ᠤᠢᠷ᠎ᠠ ᠳ᠋ᠤ᠂ ᠦᠪᠤᠷ ᠮᠤᠡᠭᠭᠤᠯᠤᠨ ᠥᠪᠡᠷᠲᠡᠭᠡᠨ ᠵᠠᠰᠠᠬᠤ ᠣᠷᠤᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠡᠴᠡ ᠭᠤᠤᠯᠯᠠᠨ ᠡᠷᠬᠢᠯᠡᠵᠦ᠍᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠨ ᠤᠯᠤᠰ ᠤ᠋ᠨ ᠮᠤᠩᠭᠤᠯ ᠡᠮᠨᠡᠯᠭᠡ ᠵᠢᠨ ᠬᠤᠷᠢᠶ᠎ᠠ ᠡᠴᠡ ᠬᠠᠷᠢᠭᠤᠴᠠᠨ ᠡᠷᠬᠢᠯᠡᠭᠰᠡᠨ ᠪᠦᠬᠦ᠌ ᠣᠷᠤᠨ ᠤ᠋ ᠬᠢᠲᠠᠳ ᠡᠮ ᠡᠮᠨᠡᠯᠭᠡ (ᠮᠣᠩᠭᠤᠯ ᠡᠮ ᠡᠮᠨᠡᠯᠭᠡ) ᠵᠢᠨ ᠪᠠᠷᠢᠮᠵᠢᠶᠠᠵᠢᠭᠤᠯᠤᠯᠳᠠ ᠵᠢᠨ ᠴᠢᠳᠠᠪᠤᠷᠢᠲᠠᠨ ᠤ᠋ ᠪᠣᠯᠪᠠᠰᠤᠷᠠᠯ ᠬᠥᠬᠡᠬᠤᠲᠠ ᠳ᠋ᠤ ᠶᠠᠪᠤᠭᠳᠠᠪᠠ᠃
ᠲᠣᠰ ᠤᠳᠠᠭ᠎ᠠ ᠵᠢᠨ ᠪᠤᠯᠪᠠᠰᠤᠷᠠᠯ ᠤ᠋ᠨ ᠬᠢᠴᠢᠶᠡᠯ ᠤ᠋ᠨ ᠰᠢᠰᠲᠧᠮ ᠨᠢ ᠦᠨᠳᠦᠰᠦᠲᠡᠨ ᠤ᠋ ᠡᠮ ᠡᠮᠨᠡᠯᠭᠡ ᠵᠢᠨ ᠪᠠᠷᠢᠮᠵᠢᠶᠠᠵᠢᠭᠤᠯᠤᠯᠲᠠ ᠵᠢᠨ ᠪᠥᠬᠦ᠌ ᠬᠡᠯᠬᠢᠶ᠎ᠡ ᠵᠢᠴᠢ ᠴᠠᠭ ᠦᠶ᠎ᠡ ᠵᠢᠨ ᠬᠤᠰᠢᠭᠤᠷᠠᠯ ᠬᠠᠨᠳᠤᠰᠢ ᠪᠠ ᠪᠣᠳᠠᠲᠤ ᠰᠤᠷᠢᠯᠳᠠ ᠵᠢ ᠬᠠᠮᠤᠷᠴᠠᠢ᠃ ᠪᠤᠯᠪᠠᠰᠤᠷᠠᠯᠳᠤ ᠤᠯᠤᠰ ᠤ᠋ᠨ ᠳᠣᠲᠤᠭᠠᠳᠤ ᠵᠢᠨ ᠡᠷᠬᠡ ᠰᠦᠷᠲᠦ᠍ ᠲᠤᠰᠭᠠᠢ ᠮᠡᠷᠭᠡᠵᠢᠯᠲᠡᠨ ᠢ᠋ ᠤᠷᠢᠵᠤ ᠂ ᠬᠢᠲᠠᠳ ᠡᠮ ᠡᠮᠨᠡᠯᠭᠡ ᠵᠢᠨ ᠪᠠᠷᠢᠮᠵᠢᠶᠠᠵᠢᠭᠤᠯᠤᠯᠲᠠ ᠵᠢᠨ ᠰᠠᠭᠤᠷᠢ᠂ ᠤᠯᠤᠰ ᠤ᠋ᠨ ᠪᠠᠷᠢᠮᠵᠢᠶ᠎ᠠ ᠬᠢᠭᠡᠳ ᠠᠵᠢᠯ ᠲᠥᠷᠦᠯ ᠤ᠋ᠨ ᠪᠠᠷᠢᠮᠵᠢᠶ᠎ᠠ ᠳ᠋ᠤ ᠵᠠᠰᠠᠪᠤᠷᠢ ᠣᠷᠤᠭᠤᠯᠤᠭᠰᠠᠨ᠂ ISO ᠣᠯᠠᠨ ᠤᠯᠤᠰ ᠤ᠋ᠨ ᠪᠠᠷᠢᠮᠵᠢᠶ᠎ᠠ᠂ ᠮᠣᠩᠭᠤᠯ ᠡᠮ ᠡᠮᠨᠡᠯᠭᠡ ᠵᠢᠨ ᠪᠠᠷᠢᠮᠵᠢᠶ᠎ᠠ ᠵᠢ ᠨᠠᠢᠷᠠᠭᠤᠯᠤᠨ ᠵᠣᠬᠢᠶᠠᠬᠤ ᠵᠢᠴᠢ ᠨᠠᠢᠷᠠᠯᠭ᠎ᠠ ᠵᠢ ᠪᠦᠷᠢᠳᠬᠡᠨ ᠵᠢᠷᠤᠮᠵᠢᠭᠤᠯᠬᠤ ᠵᠡᠷᠭᠡ ᠤᠯᠠᠨ ᠠᠭᠤᠯᠭ᠎ᠠ ᠳ᠋ᠤ ᠰᠢᠰᠲᠧᠮᠳᠤ ᠲᠠᠶ᠋ᠢᠯᠤᠮᠵᠢ ᠬᠢᠯᠭᠡᠭᠰᠡᠨ ᠤ᠋ ᠬᠠᠮᠲᠤ᠌ ᠮᠣᠩᠭᠤᠯ ᠡᠮᠨᠡᠯᠭᠡ ᠵᠢᠨ ᠲᠠᠷᠢᠬᠢᠨ ᠤ᠋ ᠡᠪᠡᠳᠴᠢᠨ ᠢ᠋ ᠣᠨᠤᠰᠢᠯᠠᠨ ᠡᠮᠨᠡᠬᠦ᠌ ᠨᠡᠢᠲᠡᠯᠢᠭ ᠬᠡᠷᠡᠭ ᠤ᠋ᠨ ᠵᠢᠱ᠌ᠢᠶ᠎ᠡ ᠲᠠᠢ ᠤᠶᠠᠯᠳᠤᠭᠤᠯᠤᠨ᠂ ᠪᠠᠷᠢᠮᠵᠢᠶᠠᠵᠢᠭᠤᠯᠤᠯᠳᠠ ᠵᠢᠨ ᠪᠠᠢᠭᠤᠯᠤᠯᠲᠠ ᠵᠢᠨ ᠦᠢᠯᠡᠳᠦᠯᠭᠡ ᠵᠢᠨ ᠲᠤᠷᠰᠢᠯᠭ᠎ᠠ ᠵᠢ ᠬᠤᠪᠢᠶᠠᠯᠴᠠᠪᠠ᠃ ᠣᠯᠠᠨ ᠦᠨᠳᠦᠰᠦᠲᠡᠨ ᠤ᠋ ᠡᠮ ᠡᠮᠨᠡᠯᠭᠡ ᠵᠢ ᠠᠭᠤᠰᠤᠯᠴᠠᠭᠤᠯᠤᠨ ᠰᠢᠨ᠎ᠡ ᠵᠢ ᠡᠭᠦᠳᠬᠦ ᠳ᠋ᠤ ᠠᠩᠬᠠᠷᠤᠯ ᠵᠢᠠᠨ ᠬᠠᠨᠳᠤᠭᠤᠯᠵᠤ᠂ ᠤᠯᠤᠰ ᠤ᠋ᠨ ᠳᠣᠲᠤᠭᠠᠳᠤ ᠭᠠᠳᠠᠭᠠᠳᠤ ᠵᠢᠨ ᠨᠠᠷᠠᠲᠤ᠌ ᠡᠷᠳᠡᠮᠲᠡᠨ ᠢ᠋ ᠤᠷᠢᠵᠤ ᠪᠥᠬᠦ᠌ ᠪᠥᠮᠪᠦᠷᠴᠡᠭ ᠤ᠋ᠨ ᠤᠯᠠᠮᠵᠢᠯᠠᠯᠲᠤ᠌ ᠠᠨᠠᠭᠠᠬᠤ ᠤᠬᠠᠭᠠᠨ ᠤ᠋ ᠬᠥᠭᠵᠢᠯᠲᠡ ᠵᠢᠨ ᠬᠠᠨᠳᠤᠰᠢ ᠳ᠋ᠤ ᠳᠠᠢᠯᠤᠮᠵᠢ ᠬᠢᠯᠭᠡᠵᠤ᠂ ᠦᠨᠳᠦᠰᠦᠲᠡᠨ ᠤ᠋ ᠡᠮ ᠡᠮᠨᠡᠯᠭᠡ ᠵᠢᠨ ᠰᠢᠨ᠎ᠡ ᠵᠢ ᠡᠭᠦᠳᠭᠦ ᠣᠨᠤᠯ ᠤ᠋ᠨ ᠰᠢᠰᠲᠧᠮ ᠬᠢᠭᠡᠳ ᠣᠯᠠᠨ ᠦᠨᠳᠦᠰᠦᠲᠡᠨ ᠤ᠋ ᠡᠮ ᠡᠮᠨᠡᠯᠭᠡ ᠵᠢᠨ ᠭᠡᠷᠡᠴᠢᠯᠡᠯ ᠤ᠋ᠨ ᠰᠤᠳᠤᠯᠭᠠᠨ ᠤ᠋ ᠦᠷ᠎ᠡ ᠪᠦᠲᠦᠭᠡᠯ ᠢ᠋ ᠬᠤᠪᠢᠶᠠᠯᠴᠠᠨ ᠰᠤᠷᠤᠯᠴᠠᠪᠠ᠃ ᠪᠠᠰᠠ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠨ ᠤᠯᠤᠰ ᠤ᠋ᠨ ᠮᠤᠩᠭᠤᠯ ᠡᠮᠨᠡᠯᠭᠡ ᠵᠢᠨ ᠬᠤᠷᠢᠶ᠎ᠠ ᠵᠢᠨ ᠲᠤᠰᠭᠠᠢ ᠮᠡᠷᠭᠡᠵᠢᠯᠲᠡᠨ ᠡᠴᠡ ᠮᠣᠩᠭᠤᠯ ᠡᠮᠨᠡᠯᠭᠡ ᠵᠢᠨ ᠦᠪᠡᠷᠮᠢᠴᠡ ᠤᠨᠴᠠᠯᠢᠭ ᠲᠠᠢ ᠡᠮᠴᠢᠯᠡᠭᠡᠨ ᠤ᠋ ᠠᠷᠭ᠎ᠠ ᠵᠢᠨ ᠬᠠᠮᠤᠭ ᠤ᠋ᠨ ᠰᠢᠨ᠎ᠡ ᠡᠷᠳᠡᠮ ᠰᠢᠨᠵᠢᠯᠡᠭᠡᠨ ᠤ᠋ ᠠᠬᠢᠴᠠ ᠵᠢ ᠭᠤᠤᠯᠳᠠᠯᠭ᠎ᠠ ᠲᠠᠢ ᠲᠠᠨᠢᠯᠴᠠᠭᠤᠯᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号