ᠮᠠᠨ᠎ᠤ ᠤᠯᠤᠰ᠎ᠤᠨ ᠡᠯᠡᠰᠦᠨ ᠰᠢᠭᠤᠷᠭ᠎ᠠ ᠡᠭᠦᠰᠬᠦ ᠤᠳᠠᠭ᠎ᠠ ᠨᠢ ᠪᠠᠭᠠᠰᠴᠤ ᠬᠦᠴᠦᠯᠡᠴᠡ ᠨᠢ ᠪᠠᠭᠤᠷᠠᠬᠤ ᠬᠠᠨᠳᠤᠰᠢ ᠲᠠᠢ ᠪᠤᠯᠵᠠᠢ
2026-07-15 11:07:38
ᠵᠣᠬᠢᠶᠠᠭ᠍ᠴᠢ᠄
ᠭᠤᠤ ᠵᠢᠩ ᠬᠤᠸᠠᠩ ᠶᠤᠤ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 12 ᠤ᠋ᠨ ᠡᠳᠦᠷ ᠪᠣᠯ ᠳᠡᠯᠡᠬᠡᠢ᠎ᠶᠢᠨ ᠡᠯᠡᠰᠦᠨ ᠰᠢᠭᠤᠷᠭ᠎ᠠ᠎ᠶᠢ ᠰᠡᠷᠭᠡᠢᠯᠡᠨ ᠵᠠᠰᠠᠬᠤ ᠡᠳᠦᠷ ᠪᠣᠯᠣᠨ᠎ᠠ᠃ ᠰᠤᠷᠪᠤᠯᠵᠢᠯᠠᠭ᠍ᠴᠢ ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠡᠴᠡ ᠣᠢᠯᠠᠭᠠᠭᠰᠠᠨ᠎ᠢᠶᠠᠷ᠂ ᠣᠢᠷ᠎ᠠ᠎ᠶᠢᠨ 20 ᠵᠢᠯ᠎ᠦᠨ ᠲᠤᠷᠰᠢ᠂ ᠮᠠᠨ᠎ᠤ ᠤᠯᠤᠰ᠎ᠤᠨ ᠬᠠᠪᠤᠷ᠎ᠤᠨ ᠤᠯᠠᠷᠢᠯ᠎ᠳᠡᠬᠢ ᠡᠯᠡᠰᠦᠨ ᠰᠢᠭᠤᠷᠭ᠎ᠠ᠎ᠶᠢᠨ ᠴᠠᠭ ᠠᠭᠤᠷ ᠶᠡᠷᠦᠩᠬᠡᠢ᠎ᠳᠡᠭᠡᠨ ᠡᠭᠦᠰᠬᠦ ᠤᠳᠠᠭ᠎ᠠ ᠨᠢ ᠪᠠᠭᠠᠰᠴᠤ᠂ ᠬᠦᠴᠦᠯᠡᠴᠡ ᠨᠢ ᠪᠠᠭᠤᠷᠠᠬᠤ ᠬᠠᠨᠳᠤᠰᠢ᠎ᠲᠠᠢ ᠪᠣᠯᠵᠤ᠂ ᠡᠯᠡᠰᠦᠨ ᠰᠢᠭᠤᠷᠭ᠎ᠠ᠎ᠶᠢᠨ ᠴᠠᠭ ᠠᠭᠤᠷ ᠵᠢᠯ ᠳᠤᠮᠳᠠᠴᠢ᠎ᠪᠠᠷ 12.5 ᠤᠳᠠᠭ᠎ᠠ ᠡᠭᠦᠰᠴᠦ ᠪᠠᠢᠭᠰᠠᠨ ᠡᠴᠡ᠎ᠪᠠᠨ ᠪᠠᠭᠠᠰᠤᠭᠠᠳ ᠣᠢᠷ᠎ᠠ᠎ᠶᠢᠨ ᠵᠢᠯ᠎ᠳᠦ 9.6 ᠤᠳᠠᠭ᠎ᠠ ᠪᠣᠯᠵᠠᠢ᠃

ᠡᠯᠡᠰᠦᠨ ᠰᠢᠭᠤᠷᠭ᠎ᠠ ᠪᠣᠯ ᠮᠠᠨ᠎ᠤ ᠤᠯᠤᠰ᠎ᠤᠨ ᠤᠮᠠᠷᠠᠲᠤ ᠣᠷᠣᠨ᠎ᠳᠤ ᠦᠷᠭᠦᠯᠵᠢ ᠲᠣᠬᠢᠶᠠᠯᠳᠤᠳᠠᠭ ᠭᠠᠮᠰᠢᠭ᠍ᠲᠤ ᠴᠠᠭ ᠠᠭᠤᠷ ᠪᠣᠯᠣᠨ᠎ᠠ᠂ ᠳᠡᠷᠡ ᠨᠢ ᠨᠢᠭᠡ ᠵᠦᠢᠯ᠎ᠦᠨ ᠪᠠᠢᠭᠠᠯᠢ᠎ᠶᠢᠨ ᠴᠠᠭ ᠠᠭᠤᠷ᠎ᠤᠨ ᠶᠠᠪᠤᠴᠠ ᠪᠠᠢᠵᠤ᠂ ᠶᠡᠷᠦ᠎ᠳᠡᠭᠡᠨ ᠵᠢᠯ ᠪᠦᠷᠢ᠎ᠶᠢᠨ 3 ᠰᠠᠷ᠎ᠠ ᠡᠴᠡ 5 ᠰᠠᠷ᠎ᠠ ᠪᠤᠯ ᠡᠯᠡᠰᠦᠨ ᠰᠢᠭᠤᠷᠭ᠎ᠠ ᠣᠯᠠᠨᠳᠠ ᠡᠭᠦᠰᠬᠦ ᠬᠤᠭᠤᠴᠠᠭ᠎ᠠ ᠪᠤᠯᠤᠨ᠎ᠠ᠃ ᠡᠨᠡ ᠬᠠᠪᠤᠷ ᠮᠠᠨ᠎ᠤ ᠤᠯᠤᠰ᠎ᠲᠤ ᠨᠡᠶ᠋ᠢᠲᠡ 8 ᠤᠳᠠᠭ᠎ᠠ ᠡᠯᠡᠰᠦᠨ ᠰᠢᠭᠤᠷᠭ᠎ᠠ ᠳᠡᠭᠳᠡᠪᠡ᠃

ᠣᠢᠷ᠎ᠠ᠎ᠶᠢᠨ ᠵᠢᠯ᠎ᠡᠴᠡ᠂ ᠮᠠᠨ᠎ᠤ ᠤᠯᠤᠰ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠎ᠪᠡᠷ ᠭᠣᠣᠯᠳᠠᠯᠭ᠎ᠠ ᠪᠣᠯᠭᠠᠵᠤ᠂ ᠴᠦᠯᠯᠡᠷᠭᠡᠭᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶᠢ ᠪᠦᠬᠦ ᠲᠠᠯ᠎ᠠ᠎ᠪᠠᠷ ᠠᠬᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠪᠥᠬᠥ ᠤᠯᠤᠰ᠎ᠲᠤ ᠡᠯᠡᠰᠦᠷᠬᠡᠭᠵᠢᠭᠰᠡᠨ ᠭᠠᠵᠠᠷ ᠰᠢᠷᠣᠢ ᠵᠢ ᠵᠠᠰᠠᠭᠰᠠᠨ ᠲᠠᠯᠠᠪᠠᠢ 1.52 ᠳ᠋ᠦᠩᠰᠢᠭᠤᠷ ᠮᠦ᠍᠎ᠳᠦ ᠬᠦᠷᠪᠡ᠃ 2023 ᠣᠨ᠎ᠤ 6 ᠰᠠᠷ᠎ᠠ᠎ᠳᠤ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ ᠡᠬᠢᠯᠡᠭᠰᠡᠨ᠎ᠡᠴᠡ ᠨᠠᠭᠠᠰᠢ᠂ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ ᠨᠡᠶ᠋ᠢᠲᠡ 2.44 ᠳ᠋ᠦᠩᠰᠢᠭᠤᠷ ᠮᠦ᠍ ᠪᠡᠶᠡᠯᠡᠭᠦᠯᠵᠦ᠂ ᠨᠢᠭᠡ ᠪᠦᠯᠦᠭ ᠭᠣᠣᠯᠳᠠᠯᠭ᠎ᠠ᠎ᠲᠠᠢ ᠵᠠᠰᠠᠯᠲᠠ᠎ᠶᠢᠨ ᠲᠥᠷᠥᠯ ᠵᠦᠢᠯ᠎ᠢ ᠲᠦᠷᠭᠡᠳᠬᠡᠨ ᠬᠡᠷᠡᠭᠵᠢᠭᠦᠯᠪᠡ᠃ ᠡᠨᠡ ᠵᠢᠯ᠂ ᠲᠥᠪ᠎ᠡᠴᠡ 277 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ 328 ᠭᠣᠣᠯᠳᠠᠯᠭ᠎ᠠ᠎ᠲᠠᠢ ᠲᠥᠷᠥᠯ ᠵᠦᠢᠯ᠎ᠢ ᠬᠡᠷᠡᠭᠵᠢᠭᠦᠯᠬᠦ ᠪᠡᠷ ᠲᠥᠯᠥᠪᠯᠡᠵᠦ᠂ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ 9500 ᠭᠠᠷᠤᠢ ᠲᠦᠮᠡᠨ ᠮᠦ᠍ ᠲᠣᠬᠢᠷᠠᠭᠤᠯᠪᠠ᠃

ᠣᠷᠳᠣ᠌ ᠬᠤᠭᠤᠴᠠᠭ᠎ᠠ᠎ᠪᠠᠷ ᠦᠷᠭᠦᠯᠵᠢᠯᠡᠨ ᠵᠠᠰᠠᠬᠤ᠎ᠪᠠᠷ ᠳᠡᠮᠵᠢᠨ᠂ ᠮᠠᠨ᠎ᠤ ᠤᠯᠤᠰ᠎ᠤᠨ ᠡᠯᠡᠰᠦᠷᠬᠡᠭ ᠣᠷᠣᠨ᠎ᠤ ᠠᠮᠢ ᠠᠬᠤᠢ᠎ᠶᠢᠨ ᠪᠠᠢᠳᠠᠯ ᠲᠠᠰᠤᠷᠠᠯᠲᠠ ᠦᠭᠡᠢ ᠰᠠᠢᠵᠢᠷᠠᠪᠠ᠃ ᠪᠥᠬᠥ ᠤᠯᠤᠰ᠎ᠤᠨ ᠡᠯᠡᠰᠦᠷᠬᠡᠭᠵᠢᠭᠰᠡᠨ ᠭᠠᠵᠠᠷ ᠰᠢᠷᠣᠢ᠎ᠶᠢᠨ ᠲᠠᠯᠠᠪᠠᠶ 4 ᠬᠢᠨᠠᠨ ᠬᠡᠮᠵᠢᠬᠦ ᠬᠤᠭᠤᠴᠠᠭ᠎ᠠ᠎ᠳᠦ ᠵᠠᠯᠭᠠᠭ᠎ᠠ᠎ᠪᠠᠷ ᠬᠠᠰᠤᠭᠳᠠᠵᠤ᠂ ᠳᠡᠭᠡᠷ᠎ᠡ ᠵᠠᠭᠤᠨ᠎ᠤ ᠰᠡᠭᠦᠯᠴᠢ᠎ᠳᠦ ᠵᠢᠯ ᠳᠤᠮᠳᠠᠴᠢ᠎ᠪᠠᠷ 515 ᠲᠦᠮᠡᠨ ᠮᠦ᠍ ᠥᠷᠭᠡᠵᠢᠵᠦ ᠪᠠᠢᠭᠰᠠᠨ ᠡᠴᠡ᠎ᠪᠠᠨ ᠣᠲᠣ᠌ ᠵᠢᠯ ᠳᠤᠮᠳᠠᠴᠢ᠎ᠪᠠᠷ 1000 ᠲᠦᠮᠡᠨ ᠮᠦ᠍ ᠪᠠᠭᠠᠰᠬᠤ ᠪᠣᠯᠵᠤ ᠬᠤᠪᠢᠷᠠᠪᠠ᠃ ᠨᠠᠢ᠍ᠮᠠᠨ ᠶᠡᠬᠡ ᠡᠯᠡᠰᠦ᠂ ᠳᠥᠷᠪᠡᠨ ᠶᠡᠬᠡ ᠡᠯᠡᠰᠦᠷᠬᠡᠭ ᠭᠠᠵᠠᠷ᠎ᠤᠨ ᠬᠥᠷᠥᠰᠥ ᠰᠢᠷᠣᠢ᠎ᠶᠢᠨ ᠰᠠᠯᠬᠢᠨ᠎ᠳᠤ ᠢᠳᠡᠭᠳᠡᠭᠰᠡᠨ ᠶᠡᠷᠦᠩᠬᠡᠢ ᠬᠡᠮᠵᠢᠶ᠎ᠡ 2000 ᠣᠨ᠎ᠤ ᠬᠢ᠎ᠡᠴᠡ ᠪᠠᠷᠤᠭ 40% ᠪᠡᠷ ᠪᠠᠭᠤᠷᠠᠵᠤ᠂ ᠭᠣᠣᠯᠳᠠᠯᠭ᠎ᠠ᠎ᠲᠠᠢ ᠵᠠᠰᠠᠯᠳᠠ᠎ᠶᠢᠨ ᠣᠷᠣᠨ᠎ᠳᠤ 《ᠡᠯᠡᠰᠦ ᠤᠷᠤᠭᠰᠢᠯᠠᠵᠤ ᠬᠥᠮᠥᠨ ᠤᠬᠤᠷᠢᠵᠤ》 ᠪᠠᠢᠭᠰᠠᠨ ᠡᠴᠡ᠎ᠪᠠᠨ 《ᠨᠣᠭᠣᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠭᠰᠠᠨ》 ᠲᠡᠦᠬᠡᠲᠦ ᠴᠢᠨᠠᠷᠲᠠᠢ ᠬᠤᠪᠢᠷᠠᠯᠲᠠ᠎ᠶᠢ ᠪᠡᠶᠡᠯᠡᠭᠦᠯᠪᠡ᠃ ᠡᠯᠡᠰᠦᠨ ᠰᠢᠭᠤᠷᠭ᠎ᠠ᠎ᠶᠢᠨ ᠡᠬᠢ ᠰᠤᠷᠪᠤᠯᠵᠢ᠎ᠶᠢᠨ ᠵᠠᠰᠠᠯᠲᠠ᠎ᠶᠢ ᠴᠢᠩᠭᠠᠳᠬᠠᠬᠤ᠎ᠶᠢᠨ ᠬᠠᠮᠲᠤ᠂ ᠮᠠᠨ᠎ᠤ ᠤᠯᠤᠰ ᠡᠯᠡᠰᠦᠨ ᠰᠢᠭᠤᠷᠭ᠎ᠠ᠎ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠲᠣᠭᠲᠠᠴᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃

ᠡᠭᠦᠨ᠎ᠦ ᠬᠠᠮᠲᠤ᠂ ᠮᠠᠨ᠎ᠤ ᠤᠯᠤᠰ 《ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠴᠦᠯᠯᠡᠷᠭᠡᠭᠵᠢᠯ᠎ᠢ ᠰᠡᠷᠭᠡᠢᠯᠡᠨ ᠵᠠᠰᠠᠬᠤ ᠨᠡᠶ᠋ᠢᠲᠡ᠎ᠶᠢᠨ ᠭᠡᠷ᠎ᠡ》 ᠶ᠋ᠢ ᠢᠳᠡᠪᠬᠢᠲᠡᠢ ᠭᠦᠢᠴᠡᠳᠬᠡᠵᠦ᠂ ᠴᠦᠯᠯᠡᠷᠭᠡᠭᠵᠢᠯ᠎ᠢ ᠰᠡᠷᠭᠡᠢᠯᠡᠨ ᠵᠠᠰᠠᠬᠤ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠦᠷᠭᠦᠯᠵᠢᠯᠡᠨ ᠠᠬᠢᠭᠤᠯᠵᠤ᠂ ᠤᠯᠠᠨ ᠤᠯᠤᠰ᠎ᠤᠨ ᠪᠣᠯᠪᠠᠰᠤᠷᠠᠯ᠂ ᠮᠡᠷᠭᠡᠵᠢᠯ᠎ᠦᠨ ᠰᠣᠯᠢᠯᠴᠠᠭ᠎ᠠ᠂ ᠲᠦᠷᠦᠯ ᠵᠦᠢᠯ᠎ᠦᠨ ᠬᠠᠮᠲᠤᠷᠠᠯᠴᠠᠭ᠎ᠠ ᠵᠡᠷᠭᠡ ᠠᠷᠭ᠎ᠠ ᠬᠡᠯᠪᠡᠷᠢ᠎ᠪᠡᠷ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠭᠰᠠᠨ ᠲᠤᠷᠰᠢᠯᠭ᠎ᠠ᠎ᠪᠠᠨ ᠬᠤᠪᠢᠶᠠᠯᠴᠠᠵᠤ᠂ ᠪᠦᠬᠦ ᠪᠥᠮᠪᠥᠷᠴᠡᠭ᠎ᠦᠨ ᠴᠦᠯᠯᠡᠷᠭᠡᠭᠵᠢᠯ᠎ᠢ ᠵᠠᠰᠠᠬᠤ ᠪᠠ ᠡᠯᠡᠰᠦᠨ ᠰᠢᠭᠤᠷᠭ᠎ᠠ᠎ᠶᠢᠨ ᠭᠠᠮᠰᠢᠭ᠋᠎ᠢ ᠰᠡᠷᠭᠡᠢᠯᠡᠨ ᠵᠠᠰᠠᠬᠤ᠎ᠳᠤ ᠳᠤᠮᠳᠠᠳᠤ ᠤᠯᠤᠰ᠎ᠤᠨ ᠤᠶᠤᠨ ᠤᠬᠠᠭᠠᠨ ᠪᠣᠯᠣᠨ ᠳᠤᠮᠳᠠᠳᠤ ᠤᠯᠤᠰ᠎ᠤᠨ ᠲᠥᠰᠥᠯ᠎ᠢ ᠬᠠᠨᠳᠢᠪᠯᠡᠪᠠ᠃

2023 ᠣᠨ᠎ᠳᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠶᠡᠬᠡ ᠬᠤᠷᠠᠯ ᠡᠴᠡ ᠵᠢᠯ ᠪᠦᠷᠢ᠎ᠶᠢᠨ 7 ᠰᠠᠷ᠎ᠠ᠎ᠶᠢᠨ 12᠎ᠤ᠋ᠨ ᠡᠳᠦᠷ᠎ᠢ ᠡᠯᠡᠰᠦᠨ ᠰᠢᠭᠤᠷᠭ᠎ᠠ᠎ᠶᠢ ᠰᠡᠷᠭᠡᠢᠯᠡᠨ ᠵᠠᠰᠠᠬᠤ ᠤᠯᠠᠨ ᠤᠯᠤᠰ᠎ᠤᠨ ᠡᠳᠦᠷ ᠪᠣᠯᠭᠠᠬᠤ᠎ᠪᠠᠷ ᠲᠣᠭᠲᠠᠪᠠ᠃ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠶᠡᠬᠡ ᠬᠤᠷᠠᠯ ᠡᠴᠡ ᠪᠠᠰᠠ 2025 ᠣᠨ ᠡᠴᠡ 2034 ᠣᠨ ᠪᠣᠯᠲᠠᠯᠠᠬᠢ ᠬᠤᠭᠤᠴᠠᠭ᠎ᠠ ᠵᠢ 《ᠡᠯᠡᠰᠦᠨ ᠰᠢᠭᠤᠷᠭ᠎ᠠ᠎ᠶᠢ ᠰᠡᠷᠭᠡᠢᠯᠡᠨ ᠵᠠᠰᠠᠬᠤ ᠠᠷᠪᠠᠨ ᠵᠢᠯ》 ᠭᠡᠵᠦ ᠨᠡᠢᠲᠡᠯᠡᠪᠡ᠃

 (ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 7 ᠰᠠᠷ᠎ᠠ᠎ᠶᠢᠨ 12 ᠤ᠋ᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号