦᠢᠯᠭᠡᠭᠡᠨ᠎ᠦ᠌ ᠦᠢᠯᠡᠴᠢᠯᠡᠭᠡᠨ᠎ᠦ᠌ ᠲᠥᠰᠦᠯ ᠪᠠ ᠣᠨᠴᠠᠯᠢᠭᠲᠤ ᠢᠲᠡᠭᠡᠮᠵᠢᠲᠦ ᠵᠢᠭᠡᠯᠡᠯᠭᠡ᠎ᠶ᠋ᠢᠨ ᠲᠦᠰᠦᠯ ᠨᠡᠢᠲᠡᠯᠡᠵᠦ᠂ ᠮᠥᠩᠭᠥᠨ ᠭᠦᠢᠯᠭᠡᠭᠡᠨ᠎ᠦ᠌ ᠬᠦᠴᠦᠨᠢ᠋ᠶ᠋ᠡᠷ ᠪᠦᠬᠦ ᠣᠷᠣᠨ᠎ᠤ᠋ ᠰᠣᠶᠣᠯ ᠵᠢᠭᠤᠯᠴᠢᠯᠠᠯ᠎ᠤ᠋ᠨ ᠠᠵᠤ ᠦᠢᠯᠡᠰ᠎ᠦ᠋ᠨ ᠴᠢᠨᠠᠷᠰᠠᠢᠳᠠᠢ ᠬᠥᠭᠵᠢᠯᠲᠡ᠎ᠶ᠋ᠢ ᠠᠬᠢᠭᠤᠯᠬᠤ ᠵᠢ ᠵᠤᠷᠢᠵᠠᠢ ᠃
ᠵᠠᠮ ᠬᠠᠷᠢᠯᠴᠠᠭᠠᠨ᠎ᠤ᠋ ᠪᠠᠩᠬᠢ᠎ᠶ᠋ᠢᠨ ᠥᠪᠥᠷ ᠮᠣᠩᠭᠣᠯ᠎ᠤ᠋ᠨ ᠬᠤᠪᠢᠶᠠᠷᠢ ᠪᠠᠩᠬᠢ 《ᠰᠣᠶᠣᠯ ᠵᠢᠭᠤᠯᠴᠢᠯᠠᠯ + ᠢᠲᠡᠭᠡᠮᠵᠢᠲᠦ ᠵᠢᠭᠡᠯᠡᠯᠭᠡ᠂ ᠰᠣᠶᠣᠯ ᠵᠢᠭᠤᠯᠴᠢᠯᠠᠯ + ᠠᠬᠤᠢ ᠦᠵᠡᠭᠳᠡᠯ᠂ ᠰᠣᠶᠣᠯ ᠵᠢᠭᠤᠯᠴᠢᠯᠠᠯ + ᠣᠶᠤᠨᠴᠢᠯᠠᠯᠳᠠ ᠲᠤᠭᠠᠴᠢᠯᠠᠯᠳᠠ᠂ ᠰᠣᠶᠣᠯ ᠵᠢᠭᠤᠯᠴᠢᠯᠠᠯ + ᠤᠬᠠᠭᠤᠯᠭ᠎ᠠ》 ᠦᠢᠯᠡᠴᠢᠯᠡᠭᠡᠨ᠎ᠦ᠌ ᠵᠠᠭᠪᠤᠷ᠎ᠢ᠋ ᠪᠠᠢᠭᠤᠯᠵᠤ᠂ ᠲᠤᠰᠬᠠᠢ ᠢᠲᠡᠭᠡᠮᠵᠢᠲᠦ ᠵᠢᠭᠡᠯᠡᠯᠭᠡ ᠬᠠᠮᠤᠭ ᠥᠨᠳᠥᠷ᠎ᠲᠡᠭᠡᠨ 3000 ᠲᠦᠮᠡᠨ ᠲᠥᠭᠥᠷᠢᠭ ᠵᠢᠭᠡᠯᠡᠬᠦᠯᠵᠦ᠂ ᠦᠵᠡᠮᠵᠢ᠎ᠶ᠋ᠢᠨ ᠣᠷᠣᠨ᠎ᠤ᠋ ᠳᠡᠰ ᠳᠡᠪᠰᠢᠬᠦ᠂ ᠰᠣᠶᠣᠯ ᠵᠢᠭᠤᠯᠴᠢᠯᠠᠯ᠎ᠤ᠋ᠨ ᠵᠢᠵᠢᠭ ᠪᠢᠴᠢᠯ ᠠᠵᠤ ᠠᠬᠤᠢᠯᠠᠯ᠎ᠤ᠋ᠨ ᠡᠵᠡᠩᠨᠡᠯᠲᠡ᠎ᠶ᠋ᠢ ᠳᠡᠮᠵᠢᠨ᠎ᠠ᠃ ᠲᠤᠰ ᠪᠠᠩᠬᠢ ᠡᠨᠡ ᠵᠢᠯ 1000 ᠲᠦᠮᠡᠨ ᠲᠥᠭᠥᠷᠢᠭ᠎ᠦ᠋ᠨ ᠰᠣᠶᠣᠯ ᠵᠢᠭᠤᠯᠴᠢᠯᠠᠯ᠎ᠤ᠋ᠨ ᠬᠡᠷᠡᠭᠯᠡᠭᠡ᠎ᠶ᠋ᠢ ᠠᠬᠢᠭᠤᠯᠬᠤ ᠪᠡᠯᠡ ᠮᠥᠩᠭᠥ ᠣᠷᠣᠭᠤᠯᠵᠤ᠂ ᠲᠣᠭᠠᠴᠢᠯᠠᠭᠰᠠᠨ ᠵᠣᠭᠣᠰ᠎ᠤᠨ ᠪᠣᠭᠴᠣ ᠭᠠᠷᠭᠠᠨ᠂ ᠨᠠᠰᠤᠲᠠᠢᠴᠤᠳ᠂ ᠭᠠᠳᠠᠭᠠᠳᠦ᠎ᠶᠢᠨ ᠵᠢᠭᠤᠯᠴᠢᠯᠠᠭᠰᠠᠳ᠎ᠲᠤ᠌ ᠳᠥᠭᠥᠮ ᠦᠵᠡᠭᠦᠯᠬᠦ᠎ᠶ᠋ᠢᠨ ᠬᠠᠮᠲᠤ ᠰᠣᠶᠣᠯ ᠵᠢᠭᠤᠯᠴᠢᠯᠠᠯ᠎ᠤ᠋ᠨ ᠤᠬᠠᠭᠤᠯᠭ᠎ᠠ᠎ᠶ᠋ᠢᠨ IP᠎ᠶ᠋ᠢ ᠪᠠᠢᠭᠤᠯᠵᠤ᠂ ᠪᠦᠬᠦ ᠣᠷᠣᠨ᠎ᠤ᠋ ᠰᠣᠶᠣᠯ ᠵᠢᠭᠤᠯᠴᠢᠯᠠᠯ᠎ᠤ᠋ᠨ ᠪᠦᠷᠢᠨ ᠴᠢᠳᠠᠮᠵᠢᠲᠤ ᠺᠠᠷᠲ᠎ᠢ᠋ ᠳᠡᠯᠭᠡᠷᠡᠭᠦᠯᠦᠨ ᠲᠦᠭᠡᠭᠡᠨ᠎ᠠ᠃
ᠥᠪᠥᠷ ᠮᠣᠩᠭᠣᠯ᠎ᠤ᠋ᠨ ᠬᠥᠳᠡᠭᠡ ᠲᠤᠰᠬᠤᠨ᠎ᠤ ᠬᠤᠳᠠᠯᠳᠤᠭᠠᠨ᠎ᠤ᠋ ᠪᠠᠩᠬᠢ ᠲᠠᠷᠢᠶᠠᠯᠠᠩ ᠮᠠᠯ ᠠᠵᠤ ᠠᠬᠤᠢ ᠰᠣᠶᠣᠯ ᠵᠢᠭᠤᠯᠴᠢᠯᠠᠯ᠎ᠢ᠋ ᠤᠶᠠᠯᠳᠤᠭᠤᠯᠬᠤ ᠠᠷᠭ᠎ᠠ ᠪᠡᠷ᠂ ᠠᠳᠠᠯᠢ ᠪᠤᠰᠤ ᠡᠵᠡᠩᠨᠡᠯᠲᠡ᠎ᠶ᠋ᠢᠨ ᠭᠣᠣᠯ ᠴᠣᠭᠴᠠᠳ᠋ᠤ᠌ ᠬᠠᠨᠳᠤᠭᠤᠯᠤᠨ ᠰᠢᠷᠢᠰ ᠠᠰᠢᠭ ᠬᠦᠷᠲᠡᠭᠡᠬᠦ ᠵᠢᠭᠡᠯᠡᠯᠭᠡ ᠭᠠᠷᠭᠠᠵᠠᠢ᠃ ᠡᠭᠦᠨ᠎ᠳ᠋ᠦ᠍ ᠬᠤᠪᠢ᠎ᠶ᠋ᠢᠨ ᠬᠤᠳᠠᠯᠳᠤᠭᠠᠴᠢᠨ ᠡᠷᠦᠬᠡ᠎ᠳ᠋ᠦ᠍ ᠬᠠᠮᠤᠭ ᠠᠷᠪᠢᠨᠳ᠋ᠠᠭᠠᠨ 100 ᠲᠦᠮᠡᠨ ᠲᠥᠭᠥᠷᠢᠭ᠎ᠦ᠋ᠨ ᠢᠲᠡᠭᠡᠮᠵᠢᠲᠦ ᠵᠢᠭᠡᠯᠡᠯᠭᠡ ᠣᠯᠭᠣᠵᠤ᠂ ᠵᠢᠵᠢᠭ ᠪᠢᠴᠢᠯ ᠠᠵᠤ ᠠᠬᠤᠢᠯᠠᠯ᠎ᠳᠦ ᠬᠠᠮᠤᠭ᠎ᠤ᠋ᠨ ᠥᠨᠳᠥᠷ᠎ᠲᠡᠭᠡᠨ 1000 ᠲᠦᠮᠡᠨ ᠲᠥᠭᠥᠷᠢᠭ᠎ᠤᠨ ᠵᠢᠭᠡᠯᠡᠯᠬᠡ ᠤᠯᠭᠤᠵᠦ᠂ ᠮᠠᠯᠵᠢᠬᠤ ᠲᠠᠷᠢᠶᠠᠯᠠᠬᠤ ᠡᠷᠦᠬᠡ᠎ᠳ᠋ᠦ᠍ ᠪᠠᠰᠠ ᠲᠤᠰᠬᠠᠢ ᠵᠢᠬᠡᠯᠡᠯᠬᠡ ᠦᠭᠴᠦ᠂ ᠪᠦᠬᠦ ᠣᠷᠣᠨ᠎ᠤ᠋ ᠰᠣᠳᠣᠨ ᠵᠢᠭᠤᠯᠴᠢᠯᠠᠯ᠎ᠤ᠋ᠨ ᠱᠤᠭᠤᠮ᠎ᠤ᠋ᠨ ᠮᠥᠩᠭᠥᠨ ᠭᠦᠢᠯᠭᠡᠭᠡᠨ᠎ᠦ᠌ ᠦᠢᠯᠡᠴᠢᠯᠡᠭᠡ᠎ᠵᠢ ᠪᠦᠷᠢᠨ ᠪᠦᠷᠬᠦᠭᠦᠯᠬᠦ᠎ᠶ᠋ᠢ ᠪᠡᠶᠡᠯᠡᠭᠦᠯᠵᠦ᠂ ᠣᠷᠣᠨ ᠨᠤᠲᠤᠭ᠎ᠤ᠋ᠨ ᠰᠣᠶᠣᠯ ᠵᠢᠭᠤᠯᠴᠢᠯᠠᠯ᠎ᠤ᠋ᠨ ᠡᠵᠡᠩᠨᠡᠭᠴᠢ᠎ᠶ᠋ᠢᠨ ᠪᠡᠯᠡ ᠮᠥᠩᠭᠥ᠎ᠶ᠋ᠢᠨ ᠳᠠᠷᠤᠯᠲᠠ᠎ᠶ᠋ᠢ ᠦᠨᠡᠨ ᠬᠦ᠌ ᠨᠠᠮᠳᠠᠭᠤᠯᠤᠨ᠎ᠠ᠃
ᠠᠵᠤ ᠦᠢᠯᠡᠳᠪᠦᠷᠢ ᠬᠤᠳᠠᠯᠳᠤᠭᠠᠨ᠎ᠤ᠋ ᠪᠠᠩᠬᠢ᠎ᠶ᠋ᠢᠨ ᠥᠪᠥᠷ ᠮᠣᠩᠭᠣᠯ᠎ᠤ᠋ᠨ ᠬᠤᠪᠢᠶᠠᠷᠢ ᠪᠠᠩᠬᠢ ᠪᠦᠬᠦ ᠣᠷᠣᠨ ᠪᠦᠰᠡ᠎ᠶ᠋ᠢᠨ ᠶᠡᠷᠦᠩᠬᠡᠢᠯᠡᠭᠰᠡᠨ ᠮᠥᠩᠭᠥᠨ ᠭᠦᠢᠯᠭᠡᠭᠡᠨ᠎ᠦ᠌ ᠲᠥᠰᠦᠯ᠎ᠢ᠋ ᠬᠡᠷᠡᠭᠵᠢᠭᠦᠯᠵᠦ᠂ ᠰᠣᠶᠣᠯ ᠵᠢᠭᠤᠯᠴᠢᠯᠠᠯ᠎ᠤ᠋ᠨ ᠲᠥᠷᠥᠯ ᠵᠦᠢᠯ᠎ᠢ ᠬᠦᠴᠦᠯᠡᠨ ᠳᠡᠮᠵᠢᠵᠦ᠂ ᠣᠯᠠᠨ ᠡᠰᠢᠲᠦ ᠪᠡᠯᠡ ᠲᠣᠬᠢᠷᠠᠭᠤᠯᠭ᠎ᠠ᠎ᠶ᠋ᠢᠨ ᠪᠠᠭᠠᠵᠢ᠂ ᠲᠤᠰᠬᠠᠢ ᠰᠣᠶᠣᠯ ᠵᠢᠭᠤᠯᠴᠢᠯᠠᠯ᠎ᠤ᠋ᠨ ᠵᠥᠪᠯᠡᠭᠴᠢ᠎ᠶ᠋ᠢᠨ ᠪᠦᠯᠬᠦᠮ ᠨᠡᠢᠲᠡ ᠬᠢᠭᠡᠳ ᠲᠦᠭᠰᠢᠬᠦᠷᠢ᠎ᠵᠢ ᠡᠵᠡᠮᠳᠡᠬᠦ ᠤᠶᠤᠨᠴᠢ ᠰᠢᠰᠲ᠋ᠧᠮ᠎ᠢ᠋ ᠲᠣᠬᠢᠷᠠᠭᠤᠯᠵᠤ᠂ ᠲᠤᠰᠬᠠᠢ ᠲᠥᠷᠥᠯ᠎ᠦ᠋ᠨ ᠢᠲᠡᠭᠡᠮᠵᠢᠲᠦ ᠵᠢᠭᠡᠯᠡᠯᠭᠡ ᠭᠠᠷᠭᠠᠨ᠂ ᠰᠣᠶᠣᠯ ᠵᠢᠭᠤᠯᠴᠢᠯᠠᠯ᠎ᠤ᠋ᠨ ᠠᠵᠤ ᠠᠬᠤᠢᠯᠠᠯ᠎ᠤ᠋ᠨ ᠪᠡᠯᠡ ᠲᠣᠬᠢᠷᠠᠭᠤᠯᠭ᠎ᠠ᠎ᠶ᠋ᠢᠨ ᠵᠠᠷᠤᠳᠠᠯ᠎ᠢ᠋ ᠦᠷᠭᠦᠯᠵᠢᠯᠡᠨ ᠪᠠᠭᠤᠷᠠᠭᠤᠯᠵᠤ᠂ ᠰᠣᠶᠣᠯ ᠵᠢᠭᠤᠯᠴᠢᠯᠠᠯ᠎ᠤ᠋ᠨ ᠠᠵᠤ ᠦᠢᠯᠡᠰ᠎ᠦ᠋ᠨ ᠬᠡᠯᠬᠢᠶᠡᠳ᠋ᠤ᠌ ᠨᠢᠭᠡ ᠴᠤᠬᠴᠠᠵᠢᠭᠰᠠᠨ ᠮᠥᠩᠭᠥᠨ ᠭᠦᠢᠯᠭᠡᠭᠡᠨ᠎ᠦ᠌ ᠲᠤᠯᠭᠠᠭᠤᠷᠢᠯᠠᠯ ᠬᠠᠩᠭᠠᠨ᠎ᠠ᠃