ᠦᠪᠦᠷ ᠮᠤᠨᠭᠭᠤᠯ ᠴᠡᠴᠡᠭ ᠎ᠦᠨ ᠲᠣᠭᠣᠰᠣᠨ᠎ᠳ᠋ᠤ ᠬᠠᠷᠰᠢᠬᠤ ᠡᠪᠡᠳᠴᠢᠨ᠎ᠢ ᠰᠡᠷᠭᠡᠢᠯᠡᠨ ᠵᠠᠰᠠᠬᠤ ᠴᠢᠬᠤᠯᠠ ᠶᠡᠬᠡ ᠵᠢᠱ᠌ᠢᠶ᠎ᠡ ᠦᠵᠡᠭᠦᠯᠬᠦ ᠲᠥᠷᠥᠯ ᠵᠦᠢᠯ᠎ᠢ ᠠᠬᠢᠭᠤᠯᠵᠤ ᠪᠤᠢ
2026-07-15 10:25:20
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠬᠤᠯᠠ ᠶᠡᠬᠡ  ᠵᠢᠱ᠌ᠢᠶ᠎ᠡ  ᠦᠵᠡᠭᠦᠯᠬᠦ ᠲᠥᠷᠥᠯ ᠵᠦᠢᠯ (ᠴᠡᠴᠡᠭ᠎ᠦᠨ ᠲᠣᠭᠣᠰᠣᠨ᠎ᠤ ᠬᠠᠷᠰᠢᠮᠠᠳᠠᠭᠠᠢ ᠴᠢᠨᠠᠷ᠎ᠢ ᠰᠡᠷᠭᠡᠢᠯᠡᠨ ᠵᠠᠰᠠᠬᠤ) ᠤ᠋ᠨ 《ᠲᠤᠨᠭᠬᠠᠭ ᠨᠡᠢᠲᠡᠯᠡᠵᠦ ᠮᠠᠩᠯᠠᠢᠯᠠᠭᠴᠢ ᠡᠯᠰᠡᠬᠦ》 ᠲᠥᠷᠥᠯ ᠵᠦᠢᠯ᠎ᠦᠨ ᠥᠪᠥᠷ  ᠮᠣᠩᠭᠣᠯ᠎ᠤᠨ ᠭᠠᠵᠠᠷ ᠣᠷᠣᠨ᠎ᠤ ᠴᠡᠴᠡᠭ᠎ᠦᠨ ᠲᠣᠭᠣᠰᠣᠨ᠎ᠤ ᠬᠠᠷᠰᠢᠮᠠᠳᠠᠭᠠᠢ ᠴᠢᠨᠠᠷ᠎ᠢ ᠰᠡᠷᠭᠡᠢᠯᠡᠨ ᠡᠵᠡᠮᠳᠡᠬᠦ ᠵᠢᠴᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ  ᠰᠢᠰᠲᠧᠮ᠎ᠤᠨ ᠪᠠᠢᠭᠤᠯᠤᠯᠲᠠ ᠵᠢᠨ ᠬᠥᠬᠡᠬᠣᠲᠠ᠎ᠶᠢᠨ ᠬᠣᠲᠠ᠎ᠶᠢᠨ ᠲᠡᠬᠦᠷᠭᠡ ᠵᠢᠨ 1000 ᠮᠦ᠍ ᠵᠢᠨ ᠲᠤᠷᠰᠢᠯᠲᠠ᠎ᠶᠢᠨ ᠵᠠᠭᠪᠤᠷ᠎ᠲᠤ ᠵᠢᠯᠣᠭᠣᠴᠢ ᠦᠭᠡᠢ ᠨᠢᠰᠬᠡᠯ᠎ᠶ᠋ᠢᠡᠷ ᠡᠮ ᠰᠦᠷᠴᠢᠬᠦ ᠠᠵᠢᠯ᠎ᠢ ᠥᠷᠨᠢᠭᠦᠯᠵᠦ᠂ ᠥᠪᠥᠷ ᠮᠣᠩᠭᠣᠯ᠎ᠤᠨ ᠰᠢᠷᠠᠯᠵᠢ᠎ᠵᠢᠨ ᠲᠦᠷᠦᠯ᠎ᠤᠨ ᠤᠷᠭᠤᠮᠠᠯ᠎ᠤᠨ ᠴᠡᠴᠡᠭ᠎ᠤᠨ ᠲᠤᠭᠤᠰᠤᠨ᠎ᠤ ᠬᠠᠷᠰᠢᠮᠠᠳᠠᠭᠠᠢ ᠴᠢᠨᠠᠷ᠎ᠢ ᠡᠬᠢ ᠡᠬᠦᠰᠦᠯ ᠡᠴᠡ ᠨᠢ ᠬᠣᠷᠢᠭ᠍ᠯᠠᠬᠤ  ᠲᠤᠷᠰᠢᠯᠲᠠ᠎ᠵᠢᠨ ᠠᠵᠢᠯ᠎ᠢ ᠡᠬᠢᠯᠡᠬᠦᠯᠵᠡᠢ᠃

ᠤᠢᠯᠠᠭᠠᠭᠰᠠᠨ᠎ᠶ᠋ᠢᠡᠷ ᠂ 2025 ᠣᠨ᠎ᠳᠤ  ᠦᠪᠦᠷ  ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ ᠲᠣᠰ ᠴᠢᠬᠤᠯᠠ ᠶᠡᠬᠡ ᠵᠢᠱ᠌ᠢᠶ᠎ᠡ ᠦᠵᠡᠭᠦᠯᠬᠦ ᠲᠥᠷᠥᠯ ᠵᠦᠢᠯ᠎ᠢ ᠡᠬᠢᠯᠡᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠦᠢᠯᠡᠴᠢᠯᠡᠭᠡᠨ᠎ᠦ ᠲᠥᠪ ᠲᠦᠷᠦᠭᠦᠯᠡᠨ᠂ ᠳᠤᠮᠳᠠᠳᠤ ᠤᠯᠤᠰ᠎ᠤᠨ ᠴᠠᠭ ᠠᠭᠤᠷ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ  ᠬᠦᠷᠢᠶᠡᠯᠡᠩ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠹᠦᠳᠠᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ ᠬᠣᠷᠢᠶ᠎ᠠ ᠵᠡᠷᠭᠡ ᠠᠷᠪᠠᠨ ᠨᠢᠭᠡᠴᠢ᠎ᠲᠠᠢ ᠬᠠᠮᠲᠤᠷᠠᠨ  ᠬᠡᠷᠡᠭᠵᠢᠭᠦᠯᠵᠦ᠂ 500 ᠲᠦᠮᠡᠨ ᠲᠥᠭᠥᠷᠢᠭ᠎ᠦᠨ ᠲᠤᠰᠬᠠᠢ ᠪᠡᠯᠡ ᠮᠥᠩᠭᠥ  ᠤᠷᠤᠭᠤᠯᠬᠤ᠎ᠵᠦᠪᠰᠢᠶᠡᠷᠡᠯ᠎ᠢ ᠤᠯᠵᠠᠢ᠃

ᠲᠤᠰ ᠲᠥᠷᠥᠯ ᠵᠦᠢᠯ᠎ᠦᠨ ᠪᠦᠯᠬᠦᠮ᠎ᠤᠨ ᠬᠢᠨ ᠴᠡᠴᠡᠭ᠎ᠦᠨ ᠲᠣᠭᠣᠰᠣ᠌᠎ᠶᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠳ᠋ᠠᠢᠲ᠋ᠠ ᠬᠥᠮᠥᠷᠭᠡ᠎ᠳᠦ ᠲᠦᠰᠢᠭᠯᠡᠨ᠂ ᠲᠣᠰ ᠭᠠᠵᠠᠷ᠎ᠤᠨ ᠰᠢᠷᠠᠯᠵᠢ᠎ᠶᠢᠨ ᠲᠥᠷᠥᠯ᠎ᠦᠨ ᠤᠷᠭᠤᠮᠠᠯ᠎ᠤᠨ ᠤᠷᠭᠤᠯᠳᠠ ᠵᠢᠨ ᠵᠢᠮ᠎ᠡ ᠶᠣᠰᠣ᠌ ᠵᠢᠴᠢ  ᠲᠤᠬᠠᠢ᠎ᠶᠢᠨ ᠴᠠᠭ᠎ᠤᠨ ᠬᠢᠨᠠᠨ ᠬᠡᠮᠵᠢᠭᠰᠡᠨ ᠲᠣᠭ᠎ᠠ ᠪᠠᠷᠢᠮᠲᠠ᠎ᠲᠠᠢ ᠪᠠᠨ ᠤᠶᠠᠯᠳᠤᠭᠤᠯᠤᠨ᠂ ᠰᠢᠷᠠᠯᠵᠢ ᠵᠢᠨ ᠴᠡᠴᠡᠭ ᠲᠡᠯᠪᠢᠯᠡᠬᠦ᠎ᠠᠴᠠ ᠡᠮᠦᠨᠡᠬᠢ ᠬᠣᠶᠠᠷ ᠭᠠᠷᠠᠭ ᠪᠣᠯ ᠬᠠᠮᠤᠭ᠎ᠤᠨ ᠰᠠᠢᠨ ᠡᠮ ᠰᠦᠷᠴᠢᠬᠦ  ᠬᠤᠭᠤᠴᠠᠭ᠎ᠠ ᠪᠣᠯᠣᠨ᠎ᠠ᠂ ᠡᠮᠲᠦ  ᠪᠣᠳᠠᠰ᠎ᠢᠶᠠᠷ ᠳᠠᠮᠵᠢᠭᠤᠯᠤᠨ ᠰᠢᠷᠠᠯᠵᠢ᠎ᠶᠢᠨ  ᠴᠡᠴᠡᠭ ᠎ᠦᠨ ᠪᠠᠭ ᠪᠠ ᠴᠡᠴᠡᠭ᠎ᠦᠨ ᠲᠣᠭᠣᠰᠣ᠌᠎ᠶᠢᠨ ᠪᠣᠶ ᠪᠣᠯᠬᠤ᠎ᠶᠢ ᠡᠬᠢ ᠦᠨᠳᠦᠰᠦ᠎ᠡᠴᠡ ᠨᠢ  ᠪᠠᠭᠠᠰᠬᠠᠵᠤ  ᠪᠤᠯᠬᠤ ᠵᠢ  ᠮᠡᠳᠡᠵᠡᠢ᠃

ᠲᠣᠰ ᠤᠳᠠᠭ᠎ᠠ ᠵᠢᠨ ᠲᠤᠷᠰᠢᠯᠲᠠ᠎ᠵᠢᠨ ᠲᠣᠭ᠎ᠠ ᠪᠠᠷᠢᠮᠲᠠ᠎ᠶᠢᠨ ᠦᠷ᠎ᠡ ᠪᠦᠲᠦᠭᠡᠯ᠎ᠳᠦ ᠲᠦᠰᠢᠭᠯᠡᠨ᠂ ᠲᠥᠷᠥᠯ ᠵᠦᠢᠯ᠎ᠦᠨ ᠪᠦᠯᠬᠦᠮ᠎ᠤᠨ ᠬᠢᠨ ᠥᠪᠥᠷ ᠮᠣᠩᠭᠣᠯ᠎ᠤᠨ ᠡᠯ᠎ᠡ ᠨᠡᠢᠲᠡᠯᠢᠭ ᠣᠷᠣᠨ ᠪᠦᠰᠡ᠎ᠶᠢᠨ ᠰᠢᠷᠠᠯᠵᠢ᠎ᠶᠢᠨ ᠤᠷᠭᠤᠴᠠ ᠵᠢᠨ ᠪᠠᠢᠳᠠᠯ ᠵᠢᠴᠢ  ᠠᠭᠤᠷ ᠠᠮᠢᠰᠬᠤᠯ᠎ᠤᠨ ᠣᠨᠴᠠᠯᠢᠭ᠋᠎ᠲᠤ ᠤᠯᠠᠮ ᠨᠢᠭᠡ ᠠᠯᠬᠤᠮ ᠰᠢᠰᠲᠧᠮᠲᠦ ᠴᠢᠨᠠᠷᠲᠠᠢ ᠰᠤᠳᠤᠯᠭᠠᠨ ᠥᠷᠨᠢᠭᠦᠯᠵᠦ᠂  ᠭᠠᠵᠠᠷ ᠣᠷᠣᠨ ᠬᠤᠪᠢᠶᠠᠨ ᠡᠮ ᠰᠦᠷᠴᠢᠬᠦ ᠬᠠᠮᠤᠭ᠎ᠤᠨ ᠰᠠᠢᠨ ᠬᠤᠭᠤᠴᠠᠭ᠎ᠠ ᠪᠠ  ᠪᠠᠷᠢᠮᠵᠢᠶ᠎ᠠ᠎ᠶᠢ ᠨᠠᠷᠢᠯᠢᠭ᠍ᠵᠢᠭᠤᠯᠤᠨ᠂ ᠪᠥᠬᠥ ᠣᠷᠣᠨ ᠪᠦᠰᠡ᠎ᠶᠢᠨ ᠰᠢᠷᠠᠯᠵᠢ᠎ᠶᠢᠨ ᠲᠣᠭᠣᠰᠣᠨ᠎ᠤ ᠡᠬᠢ ᠡᠭᠦᠰᠦᠯ᠎ᠢ ᠬᠠᠮᠢᠶᠠᠷᠤᠨ ᠡᠵᠡᠮᠳᠡᠬᠦ ᠮᠡᠷᠭᠡᠵᠢᠯ᠎ᠦᠨ ᠰᠢᠰᠲᠧᠮ᠎ᠢ ᠲᠡᠭᠦᠯᠳᠡᠷᠵᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号