ᠠᠭᠠᠭᠢᠮ᠎ᠠ ᠬᠠᠯᠠᠭᠤᠨ᠎ᠤᠯᠠᠷᠢᠯ ᠳ᠋ᠡᠬᠢ ᠴᠠᠬᠢᠯᠭᠠᠨ ᠬᠠᠩᠭᠠᠬᠤ ᠠᠵᠢᠯᠳᠠᠳ ᠤ᠋ᠨ ᠪᠠᠳᠦ ᠰᠠᠬᠢᠶ᠎ᠠ
2026-07-16 09:26:40
ᠵᠣᠬᠢᠶᠠᠭ᠍ᠴᠢ᠄
ᠭᠤᠤ ᠬᠤᠢ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 26᠎ᠤ᠋ ᠣᠷᠤᠢ᠂ ᠬᠥᠬᠡᠬᠤᠲᠠ᠎ᠶ᠋ᠢᠨ ᠲᠠᠷᠢᠶᠠᠨ ᠭᠠᠵᠠᠷ᠎ᠲᠤ᠌ ᠤᠰᠤ ᠲᠠᠲᠠᠬᠤ ᠮᠠᠰᠢᠨ ᠬᠦᠷᠴᠢᠭᠢᠨᠡᠵᠦ᠂ ᠬᠠᠲᠤᠨ ᠭᠣᠤᠯ᠎ᠤᠨ ᠤᠰᠤ ᠤᠰᠤᠨ ᠬᠣᠭᠤᠯᠠᠢ ᠪᠡᠷ ᠳᠠᠮᠵᠢᠨ ᠡᠷᠳᠡᠨᠢ ᠰᠢᠰᠢ᠎ᠶ᠋ᠢᠨ ᠲᠠᠷᠢᠶᠠᠨ᠎ᠳᠤ ᠤᠷᠤᠰᠤᠨ ᠣᠷᠤᠨ᠎ᠠ; ᠡᠯ᠎ᠡ ᠲᠣᠮᠤ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ ᠲᠸ᠋᠂ ᠮᠧᠬᠠᠨᠢᠭ ᠭᠠᠷ ᠨᠠᠷᠢᠯᠢᠭ ᠣᠨᠤᠴᠠᠲᠠᠢ᠎ᠪᠠᠷ ᠬᠦᠳᠡᠯᠦᠨ᠂ ᠲᠣᠭᠲᠠᠭᠤᠨ ᠠᠵᠢᠯᠯᠠᠨ᠎ᠠ; ᠰᠠᠭᠤᠭᠠᠯᠢ ᠠᠷᠠᠳ᠎ᠤᠨ ᠭᠡᠷ ᠲᠤᠳᠤᠷᠠᠬᠢ ᠠᠭᠠᠷ ᠲᠣᠬᠢᠷᠠᠭᠤᠯᠤᠭᠴᠢ ᠳᠤᠬᠳᠠᠭᠤᠨ ᠵᠢᠡᠷ ᠠᠵᠢᠯᠯᠠᠵᠤ᠂ ᠵᠤᠨ᠎ᠤ ᠬᠠᠯᠠᠭᠤᠨ᠎ᠳᠦ ᠳᠠᠭᠠᠯᠠᠮᠵᠢᠳᠠᠢ ᠤᠷᠴᠢᠨ ᠬᠠᠩᠭᠠᠨ᠎ᠠ᠃

ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ᠌ ᠴᠠᠬᠢᠯᠭᠠᠨ᠎ᠨᠢ ᠨᠠᠮᠤᠷ᠎ᠤᠨ ᠠᠮᠤ ᠪᠤᠳᠠᠭᠠᠨ᠎ᠤ ᠬᠤᠷᠢᠶᠠᠯᠲᠠ᠎ᠲᠠᠢ ᠬᠤᠯᠪᠤᠭᠳᠠᠵᠤ᠂ ᠠᠵᠤ ᠦᠢᠯᠡᠳᠪᠦᠷᠢ᠎ᠳᠤ ᠬᠡᠷᠡᠭᠯᠡᠬᠦ᠌ ᠴᠠᠬᠢᠯᠭᠠᠨ᠎ᠨᠢ ᠠᠵᠤ ᠠᠬᠤᠢ᠎ᠶ᠋ᠢᠨ ᠠᠮᠢᠨ ᠰᠤᠳᠠᠰᠤ᠎ᠶ᠋ᠢ ᠡᠵᠡᠮᠳᠡᠵᠦ᠂ ᠠᠷᠠᠳ ᠤᠯᠠᠨ᠎ᠤ ᠠᠮᠢᠳᠤᠷᠠᠯ᠎ᠳ᠋ᠦ ᠬᠡᠷᠡᠭᠯᠡᠬᠦ᠌ ᠴᠠᠬᠢᠯᠭᠠᠨ᠎ᠨᠢ ᠲᠦᠭ ᠲᠦᠮᠡᠨ ᠠᠶ᠋ᠢᠯ ᠡᠷᠦᠬᠡ᠎ᠲᠠᠢ ᠬᠤᠯᠪᠤᠭᠳᠠᠨ᠎ᠠ — ᠭᠷᠠᠳᠦ᠋ᠰ ᠪᠦᠷᠢ ᠵᠢᠨ ᠴᠠᠬᠢᠯᠭᠠᠨ ᠤ᠋ ᠠᠷᠤ ᠳ᠋ᠦ ᠪᠦᠷ ᠲᠠᠷᠢᠶᠠᠨ ᠭᠠᠵᠠᠷ᠎ᠤᠨ ᠬᠦᠰᠡᠯ ᠡᠷᠡᠮᠡᠯᠵᠡᠯ᠂ ᠠᠵᠤ ᠦᠢᠯᠡᠰ᠎ᠤᠨ ᠯᠤᠭᠰᠢᠯᠲᠠ ᠪᠣᠯᠤᠨ ᠬᠤᠳᠠ᠎ᠶ᠋ᠢᠨ ᠭᠡᠷᠡᠯ᠎ᠭᠡᠭᠡ ᠵᠢ ᠠᠴᠢᠶᠠᠯᠠᠵᠤ ᠪᠠᠶ᠋ᠢᠳᠠᠭ ᠃

ᠵᠤᠨ ᠤᠷᠤᠭᠰᠠᠨ᠎ᠠᠴᠠ ᠨᠠᠭᠠᠰᠢ᠂ ᠬᠥᠬᠡᠬᠤᠲᠠ᠎ᠶ᠋ᠢᠨ ᠰᠣᠶᠤᠯ ᠵᠢᠭᠤᠯᠴᠢᠯᠠᠯ᠎ᠤᠨ ᠵᠠᠬ᠎ᠠ ᠳᠡᠯᠭᠡᠭᠦᠷ ᠦᠷᠭᠦᠯᠵᠢᠯᠡᠨ ᠬᠦᠭᠵᠢᠶᠡᠨ ᠲᠠᠢ ᠪᠤᠯᠵᠦ᠂ ᠥᠪᠦᠷ ᠮᠣᠩᠭᠤᠯ᠎ᠤᠨ ᠬᠥᠯ ᠪᠥᠮᠪᠦᠭᠡ᠎ᠶ᠋ᠢᠨ ᠬᠡᠳᠦ ᠲᠡᠰ᠎ᠤᠨ ᠬᠤᠯᠪᠤᠭᠠᠲᠤ᠌ ᠤᠷᠤᠯᠳᠤᠭᠠᠨ᠂ ᠤᠯᠠᠨ ᠲᠠᠯᠠᠪᠤᠷ ᠲᠦᠮᠡᠨ ᠬᠥᠮᠦᠨ᠎ᠤ ᠳᠠᠭᠤᠤ᠎ᠶ᠋ᠢᠨ ᠴᠤᠭᠯᠠᠭᠠᠨ ᠵᠡᠷᠭᠡ ᠲᠤᠮᠤ ᠬᠡᠯᠪᠡᠷᠢ᠎ᠶ᠋ᠢᠨ ᠰᠣᠶᠤᠯ ᠲᠠᠮᠢᠷ᠎ᠤᠨ ᠠᠵᠢᠯᠯᠠᠭ᠎ᠠ᠎ᠵᠢ ᠲᠠᠷᠠᠭᠠᠯᠠᠨ ᠡᠷᠬᠢᠯᠡᠵᠦ᠍᠂ ᠴᠡᠯᠡᠭᠡᠷ ᠲᠠᠯ᠎ᠠ᠂ ᠪᠡᠶ᠎ᠡ᠎ᠶ᠋ᠢᠨ ᠲᠠᠮᠢᠷ᠎ᠤᠨ ᠲᠠᠯᠠᠪᠠᠢ᠂ ᠡᠯ᠎ᠡ ᠲᠤᠮᠤ ᠬᠤᠳᠠᠯᠳᠤᠭᠠᠨ᠎ᠤ ᠲᠣᠭᠤᠷᠢᠭ ᠵᠢᠴᠢ ᠦᠵᠡᠮᠵᠢ᠎ᠶ᠋ᠢᠨ ᠣᠷᠤᠨ᠎ᠤ ᠲᠠᠯᠠᠪᠤᠷ ᠣᠷᠳᠤᠨ᠎ᠤ ᠬᠥᠮᠦᠰ᠎ᠶᠡᠬᠡ ᠬᠡᠮᠵᠢᠶ᠎ᠡ ᠪᠡᠷ ᠲᠥᠪᠯᠡᠷᠡᠪᠡ᠃ ᠥᠨᠳᠦᠷ ᠠᠭᠠᠷ᠎ᠤᠨ ᠳᠤᠯᠠᠭᠠᠨ᠎ᠤ ᠴᠠᠭ ᠠᠭᠤᠷ᠎ᠨᠢ ᠠᠵᠢᠯᠯᠠᠭᠠᠨ᠎ᠤ ᠣᠷᠭᠢᠯ᠎ᠤᠨ ᠬᠤᠭᠤᠴᠠᠭ᠎ᠠ᠎ᠲᠠᠢ ᠳᠠᠪᠬᠤᠴᠠᠵᠤ᠂ ᠬᠤᠲᠠ᠎ᠶ᠋ᠢᠨ ᠴᠠᠬᠢᠯᠭᠠᠨ ᠬᠡᠷᠡᠭᠯᠡᠬᠦ᠌ ᠳᠠᠭᠠᠭᠠᠴᠠ᠎ᠶ᠋ᠢ ᠦᠷᠭᠦᠯᠵᠢᠯᠡᠨ ᠨᠡᠮᠡᠭᠳᠡᠭᠦᠯᠵᠦ᠂ ᠠᠵᠢᠯᠯᠠᠭ᠎ᠠ ᠨᠢᠭᠡᠪᠦᠷᠢ᠎ᠶ᠋ᠢᠨ ᠤᠷᠤᠭᠰᠢᠲᠠᠢ᠎ᠪᠠᠷ ᠡᠷᠭᠢᠯᠡᠬᠦ᠎ᠶ᠋ᠢᠨ ᠠᠷᠤ᠎ᠳᠤ ᠴᠥᠮ ᠴᠠᠬᠢᠯᠭᠠᠨ ᠬᠦᠴᠦᠨ᠎ᠤ ᠬᠠᠲᠠᠭᠤ ᠲᠤᠯᠭᠠᠭᠤᠷᠢᠯᠠᠯ ᠪᠤᠢ᠃

6 ᠰᠠᠷ᠎ᠠ᠎ᠶ᠋ᠢᠨ 26 ᠎ᠤ᠋ ᠡᠳᠦᠷ᠂ ᠬᠥᠬᠡᠬᠤᠲᠠ᠎ᠶ᠋ᠢᠨ ᠰᠢᠨ᠎ᠡ ᠬᠤᠲᠠ ᠲᠣᠭᠤᠷᠢᠭ᠎ᠤᠨ ᠳ᠋ᠦᠩ ᠾᠧ ᠵᠡᠭᠡᠯᠢ ᠭᠤᠳᠤᠮᠵᠢ᠎ᠵᠢᠨ ᠬᠤᠷᠴᠢᠨ ᠠᠵᠢᠯᠯᠠᠭᠠᠨ᠎ᠢ ᠬᠠᠮᠠᠭᠠᠯᠠᠬᠤ ᠥᠷᠲᠡᠭᠡ᠎ᠳᠤ ᠬᠦᠷᠬᠦ ᠳ᠋ᠦ᠂ ᠥᠷᠲᠡᠭᠡᠨ᠎ᠤ 18 ᠠᠵᠢᠯᠯᠠᠭᠠᠨ᠎ᠢ ᠬᠠᠮᠠᠭᠠᠯᠠᠬᠤ ᠠᠵᠢᠯᠲᠠᠨ ᠲᠥᠬᠦᠭᠡᠷᠦᠮᠵᠢ᠎ᠶ᠋ᠢᠨ ᠬᠡᠳᠦ ᠤᠯᠠᠭᠠᠨ ᠰᠠᠴᠤᠷᠠᠬ᠎ᠤᠨ ᠬᠠᠯᠠᠭᠤᠨ᠎ᠢ ᠬᠡᠮᠵᠢᠬᠦ᠌ ᠪᠠ ᠰᠥᠨᠢ᠎ᠶ᠋ᠢᠨ ᠲᠣᠭᠤᠷᠢᠨ ᠪᠠᠶ᠋ᠢᠴᠠᠭᠠᠬᠤ ᠤᠳᠠᠭ᠎ᠠ ᠪᠡᠨ ᠨᠢᠮᠪᠠᠢ ᠲᠤᠬᠢᠷᠠᠭᠤᠯᠤᠨ᠎ᠠ᠃ 《ᠵᠣᠨ᠎ᠤ ᠤᠯᠠᠷᠢᠯ᠎ᠳᠤ ᠴᠠᠬᠢᠯᠭᠠᠨ ᠬᠡᠷᠡᠭᠯᠡᠬᠦ᠌ ᠳᠠᠭᠠᠭᠠᠴᠠ ᠲᠦᠷᠭᠡᠨ ᠨᠡᠮᠡᠭᠳᠡᠭᠰᠡᠨ᠎ᠢᠶᠡᠷ ᠪᠠᠷᠠᠬᠤ ᠥᠬᠡᠢ᠂ ᠲᠥᠬᠦᠭᠡᠷᠦᠮᠵᠢ᠎ᠶ᠋ᠢᠨ ᠬᠠᠯᠠᠬᠤ ᠪᠠᠢᠳᠠᠯ᠎ᠴᠦ ᠭᠤᠤᠯ ᠠᠩᠬᠠᠷᠤᠯ᠎ᠤᠨ ᠴᠡᠭ ᠪᠣᠯᠵᠦ ᠪᠤᠢ᠂ ᠪᠢᠳᠡᠨ᠎ᠳᠤ ᠲᠣᠳᠤᠷᠬᠠᠢ ᠬᠠᠯᠠᠭᠤᠨ᠎ᠤ ᠬᠡᠮᠵᠢᠶ᠎ᠡ᠎ᠶ᠋ᠢ ᠬᠠᠮᠢᠶᠠᠷᠤᠨ ᠡᠵᠡᠮᠳᠡᠬᠦ᠌ ᠪᠠᠷᠢᠮᠵᠢᠶ᠎ᠠ ᠪᠠᠶ᠋ᠢᠨ᠎ᠠ》᠃ ᠥᠪᠦᠷ ᠮᠣᠩᠭᠤᠯ᠎ᠤᠨ ᠴᠠᠬᠢᠯᠭᠠᠨ ᠬᠦᠴᠦᠨ᠎ᠤ ᠪᠦᠯᠦᠭᠯᠡᠯ᠎ᠤᠨ ᠬᠥᠬᠡᠬᠤᠲᠠ᠎ᠶ᠋ᠢᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠬᠤᠷᠴᠢᠨ ᠠᠵᠢᠯᠯᠠᠭᠠᠨ᠎ᠢ ᠬᠠᠮᠠᠭᠠᠯᠠᠬᠤ ᠦᠷᠳᠡᠭᠡ ᠵᠢᠨ ᠥᠷᠲᠡᠭᠡᠨ ᠳᠠᠷᠤᠭ᠎ᠠ ᠵᠠᠩ ᡁᠢ ᠴᠢᠶᠠᠩ᠄ 《ᠬᠡᠷᠪᠡ ᠬᠡᠳᠦ ᠤᠯᠠᠭᠠᠨ ᠰᠠᠴᠤᠷᠠᠬ᠎ᠤᠨ ᠳᠦᠷᠰᠦ ᠪᠦᠲᠦᠭᠡᠬᠦ᠌ ᠬᠡᠮᠵᠢᠭᠦᠷᠯᠢᠭ᠎ᠤᠨ ᠢᠯᠡᠷᠡᠭᠦᠯᠬᠦ᠌ ᠲᠥᠬᠦᠭᠡᠷᠦᠮᠵᠢ᠎ᠶ᠋ᠢᠨ ᠬᠠᠯᠠᠭᠤᠨ᠎ᠤ ᠬᠡᠮᠵᠢᠶ᠎ᠡ 80 ᠭᠷᠠᠳᠦ᠋ᠰ᠎ᠠᠴᠠ ᠬᠡᠲᠦᠷᠡᠪᠡᠯ᠂ ᠡᠷᠬᠡᠪᠰᠢ 24 ᠴᠠᠭ᠎ᠤᠨ ᠳᠣᠲᠤᠷ᠎ᠠ ᠳᠠᠯᠳᠠ ᠬᠡᠮ᠎ᠢ ᠰᠢᠢᠳᠪᠦᠷᠢᠯᠡᠬᠦ᠌ ᠬᠡᠷᠡᠭᠲᠡᠢ᠃ ᠬᠡᠷᠡᠭᠯᠡᠭᠴᠢ᠎ᠳᠦ ᠦᠵᠡᠭᠦᠯᠬᠦ᠌ ᠴᠠᠬᠢᠯᠭᠠᠨ᠎ᠤ ᠨᠥᠯᠦᠭᠡ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠬᠤ᠎ᠶ᠋ᠢᠨ ᠲᠥᠯᠦᠭᠡ᠂ ᠡᠨᠡ ᠲᠥᠷᠦᠯ᠎ᠦᠨ ᠪᠠᠢᠴᠠᠭᠠᠨ ᠵᠠᠰᠠᠵᠤ ᠳᠠᠯᠳᠠ ᠭᠡᠮ ᠢ᠋ ᠠᠷᠢᠯᠭᠠᠬᠤ ᠠᠵᠢᠯᠯᠠᠭ᠎ᠠ᠎ᠶ᠋ᠢ ᠶᠡᠷᠦ᠎ᠳᠡᠭᠡᠨ ᠰᠥᠨᠢ᠎ᠶ᠋ᠢᠨ 12 ᠴᠠᠭ᠎ᠠᠴᠠ ᠰᠡᠭᠦᠯᠡᠷ ᠴᠠᠬᠢᠯᠭᠠᠨ ᠬᠡᠷᠡᠭᠯᠡᠬᠦ᠌ ᠳᠠᠭᠠᠭᠠᠴᠠ ᠨᠡᠯᠢᠶᠡᠳ ᠳᠣᠤᠷ᠎ᠠ ᠴᠠᠭ᠎ᠲᠤ᠌ ᠶᠠᠪᠤᠭᠳᠠᠭᠤᠯᠤᠨ᠎ᠠ》 ᠭᠡᠪᠡ᠃

ᠥᠪᠦᠷ ᠮᠣᠩᠭᠤᠯ᠎ᠤᠨ ᠴᠠᠬᠢᠯᠭᠠᠨ ᠬᠦᠴᠦᠨ᠎ᠤ ᠪᠦᠯᠦᠭᠯᠡᠯ᠎ᠤᠨ ᠬᠥᠬᠡᠬᠤᠲᠠ᠎ᠶ᠋ᠢᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠲᠣᠤᠷ ᠴᠠᠬᠢᠯᠭᠠᠨ ᠬᠦᠷᠭᠡᠵᠦ ᠲᠣᠬᠢᠷᠠᠭᠤᠯᠤᠨ ᠡᠵᠡᠮᠳᠡᠬᠦ᠌ ᠶᠡᠭᠡ ᠲᠢᠩᠬᠢᠮ᠎ᠳᠤ᠂ ᠳᠡᠯᠭᠡᠴᠡ ᠳᠡᠭᠡᠷ᠎ᠡ ᠬᠥᠬᠡᠬᠤᠲᠠ᠎ᠶ᠋ᠢᠨ 1061 ᠵᠤᠷᠪᠤᠰ 10 ᠺᠢᠯᠤᠸᠠᠲ᠎ᠤᠨ ᠴᠠᠬᠢᠯᠭᠠᠨ ᠬᠦᠷᠭᠡᠬᠦ ᠱᠤᠭᠤᠮ᠎ᠤᠨ ᠠᠵᠢᠯᠯᠠᠭᠠᠨ᠎ᠤ ᠪᠠᠶ᠋ᠢᠳᠠᠯ᠎ᠢ ᠴᠠᠭ ᠲᠤᠬᠠᠢ᠎ᠳᠤᠨᠢ ᠢᠯᠡᠷᠡᠭᠦᠯᠦᠨ᠎ᠡ᠃ ᠠᠳᠡ 24 ᠴᠠᠭ᠎ᠢᠶᠠᠷ ᠲᠤᠰᠬᠠᠢ ᠬᠦᠮᠦᠨ ᠵᠢᠵᠢᠭᠦᠷᠯᠡᠬᠦ᠌ ᠲᠦᠷᠢᠮ᠎ᠢ ᠬᠡᠷᠡᠭᠵᠢᠭᠦᠯᠵᠦ᠍᠂ ᠪᠦᠬᠦᠯᠢ ᠡᠳᠦᠷ᠎ᠵᠢᠡᠷ ᠴᠠᠬᠢᠯᠭᠠᠨ ᠲᠤᠤᠷ᠎ᠤᠨ ᠳᠠᠭᠠᠭᠠᠴᠠ᠎ᠶ᠋ᠢᠨ ᠬᠤᠪᠢᠷᠠᠯᠲᠠ ᠵᠢ ᠬᠢᠨᠠᠨ ᠡᠵᠡᠮᠳᠡᠨ᠎ᠡ᠃

《ᠠᠯᠢ ᠵᠠᠮ ᠱᠤᠭᠤᠮ᠎ᠨᠢ ᠬᠡᠪ᠎ᠤᠨ ᠪᠤᠰᠤ ᠪᠠᠶ᠋ᠢᠳᠠᠯ ᠭᠠᠷᠪᠠᠯ᠂ ᠰᠢᠰᠲᠧᠮ᠎ᠨᠢ ᠴᠠᠭ ᠲᠤᠬᠠᠢ᠎ᠳᠤᠨᠢ ᠮᠡᠳᠡᠭᠦᠯᠦᠨ᠎ᠡ᠂ ᠪᠢᠳᠡ ᠲᠡᠷᠡ ᠳᠠᠷᠤᠢ᠎ᠳᠤᠨᠢ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠎ᠳᠤ ᠮᠡᠳᠡᠭᠳᠡᠵᠦ ᠵᠠᠮ ᠱᠤᠭᠤᠮ᠎ᠢ ᠪᠠᠢᠴᠠᠭᠠᠨ᠎ᠠ᠂ ᠲᠤᠬᠠᠢ᠎ᠶ᠋ᠢᠨ ᠲᠠᠯᠠᠪᠤᠷ᠎ᠲᠤ᠌ ᠪᠠᠶ᠋ᠢᠳᠠᠯ᠎ᠢ ᠬᠠᠷᠢᠭᠤ ᠲᠤᠰᠭᠠᠭᠰᠠᠨ᠎ᠤ ᠳᠠᠷᠠᠭ᠎ᠠ᠂ ᠬᠡᠮ ᠰᠤᠭᠤᠬ᠎ᠤᠨ ᠲᠥᠷᠦᠯ ᠬᠡᠯᠪᠡᠷᠢ᠎ᠶ᠋ᠢ ᠦᠨᠳᠦᠰᠦᠯᠡᠨ ᠰᠤᠳᠤᠯᠤᠨ ᠮᠠᠭᠠᠳᠯᠠᠵᠤ ᠰᠢᠢᠳᠪᠦᠷᠢᠯᠡᠨ᠂ ᠪᠠᠴᠢᠮ ᠪᠠᠶ᠋ᠢᠳᠠᠯ᠎ᠢ ᠠᠷᠭᠠᠴᠠᠭᠠᠬᠤ ᠲᠥᠰᠦᠯ᠎ᠢ ᠬᠡᠷᠡᠭᠵᠢᠭᠦᠯᠦᠨ᠎ᠡ᠃ ᠵᠢᠱ᠌ᠢᠶᠡᠯᠡᠪᠡᠯ ᠨᠢᠭᠡᠨ ᠰᠠᠭᠤᠭᠠᠯᠢ ᠲᠣᠭᠤᠷᠢᠭ᠎ᠤᠨ ᠬᠡᠮ ᠰᠣᠭᠤᠭ᠎ᠢ ᠵᠠᠰᠠᠨ ᠰᠡᠷᠭᠦᠭᠡᠬᠦ᠎ᠳᠤ 2 ᠴᠠᠭ᠎ᠠᠴᠠ ᠳᠡᠭᠡᠭᠰᠢ ᠬᠡᠷᠡᠭᠰᠡᠨ᠎ᠡ᠂ ᠺᠣᠮᠫᠠᠨᠢ ᠡᠴᠡ ᠳᠠᠷᠤᠢ ᠲᠦᠷᠭᠡᠨ ᠥᠨᠳᠦᠷ ᠬᠦᠴᠦᠳᠡᠯᠲᠦ᠍ ᠴᠠᠬᠢᠯᠭᠠᠨ ᠭᠠᠷᠭᠠᠬᠤ ᠲᠡᠷᠭᠡ ᠳᠣᠭᠢᠷᠠᠭᠤᠯᠤᠨ ᠲᠤᠬᠠᠢ᠎ᠶ᠋ᠢᠨ ᠲᠠᠯᠠᠪᠤᠷ᠎ᠲᠤ᠌ ᠬᠦᠷᠴᠦ᠂ ᠰᠠᠭᠤᠭᠠᠯᠢ ᠠᠷᠠᠳ᠎ᠤᠨ ᠬᠡᠪ᠎ᠤᠨ ᠴᠠᠬᠢᠯᠭᠠᠨ᠎ᠬᠡᠷᠡᠭᠯᠡᠬᠦ ᠵᠢ ᠪᠠᠲᠤᠯᠠᠨ᠎ᠠ》᠃ ᠬᠥᠬᠡᠬᠤᠲᠠ᠎ᠶ᠋ᠢᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠲᠣᠬᠢᠷᠠᠭᠤᠯᠤᠯᠳᠠ ᠬᠠᠮᠢᠶᠠᠷᠤᠯᠲᠠ᠎ᠶ᠋ᠢᠨ ᠭᠠᠵᠠᠷ᠎ᠤᠨ ᠲᠣᠤᠷ ᠲᠣᠬᠢᠷᠠᠭᠤᠯᠬᠤ ᠲᠣᠬᠢᠷᠠᠭᠤᠯᠭ᠎ᠠ ᠡᠵᠡᠮᠳᠡᠯ᠎ᠤᠨ ᠠᠩᠬᠢ᠎ᠶ᠋ᠢᠨ ᠲᠤᠬᠢᠷᠠᠭᠤᠯᠭ᠎ᠠ ᠡᠵᠡᠮᠳᠡᠯ᠎ᠤᠨ ᠳᠠᠷᠤᠭ᠎ᠠ ᠵᠧᠦ ᠷᠦᠢ ᠪᠢᠩ᠎ᠤᠨ ᠲᠠᠨᠢᠯᠴᠠᠭᠤᠯᠤᠭᠰᠠᠨ᠎ᠢᠶᠠᠷ᠂ ᠤᠢᠷ᠎ᠠ᠎ᠶ᠋ᠢᠨ ᠵᠢᠯ᠎ᠳᠤ᠂ ᠱᠠᠳᠤ ᠬᠤᠪᠢᠶᠠᠨ ᠬᠠᠮᠠᠭᠠᠯᠠᠬᠤ ᠮᠡᠷᠭᠡᠵᠢᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ᠎ᠶ᠋ᠢ ᠳᠠᠭᠠᠯᠳᠤᠨ ᠬᠡᠷᠡᠭᠯᠡᠯᠲᠡ᠂ ᠤᠶᠤᠨᠲᠤ᠌ ᠨᠡᠭᠡᠭᠡᠯᠭᠡ᠎ᠶ᠋ᠢᠨ ᠬᠠᠮᠤᠷᠬᠤ ᠬᠡᠪᠴᠢᠶ᠎ᠡ ᠦᠷᠭᠦᠯᠵᠢᠯᠡᠨ ᠥᠷᠭᠡᠳᠴᠦ᠂ ᠲᠤᠰ ᠺᠣᠮᠫᠠᠨᠢ᠎ᠶ᠋ᠢᠨ ᠬᠠᠷᠢᠶ᠎ᠠ ᠣᠷᠤᠨ᠎ᠤ ᠴᠠᠬᠢᠯᠭᠠᠨ ᠬᠠᠩᠭᠠᠬᠤ ᠨᠠᠢᠳᠠᠪᠤᠷᠢᠲᠤ᠌ ᠴᠢᠨᠠᠷ ᠲᠣᠭᠲᠠᠭᠤᠨ᠎ᠢᠶᠠᠷ ᠳᠡᠭᠡᠭᠰᠢᠯᠡᠵᠡᠢ᠂ ᠡᠨᠡ ᠵᠢᠯ᠎ᠤᠨ 1 — 5 ᠰᠠᠷ᠎ᠠ᠎ᠳᠤ ᠳᠤᠤᠷ ᠲᠤᠬᠢᠷᠠᠭᠤᠯᠬᠤ ᠭᠡᠮ ᠰᠤᠭᠤᠬ᠎ᠤᠨ ᠲᠤᠭ᠎ᠠ ᠪᠠᠷᠢᠮᠲᠠ ᠠᠳᠠᠯᠢ ᠬᠤᠭᠤᠴᠠᠭᠠᠨ᠎ᠤ᠎ᠬᠢ᠎ᠠᠴᠠ 39.9% ᠪᠡᠷ ᠪᠠᠭᠤᠷᠠᠪᠠ᠃

ᠬᠡᠷᠪᠡ ᠬᠥᠬᠡᠬᠤᠲᠠ᠎ᠶ᠋ᠢᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠴᠠᠬᠢᠯᠭᠠᠨ᠎ᠢ ᠪᠠᠲᠤᠯᠠᠬᠤ ᠪᠦᠯᠭᠦᠮ᠎ᠨᠢ ᠬᠣᠲᠠ᠎ᠶ᠋ᠢᠨ ᠠᠮᠢᠵᠢᠷᠠᠯ᠎ᠤᠨ ᠬᠦᠴᠦᠨ᠎ᠢ ᠰᠠᠬᠢᠨ ᠬᠠᠮᠠᠭᠠᠯᠠᠬᠤ 《ᠳᠣᠲᠤᠨᠤ ᠬᠠᠮᠠᠭᠠᠯᠠᠭᠴᠢ》 ᠭᠡᠪᠡᠯ᠂ ᠬᠡᠳᠦ ᠥᠨᠳᠦᠷ ᠬᠦᠴᠦᠳᠡᠯᠲᠤ ᠴᠠᠬᠢᠯᠭᠠᠨ ᠬᠠᠮᠠᠭᠠᠯᠠᠬᠤ ᠬᠥᠮᠦᠨ᠎ᠨᠢ ᠳᠠᠷᠤᠢ ᠭᠣᠤᠯ ᠲᠣᠤᠷ᠎ᠤᠨ 《ᠪᠣᠯᠤᠳ ᠨᠢᠷᠤᠭᠤᠪᠴᠢ》 ᠪᠣᠯᠤᠨ᠎ᠠ᠃ 《ᠶᠡᠭᠡ ᠭᠤᠤᠯ᠎ᠳᠤ ᠤᠰᠤ᠎ᠲᠠᠢ ᠪᠤᠯᠪᠠᠯ ᠪᠠᠭ᠎ᠠ ᠭᠤᠤᠯ ᠳᠦᠭᠦᠷᠡᠩ》᠂ ᠭᠤᠤᠯ ᠲᠣᠤᠷ᠎ᠤᠨ ᠠᠮᠤᠷ ᠲᠦᠪᠰᠢᠨ ᠲᠣᠭᠲᠠᠭᠤᠨ ᠨᠢ ᠪᠦᠬᠦ᠌ ᠲᠣᠤᠷ᠎ᠤᠨ ᠴᠠᠬᠢᠯᠭᠠᠨ ᠬᠦᠴᠦᠨ᠎ᠤ ᠬᠠᠩᠭᠠᠯᠭ᠎ᠠ᠎ᠶ᠋ᠢ ᠪᠠᠲᠤᠯᠠᠬᠤ᠎ᠶ᠋ᠢᠨ ᠭᠤᠤᠯᠯᠠᠬᠤ ᠰᠠᠭᠤᠷᠢ ᠮᠥᠨ᠃

ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ᠎ᠦᠨ ᠥᠪᠥᠷ ᠮᠣᠩᠭᠣᠯ᠎ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠺᠣᠮᠫᠠᠨᠢ ᠨᠢ ᠥᠪᠥᠷ ᠮᠣᠩᠭᠣᠯ᠎ᠤᠨ ᠳᠤᠮᠳᠠ ᠪᠠ ᠪᠠᠷᠠᠭᠤᠨ ᠬᠡᠰᠡᠭ ᠎ᠤ᠋ᠨ 500 ᠺᠢᠯᠦᠸᠠᠲ᠎ᠤᠨ ᠭᠣᠣᠯ ᠲᠣᠣᠷ᠎ᠤᠨ ᠵᠢᠶᠠᠰᠠ᠎ᠶᠢᠨ ᠠᠵᠢᠯᠯᠠᠭᠠᠨ᠎ᠢ ᠬᠠᠮᠠᠭᠠᠯᠠᠬᠤ ᠡᠭᠦᠷᠭᠡ᠎ᠶᠢ ᠡᠭᠦᠷᠭᠡᠯᠡᠵᠦ᠂ 28 ᠬᠦᠴᠦᠳᠡᠯ ᠥᠭᠡᠷᠡᠴᠢᠯᠡᠬᠦ ᠥᠷᠲᠡᠭᠡ ᠶ᠋ᠢ ᠬᠠᠷᠢᠶᠠᠯᠠᠵᠤ᠂ 117 ᠵᠤᠷᠪᠤᠰ ᠴᠠᠬᠢᠯᠭᠠᠨ ᠬᠦᠷᠭᠡᠬᠦ ᠱᠤᠭᠤᠮ᠎ᠤᠨ ᠶᠡᠷᠦᠩᠬᠡᠢ ᠣᠷᠳᠣ᠌ ᠨᠢ 8000 ᠺᠢᠯᠣᠮᠧᠲᠷ ᠰᠢᠬᠠᠮ ᠪᠠᠢᠳᠠᠭ᠃ ᠬᠠᠷᠢᠶ᠎ᠠ ᠣᠷᠣᠨ᠎ᠤ ᠵᠠᠮ ᠱᠤᠭᠤᠮ᠎ᠤᠨ ᠠᠯᠭᠠᠰᠠᠯ ᠨᠢ ᠶᠡᠬᠡ᠂ ᠠᠭᠤᠯᠠᠷᠬᠠᠭ ᠭᠠᠵᠠᠷ᠎ᠤᠨ ᠣᠷᠴᠢᠨ ᠲᠣᠭᠣᠷᠢᠨ ᠨᠢ ᠪᠤᠳᠤᠯᠢᠶᠠᠨᠲᠠᠢ᠂ ᠠᠵᠢᠯᠯᠠᠭᠠᠨ᠎ᠢ ᠬᠠᠮᠠᠭᠠᠯᠠᠬᠤ᠎ᠳᠤ ᠬᠦᠴᠢᠷᠲᠡᠢ ᠪᠠᠢᠬᠤ ᠣᠳᠣᠬᠢ ᠪᠠᠢᠳᠠᠯ᠎ᠳᠤ ᠴᠢᠭᠯᠡᠭᠦᠯᠦᠨ᠂ ᠲᠣᠰ ᠺᠣᠮᠫᠠᠨᠢ᠎ᠶᠢᠨ ᠪᠠᠢᠭᠤᠯᠤᠭᠰᠠᠨ ᠣᠶᠤᠨᠴᠢ ᠲᠣᠭᠣᠷᠢᠨ ᠪᠠᠢᠴᠠᠭᠠᠬᠤ ᠰᠢᠰᠲᠧᠮ ᠨᠢ ᠡᠨᠡ ᠵᠣᠨ᠎ᠤ ᠬᠠᠩᠭᠠᠯᠭ᠎ᠠ᠎ᠶᠢ ᠪᠠᠲᠤᠯᠠᠬᠤ ᠨᠢᠭᠡᠨ ᠶᠡᠬᠡ ᠬᠢᠯᠠᠰ ᠴᠡᠭ ᠪᠣᠯᠤᠭᠰᠠᠨ ᠪᠠᠢᠨ᠎ᠠ᠃

ᠥᠷᠯᠥᠭᠡ᠎ᠶᠢᠨ 7 ᠴᠠᠭ᠎ᠲᠤ᠂ 500 ᠺᠢᠯᠦᠸᠠᠲ᠎ᠤᠨ ᠰᠠᠢᠬᠠᠨ ᠬᠦᠴᠤᠲᠠᠯ ᠦᠬᠡᠷᠠᠴᠢᠯᠡᠬᠦ ᠥᠷᠲᠡᠭᠡᠨ᠎ᠳᠦ᠂ 3 ᠵᠢᠯᠣᠭᠣᠴᠢ ᠦᠭᠡᠢ ᠨᠢᠰᠬᠡᠯ ᠪᠣᠯᠣᠨ ᠲᠣᠭᠣᠷᠢᠨ ᠪᠠᠢᠴᠠᠭᠠᠬᠤ ᠠᠵᠢᠯᠲᠠᠨ ᠵᠡᠷᠭᠡ᠎ᠪᠡᠷ ᠮᠣᠷᠳᠠᠵᠤ᠂ ᠥᠷᠲᠡᠭᠡᠨ᠎ᠦ ᠳᠣᠲᠣᠷᠠᠬᠢ 46 ᠮᠦ᠍᠎ᠶᠢᠨ ᠴᠠᠬᠢᠯᠭᠠᠨ ᠬᠦᠴᠦᠨ᠎ᠦ ᠲᠥᠬᠦᠭᠡᠷᠦᠮᠵᠢ᠎ᠶᠢ ᠪᠥᠬᠥ ᠲᠠᠯ᠎ᠠ᠎ᠪᠠᠷ ᠲᠣᠭᠣᠷᠢᠨ ᠪᠠᠢᠴᠠᠭᠠᠪᠠ᠃ 《ᠦᠨᠲᠤᠷ ᠲᠠᠭᠠᠭᠠᠴᠡᠳᠦ ᠠᠵᠢᠯᠯᠠᠭᠠᠨ ᠨᠢ ᠲᠥᠬᠦᠭᠡᠷᠦᠮᠵᠢ᠎ᠳᠦ ᠠᠪᠴᠤ ᠬᠡᠯᠡᠪᠡᠯ ᠬᠠᠲᠠᠭᠤ ᠰᠢᠯᠭᠠᠯᠲᠠ ᠪᠣᠯᠣᠨ᠎ᠠ᠂ ᠵᠣᠨ᠎ᠤ ᠣᠷᠭᠢᠯ ᠤ᠋ᠨ ᠬᠤᠭᠤᠴᠠᠭ᠎ᠠ ᠶ᠋ᠢ ᠤᠭᠲᠤᠨ ᠥᠩᠭᠡᠷᠡᠭᠦᠯᠦᠭᠰᠡᠨ᠎ᠡᠴᠡ ᠨᠠᠭᠠᠰᠢ᠂ ᠪᠢᠳᠡ ᠡᠳᠦᠷ ᠪᠦᠷᠢ 3 ᠤᠳᠠᠭ᠎ᠠ ᠥᠨᠳᠥᠷ ᠬᠠᠯᠠᠭᠤᠨ᠎ᠤ ᠣᠨᠴᠠᠭᠠᠶ ᠪᠠᠢᠴᠠᠭᠠᠯᠲᠠ᠂ ᠪᠣᠷᠣᠭᠠᠨ᠎ᠤ ᠳᠠᠷᠠᠭᠠᠬᠢ ᠲᠤᠰᠬᠠᠢ ᠲᠣᠭᠣᠷᠢᠨ ᠪᠠᠢᠴᠠᠭᠠᠯᠲᠠ ᠬᠢᠵᠦ᠂ ᠭᠣᠣᠯ ᠦᠳᠡ᠎ᠶᠢᠨ ᠲᠥᠬᠦᠭᠡᠷᠦᠮᠵᠢ᠎ᠶᠢᠨ ᠥᠨᠳᠥᠷ ᠬᠠᠯᠠᠭᠤᠨ᠎ᠤ ᠴᠠᠭ ᠬᠤᠭᠤᠴᠠᠭ᠎ᠠ᠎ᠶᠢ ᠭᠣᠣᠯᠳᠠᠯᠭ᠎ᠠ᠎ᠲᠠᠢ ᠠᠩᠬᠠᠷᠲᠠᠭ》᠃ 500 ᠺᠢᠯᠦᠸᠠᠲ᠎ᠤᠨ ᠰᠠᠢᠬᠠᠨ ᠬᠦᠴᠤᠲᠠᠯ ᠦᠬᠡᠷᠠᠴᠢᠯᠡᠬᠦ ᠥᠷᠲᠡᠭᠡ᠎ᠶᠢᠨ ᠳᠠᠷᠤᠭ᠎ᠠ ᠰᠦᠨ ᠷᠦᠢ ᠯᠦᠩ ᠲᠠᠨᠢᠯᠴᠠᠭᠤᠯᠬᠤ᠎ᠳᠠᠭᠠᠨ᠂ ᠡᠨᠡ 3 ᠵᠢᠯᠣᠭᠣᠴᠢ ᠦᠭᠡᠢ ᠨᠢᠰᠬᠡᠯ ᠨᠢ 65 ᠵᠤᠷᠪᠤᠰ ᠲᠣᠭᠲᠠᠮᠠᠯ ᠠᠶᠠᠯᠠᠯ᠎ᠤᠨ ᠱᠤᠭᠤᠮ᠎ᠢ ᠤᠷᠢᠳᠴᠢᠯᠠᠨ ᠳᠤᠬᠢᠷᠠᠭᠤᠯᠵᠦ᠂ ᠥᠷᠲᠡᠭᠡᠨ ᠳᠣᠲᠣᠷᠠᠬᠢ ᠲᠥᠬᠦᠭᠡᠷᠦᠮᠵᠢ᠎ᠶᠢ ᠨᠡᠢᠳᠡᠮ ᠲᠣᠭᠣᠷᠢᠨ ᠪᠠᠢᠴᠠᠭᠠᠬᠤ᠎ᠶᠢ ᠪᠡᠶᠡᠯᠡᠭᠦᠯᠵᠦ᠂ ᠳᠠᠬᠢᠨ ᠬᠥᠮᠥᠨ᠎ᠦ ᠬᠦᠴᠦ᠎ᠪᠡᠷ ᠲᠣᠭᠣᠷᠢᠨ ᠪᠠᠢᠴᠠᠭᠠᠵᠤ᠂ ᠲᠥᠬᠦᠭᠡᠷᠦᠮᠵᠢ ᠨᠢᠭᠡᠪᠦᠷᠢ ᠨᠢ ᠴᠥᠮ ᠬᠠᠮᠤᠭ᠎ᠤᠨ ᠰᠠᠢᠨ ᠠᠵᠢᠯᠯᠠᠭᠠᠨ ᠤ᠋ ᠲᠦᠪᠰᠢᠨ᠎ᠢᠶᠠᠷ ᠥᠨᠳᠥᠷ ᠬᠠᠯᠠᠭᠤᠨ᠎ᠤ ᠦᠨᠲᠤᠷ ᠳᠠᠭᠠᠭᠠᠴᠠ ᠶ᠋ᠢ ᠦᠨᠡᠨ ᠬᠦ᠌ ᠪᠠᠲᠤᠯᠠᠵᠤ ᠴᠢᠳᠠᠨ᠎ᠠ ᠭᠡᠵᠡᠢ᠃ ᠡᠭᠦᠨ᠎ᠡᠴᠡ ᠭᠠᠳᠠᠨ᠎ᠠ᠂ ᠥᠷᠲᠡᠭᠡᠨ ᠳᠣᠲᠣᠷ᠎ᠠ ᠪᠠᠰᠠ ᠤᠯᠠᠭᠠᠨ᠎ᠤ ᠭᠠᠳᠠᠨᠠᠬᠢ ᠳᠤᠯᠠᠭᠠᠨ᠎ᠤ ᠬᠡᠮᠵᠢᠯᠲᠡ ᠵᠡᠷᠭᠡ ᠮᠡᠷᠭᠡᠵᠢᠯ᠎ᠢ ᠬᠡᠷᠡᠭᠯᠡᠵᠦ᠂ ᠬᠦᠴᠦᠳᠡᠯ ᠥᠭᠡᠷᠡᠴᠢᠯᠡᠭᠴᠢ᠂ ᠡᠬᠡ ᠤᠲᠠᠰᠤ᠂ ᠨᠡᠭᠡᠭᠡᠯᠭᠡ ᠵᠡᠷᠭᠡ ᠵᠠᠩᠭᠢᠯᠠᠭ᠎ᠠ᠎ᠶᠢᠨ ᠲᠥᠬᠦᠭᠡᠷᠦᠮᠵᠢ᠎ᠶᠢᠨ ᠬᠡᠮ ᠰᠣᠭᠣᠭ᠎ᠢ ᠨᠠᠷᠢᠯᠢᠭ ᠤᠨᠤᠴᠠᠲᠠᠢ ᠪᠠᠢᠴᠠᠭᠠᠵᠤ᠂ ᠤᠳᠤᠬᠠᠨ ᠪᠣᠯᠲᠠᠯ᠎ᠠ ᠲᠣᠰ ᠥᠷᠲᠡᠭᠡ ᠲᠥᠯᠥᠪᠯᠡᠭᠡ᠎ᠶᠤᠰᠤᠭᠠᠷ ᠴᠠᠬᠢᠯᠭᠠᠨ ᠬᠠᠩᠭᠠᠬᠤ ᠵᠢ ᠪᠡᠶᠡᠯᠡᠭᠦᠯᠪᠡ᠃

《ᠬᠠᠲᠠᠭᠤ ᠲᠤᠨᠤᠭ》 ᠦᠷᠭᠦᠯᠵᠢᠯᠡᠨ ᠲᠠᠰ ᠳᠠᠪᠰᠢᠵᠤ᠂ 《ᠵᠥᠭᠡᠯᠡᠨ ᠲᠤᠨᠤᠭ》 ᠢ᠋ ᠴᠦ᠍ ᠵᠡᠷᠭᠡ᠎ᠪᠡᠷ ᠰᠢᠨᠡᠴᠢᠯᠡᠵᠦ ᠪᠠᠢᠨ᠎ᠠ᠃ 《ᠬᠦᠴᠦᠳᠡᠯ ᠥᠭᠡᠷᠡᠴᠢᠯᠡᠬᠦ ᠥᠷᠲᠡᠭᠡᠨ᠎ᠦ ᠪᠠᠢᠷᠢᠰᠢᠯ ᠲᠠᠷᠠᠬᠠᠢ ᠪᠤᠲᠠᠷᠬᠠᠢ ᠪᠠᠢᠬᠤ ᠣᠨᠴᠠᠯᠢᠭ᠋᠎ᠲᠠᠢ ᠤᠶᠠᠯᠳᠤᠭᠤᠯᠤᠨ᠂ ᠪᠢᠳᠡ ᠣᠷᠣᠨ ᠪᠦᠰᠡᠴᠢᠯᠡᠭᠰᠡᠨ ᠤᠶᠤᠨᠯᠢᠭ ᠵᠢᠵᠢᠭᠦᠷᠯᠡᠬᠦ ᠵᠠᠭᠪᠤᠷ᠎ᠤᠨ ᠰᠢᠨ᠎ᠡ᠎ᠶᠢ ᠡᠭᠦᠳᠦᠨ ᠬᠡᠷᠡᠭᠵᠢᠭᠦᠯᠵᠦ᠂ ᠪᠠᠢᠴᠠᠭᠠᠨ ᠰᠡᠯᠪᠢᠬᠦ᠂ ᠵᠣᠨ᠎ᠤ ᠣᠷᠭᠢᠯ᠎ᠢ ᠤᠭᠲᠤᠨ ᠥᠩᠭᠡᠷᠡᠭᠦᠯᠬᠦ ᠵᠡᠷᠭᠡ ᠵᠠᠩᠭᠢᠯᠠᠭ᠎ᠠ᠎ᠶᠢᠨ ᠬᠠᠩᠭᠠᠯᠭ᠎ᠠ᠎ᠶᠢ ᠪᠠᠲᠤᠯᠠᠬᠤ ᠬᠤᠭᠤᠴᠠᠭᠠᠨ᠎ᠳᠤ᠂ ᠵᠢᠵᠢᠭᠦᠷᠯᠡᠭᠴᠢ᠎ᠶᠢᠨ ᠥᠷᠲᠡᠭᠡ ᠠᠯᠤᠰᠯᠠᠨ ᠲᠤᠰᠠᠯᠠᠬᠤ᠎ᠶᠢ ᠨᠢᠭᠡᠳᠦᠯᠲᠡᠢ ᠲᠥᠯᠥᠪᠯᠡᠵᠡᠢ》᠃ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ᠎ᠦᠨ ᠥᠪᠥᠷ ᠮᠣᠩᠭᠣᠯ᠎ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠹᠠᠩ ᠭᠦᠸᠧ ᠪᠦᠦ ᠲᠠᠨᠢᠯᠴᠠᠭᠤᠯᠬᠤ᠎ᠳᠠᠭᠠᠨ᠂ ᠺᠣᠮᠫᠠᠨᠢ ᠨᠢ 《ᠭᠤᠷᠪᠠ᠎ᠶᠢ ᠬᠢᠨᠠᠨ ᠡᠵᠡᠮᠳᠡᠬᠦ ᠭᠤᠷᠪᠠ᠎ᠶᠢ ᠪᠠᠴᠢᠮ ᠠᠷᠭᠠᠴᠠᠭᠠᠬᠤ》 ᠪᠣᠯᠪᠠᠰᠤᠷᠠᠩᠭᠤᠢ ᠰᠢᠰᠲᠧᠮ᠎ᠳᠦ ᠲᠦᠰᠢᠭᠯᠡᠨ᠂ 《ᠨᠢᠭᠡ ᠥᠷᠲᠡᠭᠡ ᠨᠢᠭᠡ ᠪᠣᠳᠣᠯᠭ᠎ᠠ᠂ ᠨᠢᠭᠡᠳᠦᠭᠡᠷ ᠱᠤᠭᠤᠮ ᠨᠢᠭᠡ ᠪᠣᠳᠣᠯᠭ᠎ᠠ》 ᠵᠢᠨ ᠰᠢᠢᠳᠪᠦᠷᠢᠯᠡᠬᠦ ᠲᠥᠰᠥᠯ᠎ᠢ ᠨᠠᠷᠢᠯᠢᠭ᠍ᠵᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ᠎ᠢ ᠤᠷᠢᠳᠴᠢᠯᠠᠨ ᠨᠥᠭᠡᠴᠡᠯᠡᠵᠦ᠂ ᠪᠠᠴᠢᠮ ᠪᠠᠢᠳᠠᠯ᠎ᠢ ᠠᠷᠭᠠᠴᠠᠭᠠᠬᠤ ᠠᠵᠢᠯᠲᠠᠨ᠎ᠢ ᠪᠠᠢᠷᠢᠯᠠᠭᠤᠯᠵᠠᠢ; ᠡᠭᠦᠨ᠎ᠦ ᠬᠠᠮᠲᠤ ᠵᠠᠰᠠᠭ᠎ᠤᠨ ᠤᠷᠳᠤᠨ ᠠᠵᠤ ᠠᠬᠤᠢᠯᠠᠯ ᠬᠠᠮᠲᠤᠷᠠᠨ ᠬᠥᠳᠡᠯᠦᠯᠴᠡᠬᠦ ᠲᠣᠭᠲᠠᠴᠠ᠎ᠶᠢ ᠪᠠᠢᠭᠤᠯᠵᠤ᠂ ᠵᠠᠮ ᠱᠤᠭᠤᠮ᠎ᠤᠨ ᠠᠮᠤᠷ ᠲᠦᠪᠰᠢᠨ᠎ᠦ ᠲᠦᠭᠰᠢᠭᠦᠷᠢ᠎ᠳᠦ ᠴᠢᠭᠯᠡᠭᠦᠯᠦᠨ᠂ ᠵᠠᠮ ᠳᠠᠭᠠᠤ᠎ᠶᠢᠨ ᠲᠣᠰᠬᠣᠨ ᠪᠠᠯᠭᠠᠰᠤ ᠭᠠᠴᠠᠭ᠎ᠠ᠎ᠳᠤ 《ᠲᠤᠬᠠᠢ᠎ᠶᠢᠨ ᠲᠠᠯᠠᠪᠤᠷ᠎ᠲᠤ ᠴᠢᠩᠭ᠎ᠠ ᠬᠠᠮᠢᠶᠠᠷᠬᠤ + ᠡᠷᠦᠬᠡ᠎ᠳᠦ ᠣᠷᠣᠵᠤ ᠤᠬᠠᠭᠤᠯᠬᠤ》 ᠬᠠᠮ ᠠᠷᠭ᠎ᠠ ᠮᠠᠶᠢᠭ᠋᠎ᠢ ᠠᠪᠴᠤ᠂ ᠴᠠᠬᠢᠯᠭᠠᠨ ᠬᠦᠷᠭᠡᠬᠦ ᠵᠠᠮ᠎ᠤᠨ ᠠᠮᠤᠷ ᠲᠦᠪᠰᠢᠨ᠎ᠢ ᠪᠥᠬᠥ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠵᠠᠢ᠃ ᠡᠨᠡ ᠵᠢᠯ ᠡᠴᠠ ᠣᠲᠣᠬᠠᠨ ᠪᠣᠯᠲᠠᠯ᠎ᠠ᠂ ᠺᠣᠮᠫᠠᠨᠢ᠎ᠶᠢᠨ ᠪᠠᠢᠴᠠᠭᠠᠨ ᠵᠠᠰᠠᠬᠤ ᠲᠥᠯᠥᠪᠯᠡᠭᠡ᠎ᠶᠢ ᠬᠡᠷᠡᠭᠵᠢᠭᠦᠯᠦᠭᠰᠡᠨ ᠨᠣᠷᠮ᠎ᠠ 100% ᠳ᠋ᠤ ᠬᠦᠷᠴᠦ᠂ 《ᠵᠠᠰᠠᠬᠤ ᠴᠢᠬᠤᠯᠠᠳᠠᠢ ᠵᠢ ᠵᠠᠪᠠᠯ ᠵᠠᠰᠠᠬᠤ᠂ ᠰᠢᠯᠭᠠᠬᠤ ᠴᠢᠬᠤᠯᠠᠳᠠᠢ ᠪᠣᠯ ᠵᠠᠪᠠᠯ ᠰᠢᠯᠭᠠᠬᠤ》 ᠶ᠋ᠢ ᠨᠡᠢᠳᠡᠮ ᠬᠡᠷᠡᠭᠵᠢᠭᠦᠯᠪᠡ᠃


[ᠰᠤᠷᠪᠤᠯᠵᠢᠯᠠᠭ᠍ᠴᠢ᠎ᠶᠢᠨ ᠡᠪᠦᠷ ᠲᠡᠮᠳᠡᠭᠯᠡᠯ]

ᠬᠣᠲᠠ᠎ᠶᠢᠨ ᠵᠡᠭᠡᠯᠢ ᠭᠤᠳᠤᠮᠵᠢ᠎ᠶᠢᠨ ᠪᠠᠴᠢᠮ ᠪᠠᠢᠳᠠᠯ᠎ᠢ ᠠᠷᠭᠠᠴᠠᠭᠠᠬᠤ ᠴᠠᠬᠢᠯᠭᠠᠨ ᠬᠠᠩᠭᠠᠬᠤ ᠲᠡᠷᠭᠡ᠎ᠡᠴᠡ ᠭᠣᠪᠢ ᠨᠤᠲᠤᠭ᠎ᠤᠨ ᠵᠢᠯᠣᠭᠣᠴᠢ ᠦᠭᠡᠢ ᠨᠢᠰᠬᠡᠯ ᠬᠦᠷᠲᠡᠯ᠎ᠡ᠂ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠶ᠎ᠶᠢᠨ 《ᠬᠦᠢᠴᠡᠳ ᠴᠡᠨᠡᠭᠯᠡᠯ ᠲᠠᠢ ᠴᠠᠬᠢᠯᠭᠠᠨ ᠬᠦᠴᠦᠨ》 ᠡᠴᠡ 500 ᠺᠢᠯᠦᠸᠠᠲ᠎ᠤᠨ ᠭᠣᠣᠯ ᠲᠣᠣᠷ᠎ᠤᠨ ᠣᠶᠤᠨᠴᠢ ᠬᠠᠪᠰᠤᠷᠤᠮᠵᠢ ᠡᠵᠡᠮᠳᠡᠯ ᠬᠦᠷᠲᠡᠯ᠎ᠡ — ᠬᠣᠲᠠ ᠬᠥᠳᠡᠭᠡ᠎ᠶᠢ ᠬᠤᠯᠪᠤᠬᠰᠠᠨ《ᠴᠠᠬᠢᠯᠭᠠᠨ ᠬᠦᠴᠦᠨ᠎ᠦ ᠰᠠᠬᠢᠨ ᠬᠠᠮᠠᠭᠠᠯᠠᠬᠤ ᠬᠡᠯᠬᠢᠶ᠎ᠡ》 ᠵᠢᠨ ᠭᠣᠭᠴᠣᠭ᠎ᠠ ᠪᠣᠯᠭᠠᠨ᠎ᠳᠤ ᠴᠥᠮ ᠴᠠᠬᠢᠯᠭᠠᠨ ᠬᠦᠴᠦᠨ᠎ᠦ ᠬᠥᠮᠥᠰ᠎ᠤᠨ ᠬᠦᠴᠦ ᠬᠥᠯᠥᠰᠦ ᠪᠠ ᠣᠶᠤᠨ ᠤᠬᠠᠭᠠᠨ ᠰᠢᠩᠭᠡᠵᠦ ᠪᠠᠢᠳᠠᠭ᠃ ᠰᠣᠷᠪᠤᠯᠵᠢᠯᠠᠭ᠎ᠠ ᠲᠠᠭᠤᠰᠬᠤ ᠦᠶ᠎ᠡ᠎ᠳᠦ᠂ ᠰᠥᠨᠢ᠎ᠶᠢᠨ ᠬᠥᠰᠢᠭᠡ ᠪᠠᠭᠤᠵᠤ᠂ ᠲᠡᠳᠡᠭᠡᠷ ᠪᠠᠷ᠎ᠠ ᠰᠤᠷᠠᠭ ᠨᠢ ᠬᠠᠷᠠᠭᠳᠠᠬᠤ ᠦᠭᠡᠢ ᠥᠨᠴᠥᠭ ᠪᠤᠯᠤᠩ᠎ᠳᠤ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠬᠥᠮᠥᠰ 24 ᠴᠠᠭ᠎ᠤᠨ ᠲᠠᠰᠤᠷᠠᠯᠳᠠ ᠦᠭᠡᠢ ᠰᠠᠬᠢᠨ ᠬᠠᠮᠠᠭᠠᠯᠠᠯᠳᠠ ᠪᠡᠷ ᠵᠢᠡᠨ ᠵᠤᠨ᠎ᠤ ᠤᠯᠠᠷᠢᠯ᠎ᠤᠨ ᠬᠤᠳᠠ ᠬᠦᠳᠡᠭᠡ ᠵᠢᠨ ᠴᠠᠬᠢᠯᠭᠠᠨ ᠬᠦᠴᠦᠨ᠎ᠦ ᠪᠠᠲᠤ ᠪᠡᠬᠢ ᠬᠠᠯᠬᠠᠪᠴᠢ᠎ᠶᠢ ᠴᠣᠭᠴᠠᠯᠠᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号