ᠳᠤᠮᠳᠠᠳᠤ ᠮᠣᠩᠭᠣᠯ ᠤᠷᠤᠰ᠎ᠤᠨ ᠬᠥᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ ᠪᠠᠢᠭᠤᠯᠤᠭᠳᠠᠪᠠ
2026-07-16 10:50:48
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 5 ᠎ᠤ᠋ ᠡᠳᠦᠷ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠡᠴᠡ ᠭᠣᠣᠯᠯᠠᠨ ᠡᠷᠬᠢᠯᠡᠭᠰᠡᠨ 《ᠳᠤᠮᠳᠠᠳᠤ ᠤᠯᠤᠰ᠎ᠤᠨ ᠪᠡᠶ᠎ᠡ᠎ᠪᠡᠨ ᠳᠠᠭᠠᠭᠠᠭᠰᠠᠨ ᠬᠢᠯᠢ ᠬᠢᠵᠠᠭᠠᠷ᠎ᠤᠨ ᠰᠤᠳᠤᠯᠤᠯ᠎ᠤᠨ ᠮᠡᠳᠡᠯᠭᠡ᠎ᠶᠢᠨ ᠰᠢᠰᠲ᠋ᠧᠮ ᠪᠣᠯᠣᠨ ᠡᠷᠬᠢᠨ ᠲᠣᠭᠣᠷᠢᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ》 ᠳᠡᠭᠡᠳᠦ ᠲᠡᠰ᠎ᠤᠨ ᠶᠠᠷᠢᠶᠠᠨ᠎ᠤ ᠲᠠᠪᠴᠠᠩ ᠵᠢᠴᠢ ᠳᠤᠮᠳᠠᠳᠤ ᠮᠣᠩᠭᠣᠯ ᠤᠷᠤᠰ᠎ᠤᠨ ᠬᠥᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ ᠤ᠋ᠨ ᠫᠠᠢᠰᠠ ᠰᠡᠬᠦᠬᠦ ᠶᠣᠰᠣᠯᠠᠯ ᠬᠥᠬᠡᠬᠣᠲᠠ᠎ᠳᠤ ᠶᠠᠪᠤᠭᠳᠠᠪᠠ᠃

ᠶᠠᠷᠢᠶᠠᠨ᠎ᠤ ᠲᠠᠪᠴᠠᠩ ᠳᠡᠭᠡᠷ᠎ᠡ᠂ ᠤᠯᠠᠨ ᠲᠤᠰᠬᠠᠢ ᠮᠡᠷᠭᠡᠵᠢᠯᠲᠡᠨ ᠡᠷᠳᠡᠮᠲᠡᠳ ᠤᠭᠰᠠᠭᠠᠳᠠᠨ ᠵᠦᠢ᠂ ᠬᠥᠮᠥᠨ ᠲᠥᠷᠥᠯᠬᠢᠲᠡᠨ᠎ᠦ ᠰᠤᠳᠤᠯᠤᠯ᠂ ᠬᠠᠭᠤᠴᠢ ᠰᠤᠳᠤᠯᠤᠯ᠂ ᠲᠡᠦᠬᠡ᠎ᠶᠢᠨ ᠤᠬᠠᠭᠠᠨ᠂ ᠨᠡᠢᠭᠡᠮ᠎ᠦᠨ ᠤᠬᠠᠭᠠᠨ᠂ ᠤᠯᠤᠰ ᠲᠦᠷᠦ᠎ᠶᠢᠨ ᠤᠬᠠᠭᠠᠨ᠂ ᠭᠠᠵᠠᠷ ᠵᠦᠢ᠎ᠶᠢᠨ ᠤᠬᠠᠭᠠᠨ᠂ ᠠᠮᠢ ᠠᠬᠤᠢ᠎ᠶᠢᠨ ᠤᠬᠠᠭᠠᠨ᠂ ᠠᠵᠤ ᠠᠬᠤᠢ᠎ᠶᠢᠨ ᠤᠬᠠᠭᠠᠨ ᠵᠡᠷᠭᠡ ᠰᠢᠨᠵᠢᠯᠡᠭᠡᠨ᠎ᠦ ᠰᠠᠯᠠᠭ᠎ᠠ ᠠᠯᠤᠰᠯᠠᠭᠰᠠᠨ ᠬᠠᠷᠠᠭᠠᠰᠤ ᠡᠴᠡ ᠬᠢᠯᠢ ᠬᠢᠵᠠᠭᠠᠷ᠎ᠤᠨ ᠵᠠᠰᠠᠯᠲᠠ᠂ ᠣᠷᠣᠨ ᠪᠦᠰᠡ ᠤᠯᠤᠰ᠎ᠤᠨ ᠢᠯᠭᠠᠯ ᠎ᠤᠨ ᠰᠤᠳᠤᠯᠭᠠᠨ᠂ ᠳᠤᠮᠳᠠᠳᠤ ᠮᠣᠩᠭᠣᠯ ᠤᠷᠤᠰ᠎ᠤᠨ ᠬᠠᠮᠲᠤᠷᠠᠯᠴᠠᠭ᠎ᠠ ᠪᠣᠯᠣᠨ ᠡᠷᠬᠢᠨ ᠲᠣᠭᠣᠷᠢᠨ ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ ᠵᠡᠷᠭᠡ ᠵᠥᠪᠯᠡᠬᠦ ᠰᠡᠳᠦᠪ ᠎ᠦᠨ ᠲᠤᠭᠤᠷᠢᠨ ᠳ᠋ᠤ ᠲᠡᠦᠬᠡ ᠪᠣᠯᠣᠨ ᠣᠳᠣᠬᠢ ᠪᠠᠢᠳᠠᠯ᠂ ᠤᠨᠤᠯ ᠠᠷᠭ᠎ᠠ ᠵᠢᠴᠢ ᠰᠤᠳᠤᠯᠭᠠᠨ᠎ᠤ ᠬᠦᠷᠢᠶᠡᠨ᠎ᠦ ᠰᠣᠯᠪᠢᠴᠠᠯ ᠠᠭᠤᠰᠤᠯᠴᠠᠯ ᠵᠡᠷᠭᠡ᠎ᠶᠢᠨ ᠲᠣᠭᠣᠷᠢᠨ ᠎ᠳᠤ ᠭᠦᠨᠵᠡᠭᠡᠢ ᠰᠤᠳᠤᠯᠤᠨ ᠶᠠᠷᠢᠯᠴᠠᠵᠠᠢ᠃ ᠪᠡᠭᠡᠵᠢᠩ ᠶᠡᠬᠡ ᠰᠤᠷᠭᠠᠭᠤᠯᠢ᠂ ᠴᠢᠩᠬᠤᠸᠠ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠂ ᠵᠦᠩᠱᠠᠨ ᠶᠡᠬᠡ ᠰᠤᠷᠭᠠᠭᠤᠯᠢ᠂ ᠰᠢᠶᠠᠮᠧᠨ ᠶᠡᠬᠡ ᠰᠤᠷᠭᠠᠭᠤᠯᠢ᠂ ᠰᠧᠴᠦᠸᠠᠨ ᠶᠡᠬᠡ ᠰᠤᠷᠭᠠᠭᠤᠯᠢ᠂ ᠯᠠᠨᠵᠧᠦ ᠶᠡᠬᠡ ᠰᠤᠷᠭᠠᠭᠤᠯᠢ ᠵᠡᠷᠭᠡ ᠤᠯᠤᠰ᠎ᠤᠨ ᠳᠣᠲᠣᠭᠠᠳᠤ᠎ᠶᠢᠨ ᠲᠡᠷᠢᠭᠦᠨ ᠵᠡᠷᠭᠡ᠎ᠶᠢᠨ ᠶᠡᠬᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ 40 ᠭᠠᠷᠤᠢ ᠨᠠᠷᠠᠲᠤ ᠲᠤᠰᠬᠠᠢ ᠮᠡᠷᠭᠡᠵᠢᠯᠲᠡᠨ ᠡᠷᠳᠡᠮᠲᠡᠳ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃

ᠳᠤᠮᠳᠠᠳᠤ ᠮᠣᠩᠭᠣᠯ ᠤᠷᠤᠰ᠎ᠤᠨ ᠬᠥᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ ᠪᠤᠯ ᠤᠯᠤᠰ ᠎ᠤᠨ ᠤᠮᠠᠷᠠᠰᠢ ᠨᠡᠭᠡᠭᠡᠯᠲᠡ ᠬᠢᠬᠦ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ ᠱᠠᠭᠠᠷᠳᠠᠯᠭ᠎ᠠ ᠎ᠶᠢᠨ ᠲᠣᠭᠣᠷᠢᠨ᠎ᠳᠤ ᠡᠷᠳᠡᠮ ᠰᠢᠨᠵᠢᠯᠡᠭᠡᠨ᠎ᠦ ᠨᠥᠯᠥᠭᠡᠯᠡᠬᠦ ᠬᠦᠴᠦᠨ ᠪᠠ ᠰᠢᠢᠳᠪᠦᠷᠢᠲᠦ ᠪᠣᠳᠣᠯᠭ᠎ᠠ᠎ᠶᠢᠨ ᠯᠠᠪᠯᠠᠯᠲᠠ᠎ᠶᠢᠨ ᠦᠨ᠎ᠡ ᠦᠷᠳᠡᠭ᠎ᠲᠠᠢ ᠴᠢᠬᠤᠯᠠ ᠦᠷ᠎ᠡ ᠪᠦᠲᠦᠭᠡᠯ᠎ᠢ ᠪᠤᠢ ᠪᠤᠯᠭᠠᠵᠤ᠂ ᠤᠯᠠᠨ ᠤᠯᠤᠰ ᠎ᠤᠨ ᠬᠠᠷᠠᠭ᠎ᠠ᠎ᠲᠠᠢ᠂ ᠬᠢᠯᠢ ᠬᠢᠵᠠᠭᠠᠷ᠎ᠤᠨ ᠵᠠᠰᠠᠯᠲᠠ᠎ᠶᠢᠨ ᠰᠤᠳᠤᠯᠭᠠᠨ᠎ᠤ ᠳᠡᠭᠡᠳᠦ ᠲᠡᠰ ᠎ᠤᠨ ᠴᠢᠳᠠᠪᠤᠷᠢᠲᠠᠨ᠎ᠢ ᠬᠥᠮᠥᠵᠢᠭᠦᠯᠵᠦ᠂ ᠬᠢᠯᠢ ᠬᠢᠵᠠᠭᠠᠷ᠎ᠤᠨ ᠰᠤᠳᠤᠯᠭᠠᠨ᠂ ᠣᠷᠣᠨ ᠪᠦᠰᠡ ᠤᠯᠤᠰ᠎ᠤᠨ ᠢᠯᠭᠠᠯ᠎ᠤᠨ ᠰᠤᠳᠤᠯᠭᠠᠨ ᠪᠠ ᠳᠤᠮᠳᠠᠳᠤ ᠤᠯᠤᠰ᠎ᠤᠨ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲ᠋ᠧᠮ᠎ᠤᠨ ᠪᠠᠢᠭᠤᠯᠤᠯᠲᠠ ᠳᠤᠮᠳᠠ ᠴᠢᠬᠤᠯᠠ ᠶᠡᠬᠡ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ᠎ᠢ ᠴᠢᠷᠮᠠᠢᠨ ᠭᠠᠷᠭᠠᠬᠤ ᠪᠣᠯᠣᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号