ᠴᠢᠯᠠᠭᠤᠳᠤ ᠪᠠᠯᠭᠠᠰᠤᠨ ᠎ᠤ ᠳᠤᠮᠳᠠᠳᠤ ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ ᠎ᠶᠢᠨ ᠤᠬᠠᠮᠰᠠᠷ ᠎ᠢ ᠪᠠᠲᠤ ᠴᠤᠭᠴᠠᠯᠠᠨ 《ᠰᠡᠳᠬᠢᠯ᠎ᠢᠶᠡᠨ ᠨᠢᠭᠡᠳᠬᠡᠵᠦ ᠰᠦᠭ ᠰᠦᠨᠡᠰᠦ ᠪᠠᠨ ᠱᠤᠭᠤᠬᠤ 》 ᠰᠢᠷᠢᠰ ᠠᠵᠢᠯᠯᠠᠭ᠎ᠠ ᠡᠬᠢᠯᠡᠵᠡᠢ
2026-07-16 11:00:55
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠣᠶ᠎ᠶᠢ ᠪᠠᠶᠠᠷᠯᠠᠨ ᠪᠡᠯᠭᠡᠯᠡᠵᠤ᠂ ᠲᠤᠬᠠᠢ ᠵᠢᠨ ᠭᠠᠵᠠᠷ ᠎ᠤᠨ ᠦᠨᠳᠦᠰᠦᠲᠡᠨ᠎ᠨᠦᠭᠦᠳ᠎ᠦᠨ ᠮᠠᠯᠴᠢᠨ ᠲᠠᠷᠢᠶᠠᠴᠢᠨ ᠲᠦᠮᠡᠨ ᠎ᠦ ᠰᠣᠶᠣᠯ ᠎ᠤᠨ ᠠᠮᠢᠳᠤᠷᠠᠯ ᠎ᠢ ᠤᠯᠠᠮ ᠨᠢᠭᠡ ᠠᠯᠬᠤᠮ ᠪᠠᠶᠠᠯᠢᠭ᠍ᠵᠢᠭᠤᠯᠥᠨ᠂  ᠪᠦᠬᠦ ᠪᠠᠯᠭᠠᠰᠤᠨ᠎ᠤ ᠺᠠᠳ᠋ᠷ ᠣᠯᠠᠨ ᠲᠦᠮᠡᠨ ᠎ᠦ ᠥᠭᠡᠳᠡᠯᠡᠨ ᠳᠠᠪᠰᠢᠬᠤ᠂ ᠪᠦᠯᠬᠦᠮᠳᠡᠨ ᠲᠡᠮᠡᠴᠡᠬᠦ ᠰᠢᠨ᠎ᠡ ᠴᠠᠭ ᠦᠶ᠎ᠡ᠎ᠶᠢᠨ ᠴᠤᠭ ᠵᠢᠪᠬᠤᠭ᠎ᠠ ᠵᠢ ᠳᠡᠯᠭᠡᠨ ᠦᠵᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠤ ᠪᠣᠳᠠᠲᠠᠢᠵᠢᠭᠤᠯᠥᠨ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠥ ᠵᠢᠨ ᠲᠥᠯᠥᠭᠡ᠂ 7 ᠰᠠᠷ᠎ᠠ ᠎ᠶᠢᠨ 9 ᠎ᠤ᠋ ᠡᠳᠦᠷ ᠲᠦᠩᠯᠢᠶᠣᠣ ᠬᠣᠲᠠ᠎ᠶᠢᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ ᠎ᠤ ᠴᠢᠯᠠᠭᠤᠲᠤ ᠪᠠᠯᠭᠠᠰᠤ ᠳᠤᠮᠳᠠᠳᠤ᠎ᠶᠢᠨ ᠦᠨᠳᠦᠰᠦᠲᠡᠨ᠎ᠦ ᠬᠠᠮᠲᠤ ᠎ᠶᠢᠨ ᠴᠣᠭᠴᠠ᠎ᠶᠢᠨ ᠤᠬᠠᠮᠰᠠᠷ ᠎ᠢ ᠪᠠᠲᠤ ᠴᠤᠭᠴᠠᠯᠠᠬᠤ《ᠰᠡᠳᠬᠢᠯ᠎ᠢᠶᠡᠨ ᠨᠢᠭᠡᠳᠬᠡᠵᠦ᠂ ᠰᠦᠭ ᠰᠦᠨᠡᠰᠦ ᠎ᠪᠡᠨ ᠱᠤᠭᠤᠬᠤ》 ᠰᠢᠷᠢᠰ ᠠᠵᠢᠯᠯᠠᠭ᠎ᠠ ᠪᠠᠨ ᠡᠬᠢᠯᠡᠭᠥᠯᠪᠡ᠃

ᠲᠤᠰ ᠰᠢᠷᠢᠰ ᠠᠵᠢᠯᠯᠠᠭ᠎ᠠ ᠤᠯᠠᠨ ᠲᠦᠮᠡᠨ᠎ᠦ ᠦᠵᠡᠵᠦ ᠰᠣᠨᠢᠷᠬᠠᠬᠤ ᠳᠤᠷᠠᠲᠠᠢ ᠰᠣᠶᠣᠯ᠂ ᠪᠡᠶ᠎ᠡ᠎ᠶᠢᠨ ᠲᠠᠮᠢᠷ᠎ᠤᠨ ᠲᠦᠷᠦᠯ ᠵᠦᠢᠯ᠎ᠢᠶᠡᠷ ᠭᠣᠣᠯ ᠠᠴᠢᠶᠠᠯᠠᠪᠤᠷᠢ ᠪᠣᠯᠭᠠᠵᠠᠢ᠃ᠠᠩᠬᠠᠨ᠎ᠤ ᠠᠵᠢᠯᠯᠠᠭ᠎ᠠ ᠪᠤᠯᠬᠤ ᠠᠭᠤᠳᠠᠮ ᠲᠠᠯᠠᠪᠠᠢ᠎ᠶᠢᠨ ᠪᠥᠵᠢᠭ᠎ᠦᠨ ᠤᠷᠤᠯᠳᠤᠭᠠᠨ᠎ᠳᠤ ᠪᠦᠬᠦ ᠪᠠᠯᠭᠠᠰᠤᠨ᠎ᠤ 12 ᠭᠠᠴᠠᠭᠠᠨ᠎ᠤ 13 ᠲᠥᠯᠥᠭᠡᠯᠡᠭᠴᠢᠳ᠎ᠦᠨ ᠠᠩᠭᠢ ᠡᠭᠡᠯᠵᠢᠯᠡᠨ ᠳᠠᠢᠰᠠᠨ ᠳ᠋ᠤ ᠭᠠᠷᠴᠥ᠂ ᠢᠷᠠᠭᠤ ᠰᠠᠢᠬᠠᠨ ᠬᠥᠭ ᠠᠶᠠᠰ᠎ᠤᠨ ᠳᠤᠮᠳᠠ ᠤᠷᠠᠨ ᠰᠠᠢᠬᠠᠨ ᠪᠥᠵᠢᠭ ᠵᠢᠡᠨ ᠣᠷᠭᠢᠯᠤᠮ᠎ᠠ ᠬᠠᠯᠠᠭᠤᠨ ᠰᠡᠳᠬᠢᠯᠭᠡ᠎ᠪᠡᠷ ᠲᠤᠬᠯᠠᠭᠰᠨᠨ ᠪᠠᠢᠨ᠎ᠠ᠃

ᠳᠠᠷᠠᠭ᠎ᠠ ᠨᠢ ᠳᠡᠭᠡᠰᠥ ᠲᠠᠲᠠᠬᠤ ᠤᠷᠤᠯᠳᠤᠭᠠᠨ ᠢᠳᠡ ᠬᠥᠭ ᠲᠠᠢ ᠶᠠᠪᠤᠬᠳᠠᠪᠠ᠃ᠲᠤᠬᠠᠢ ᠵᠢᠨ ᠲᠠᠯᠠᠪᠠᠢ ᠳ᠋ᠤ ᠤᠤᠬᠠᠢᠯᠠᠨ ᠬᠠᠰᠬᠢᠷᠬᠤ ᠲᠠᠭᠤᠨ ᠲᠠᠰᠤᠷᠠᠯᠳᠠ ᠦᠭᠡᠢ ᠴᠤᠤᠷᠢᠶᠠᠳᠤᠵᠤ᠂ ᠥᠪᠡᠷ ᠥᠪᠡᠷ᠎ᠤᠨ ᠲᠥᠯᠥᠭᠡᠯᠡᠭᠴᠢᠳ᠎ᠤᠨ ᠠᠩᠬᠢ ᠪᠠᠨ ᠵᠤᠷᠢᠬᠵᠢᠭᠤᠯᠵᠤ ᠤᠷᠮᠠᠰᠢᠭᠤᠯᠤᠨ᠂ ᠲᠤᠬᠠᠢ ᠵᠢᠨ ᠭᠠᠵᠠᠷ᠎ᠤᠨ ᠮᠠᠯᠴᠢᠨ ᠲᠦᠮᠡᠨ᠎ᠦ ᠪᠦᠯᠬᠦᠮᠳᠡᠨ ᠬᠠᠮᠵᠢᠯᠴᠠᠵᠤ᠂ ᠲᠡᠷᠢᠭᠦᠨ᠎ᠦ ᠬᠢ ᠪᠣᠯᠬᠤ᠎ᠪᠠᠷ ᠡᠷᠡᠯᠬᠡᠭᠯᠡᠨ ᠲᠡᠮᠡᠴᠡᠬᠦ ᠡᠷᠴᠢ ᠵᠤᠷᠢᠬ᠂ ᠴᠤᠭ ᠵᠢᠪᠬᠤᠭ᠎ᠠ ᠵᠢ ᠢᠯᠡᠷᠡᠭᠦᠯᠵᠡᠢ᠃

ᠲᠤᠰ ᠰᠢᠷᠢᠰ ᠠᠵᠢᠯᠯᠠᠭ᠎ᠠ ᠨᠢ ᠰᠣᠶᠣᠯ ᠪᠡᠶ᠎ᠡ᠎ᠶᠢᠨ ᠲᠠᠮᠢᠷ᠎ᠢᠶᠠᠷ ᠬᠥᠭᠥᠷᠭᠡ ᠪᠣᠯᠭᠠᠵᠤ᠂ ᠪᠦᠬᠦ ᠪᠠᠯᠭᠠᠰᠤᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠬᠠᠷᠢᠯᠴᠠᠨ ᠶᠠᠪᠤᠯᠴᠠᠵᠤ ᠬᠠᠷᠢᠯᠴᠠᠨ ᠠᠭᠤᠰᠤᠯᠴᠠᠬᠤ ᠥᠷᠭᠡᠨ ᠠᠭᠤᠳᠠᠮ ᠲᠠᠪᠴᠠᠩ᠎ᠢ ᠬᠠᠩᠭᠠᠨ᠂ ᠪᠠᠶᠠᠷ ᠪᠠᠶᠠᠰᠥᠯᠳᠥ ᠠᠵᠢᠯᠯᠠᠭ᠎ᠠ ᠪᠡᠷ ᠳᠠᠮᠵᠢᠨ᠂ 《ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠦᠨ ᠬᠥᠮᠥᠰ ᠮᠡᠲᠦ ᠳᠤᠲᠤᠨᠤ》 ᠭᠡᠬᠦ ᠤᠢᠯᠠᠭᠠᠭᠳᠠᠬᠤᠨ᠎ᠢ ᠴᠢᠯᠠᠭᠤᠲᠤ ᠨᠤᠳᠤᠬ᠎ᠤᠨ ᠥᠩ ᠰᠢᠮᠡᠯᠢᠭ ᠬᠥᠷᠥᠰᠥᠨ᠎ᠳᠦ ᠭᠦᠨ ᠦᠨᠳᠦᠰᠦᠯᠡᠭᠦᠯᠥᠭᠰᠡᠨ ᠪᠠᠢᠨ᠎ᠠ᠃

ᠴᠢᠯᠠᠭᠤᠲᠤ ᠪᠠᠯᠭᠠᠰᠤᠨ᠎ᠤ ᠨᠠᠮ᠎ᠤᠨ ᠬᠣᠷᠢᠶ᠎ᠠ᠎ᠵᠢᠨ ᠱᠦᠵᠢ ᠯᠢ ᠰᠢᠶᠣᠣ ᠶᠦᠩ᠄《ᠲᠣᠰ ᠤᠳᠠᠭᠠᠨ ᠎ᠤ ᠠᠵᠢᠯᠯᠠᠭ᠎ᠠ ᠪᠡᠷ ᠳᠠᠮᠵᠢᠨ᠂ ᠮᠠᠯᠴᠢᠨ ᠲᠠᠷᠢᠶᠠᠴᠢᠳ᠎ᠲᠦ ᠤᠢᠷ᠎ᠠ ᠬᠠᠪᠢ ᠳ᠋ᠤᠨᠢ ᠰᠣᠶᠣᠯ ᠎ᠤᠨ ᠦᠢᠯᠡᠴᠢᠯᠡᠭᠡ ᠡᠳ᠋ᠯᠡᠭᠦᠯᠦᠭᠰᠡᠨ ᠎ᠢᠶᠡᠷ ᠪᠠᠷᠠᠬᠤ ᠦᠭᠡᠢ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠪᠠ ᠡᠯ᠎ᠡ ᠭᠠᠴᠠᠭᠠᠨ ᠎ᠤ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠴᠢᠩᠭᠠᠳᠬᠠᠵᠤ᠂ ᠬᠥᠳᠡᠭᠡ ᠎ᠶᠢᠨ ᠪᠣᠯᠪᠠᠰᠤᠨ ᠰᠤᠷᠲᠠᠯ᠎ᠢ ᠤᠯᠠᠮ ᠨᠢᠭᠡ ᠠᠯᠬᠤᠮ ᠳᠡᠯᠭᠡᠷᠡᠭᠥᠯᠵᠠᠢ᠂ ᠳᠠᠷᠠᠭᠠᠴᠢ᠎ᠪᠡᠷ ᠪᠢᠳᠡ ᠤᠯᠠᠨ ᠲᠦᠮᠡᠨ᠎ᠦ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠎ᠶᠢ ᠪᠠᠢᠩᠭᠤ ᠥᠷᠨᠢᠭᠦᠯᠵᠦ᠂ ᠪᠦᠬᠦ ᠪᠠᠯᠭᠠᠰᠤᠨ᠎ᠤ ᠡᠶ᠎ᠡ ᠨᠠᠢᠷᠠᠮᠳᠠᠭᠤ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ ᠎ᠤ ᠪᠦᠲᠦᠭᠡᠨ ᠪᠠᠢᠭᠤᠯᠤᠯᠲᠠ ᠎ᠳᠤ ᠲᠠᠰᠤᠷᠠᠯᠳᠡ ᠦᠭᠡᠢ ᠠᠮᠢᠵᠢᠷᠠᠯ ᠎ᠤᠨ ᠬᠦᠴᠦᠨ ᠨᠡᠮᠡᠷᠢᠯᠡᠨ᠎ᠡ》ᠭᠡᠵᠦ ᠰᠤᠷᠪᠤᠯᠵᠢᠯᠠᠭᠴᠢ ᠎ᠳᠤ ᠬᠡᠯᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号