ᠰᠢ ᠵᠢᠨ ᠫᠢᠩ ᠱᠠᠩᠬᠠᠢ᠎ᠳᠤ ᠰᠢᠨᠵᠢᠯᠡᠨ ᠪᠠᠶ᠋ᠢᠴᠠᠭᠠᠬᠤ᠎ᠳᠠᠭᠠᠨ ᠴᠢᠬᠤᠯᠠᠴᠢᠯᠠᠭᠰᠠᠨ ᠨᠢ ᠠᠷᠠᠳ ᠲᠦᠮᠡᠨ ᠎ᠤ ᠬᠣᠲᠠ ᠎ᠶᠢᠨ ᠣᠶ᠋ᠢᠯᠠᠭᠠᠭᠳᠠᠬᠤᠨ ᠎ᠢ ᠪᠥᠬᠥ᠌ ᠲᠠᠯ᠎ᠠ᠎ᠪᠠᠷ ᠦᠢᠯᠡᠳᠦᠯᠭᠡᠵᠢᠭᠦᠯᠵᠦ ᠬᠣᠲᠠ᠎ᠶᠢ ᠰᠢᠨᠡᠳᠬᠡᠬᠦ᠎ᠶᠢ ᠴᠢᠨᠠᠷ ᠰᠠᠶ᠋ᠢᠲᠠᠶ ᠠᠬᠢᠭᠤᠯᠬᠤ ᠬᠡᠷᠡᠭᠲᠡᠶ
2026-07-16 09:23:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠼᠠᠢ ᠴᠢ ᠪᠠᠷ᠎ᠠ ᠪᠣᠯᠵᠣ ᠰᠢᠨᠵᠢᠯᠡᠨ ᠪᠠᠶ᠋ᠢᠴᠠᠭᠠᠪᠠ

    

ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ ᠎ᠤᠨ ᠲᠡᠷᠢᠭᠦᠯᠡᠭᠴᠢ᠂ ᠲᠥᠪ ᠎ᠦᠨ ᠴᠡᠷᠢᠭ ᠎ᠦᠨ ᠶᠠᠪᠤᠳᠠᠯ ᠎ᠤᠨ ᠬᠣᠷᠢᠶ᠎ᠠ᠎ᠶᠢᠨ ᠲᠡᠷᠢᠭᠦᠯᠡᠭᠴᠢ ᠰᠢ ᠵᠢᠨ ᠫᠢᠩ 15 ᠎ᠤ᠋ ᠡᠳᠦᠷ ᠱᠠᠩᠬᠠᠶ᠎ᠳᠤ ᠰᠢᠨᠵᠢᠯᠡᠨ ᠪᠠᠶ᠋ᠢᠴᠠᠭᠠᠬᠤ᠎ᠳᠠᠭᠠᠨ᠂ ᠬᠣᠲᠠ ᠎ᠶᠢ ᠰᠢᠨᠡᠳᠬᠡᠬᠦ ᠎ᠶᠢ ᠴᠢᠨᠠᠷ ᠰᠠᠶ᠋ᠢᠲᠠᠶ ᠠᠬᠢᠭᠤᠯᠬᠤ ᠪᠣᠯ ᠬᠣᠲᠠ᠎ᠶᠢᠨ ᠣᠳᠣᠬᠢᠴᠢᠯᠠᠯᠲᠠ᠎ᠶᠢᠨ ᠪᠥᠲᠥᠭᠡᠨ ᠪᠠᠶ᠋ᠢᠭᠤᠯᠤᠯᠲᠠ᠎ᠶᠢᠨ ᠴᠢᠬᠤᠯᠠ ᠭᠠᠷᠳᠡᠴᠡ ᠮᠥᠨ᠂ ᠠᠷᠠᠳ ᠲᠦᠮᠡᠨ᠎ᠤ ᠬᠣᠲᠠ᠎ᠶᠢᠨ ᠣᠶ᠋ᠢᠯᠠᠭᠠᠭᠳᠠᠬᠤᠨ ᠎ᠢ ᠪᠥᠬᠥ᠌ ᠲᠠᠯ᠎ᠠ᠎ᠪᠠᠷ ᠦᠢᠯᠡᠳᠦᠯᠭᠡᠵᠢᠭᠦᠯᠵᠦ᠍᠂ ᠬᠡᠷᠡᠭᠴᠡᠭᠡ᠎ᠶᠢ ᠠᠷᠠᠳ᠎ᠡᠴᠡ ᠠᠰᠠᠭᠤᠬᠤ᠂ ᠠᠷᠭ᠎ᠠ ᠪᠣᠳᠣᠯᠭ᠎ᠠ ᠎ᠶᠢ ᠠᠷᠠᠳ ᠎ᠡᠴᠡ ᠠᠰᠠᠭᠤᠬᠤ᠂ ᠦᠷ᠎ᠡ ᠪᠦᠲᠦᠮᠵᠢ ᠎ᠶᠢ ᠠᠷᠠᠳ᠎ᠡᠴᠡ ᠠᠰᠠᠭᠤᠬᠤ ᠎ᠶᠢ ᠪᠠᠷᠢᠮᠲᠠᠯᠠᠵᠤ᠂ ᠬᠣᠲᠠ ᠎ᠶᠢ ᠰᠢᠨᠡᠳᠬᠡᠬᠦ ᠡᠯ᠎ᠡ ᠵᠦᠢᠯ ᠎ᠦᠨ ᠠᠵᠢᠯ ᠎ᠢ ᠭᠦᠨᠵᠡᠭᠡᠶ ᠨᠠᠷᠢᠯᠢᠭ ᠪᠣᠳᠠᠲᠠᠶ ᠬᠢᠵᠦ᠍᠂ ᠰᠠᠭᠤᠭᠠᠯᠢ ᠠᠷᠠᠳ᠎ᠤᠨ ᠬᠦᠷᠲᠡᠮᠵᠢ ᠎ᠶᠢᠨ ᠲᠥᠷᠥᠭᠳᠡᠯ᠂ ᠵᠢᠷᠭᠠᠯᠲᠤ᠌ ᠲᠥᠷᠥᠭᠳᠡᠯ᠂ ᠠᠮᠤᠷ ᠲᠦᠪᠰᠢᠨ ᠎ᠦ ᠲᠥᠷᠥᠭᠳᠡᠯ᠎ᠢ ᠲᠠᠰᠤᠷᠠᠯᠲᠠ ᠥᠬᠡᠶ ᠨᠡᠮᠡᠭᠳᠡᠭᠦᠯᠬᠦ᠌ ᠬᠡᠷᠡᠭᠲᠡᠶ ᠭᠡᠵᠦ᠍ ᠴᠢᠬᠤᠯᠠᠴᠢᠯᠠᠪᠠ᠃


QQ20260716-092141.png


 7 ᠰᠠᠷ᠎ᠠ ᠵᠢᠨ 15 ᠤ᠋ ᠡᠳᠦᠷ᠂ ᠳᠣᠮᠳᠠᠳᠤ ᠣᠯᠣᠰ ᠤ᠋ᠨ ᠡᠪ ᠬᠠᠮᠳᠤ ᠨᠠᠮ ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠡᠣᠯᠣᠰ ᠤ᠋ᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠱᠠᠩᠬᠠᠶ᠎ᠳᠤ ᠰᠢᠨᠵᠢᠯᠡᠨ ᠪᠠᠶ᠋ᠢᠴᠠᠭᠠᠪᠠ᠃ ᠵᠢᠷᠤᠭ ᠪᠣᠯ ᠰᠢ ᠵᠢᠨ ᠫᠢᠩ ᠬᠤᠸᠠᠩᠫᠦ᠋ ᠲᠣᠭᠣᠷᠢᠭ᠎ᠤᠨ᠎ᠪᠠᠨ ᠰᠦᠩ ᠶᠤᠸᠠᠨ ᠵᠠᠮ᠎ᠤᠨ ᠵᠡᠭᠡᠯᠢ ᠭᠤᠳᠤᠮᠵᠢ᠎ᠶᠢᠨ ᠬᠣᠲᠠ᠎ᠶᠢᠨ ᠠᠷᠠᠳ᠎ᠤᠨ ᠰᠢᠨ᠎ᠡ ᠲᠣᠰᠬᠣᠨ ᠰᠠᠭᠤᠭᠠᠯᠢ ᠠᠷᠠᠳ ᠎ᠤᠨ ᠲᠣᠭᠣᠷᠢᠭ ᠎ᠲᠤ᠌ ᠰᠢᠨᠵᠢᠯᠡᠨ ᠪᠠᠢᠴᠠᠭᠠᠬᠤ ᠎ᠳᠠᠭᠠᠨ ᠰᠠᠭᠤᠭᠠᠯᠢ ᠠᠷᠠᠳ᠎ᠤᠨ ᠭᠡᠷ ᠲᠸ᠋ ᠬᠦᠷᠴᠦ᠂ ᠤᠷᠤᠰᠢᠨ ᠰᠠᠭᠤᠬᠤ ᠨᠦᠬᠦᠴᠡᠯ᠎ᠤᠨ ᠰᠠᠢᠵᠢᠷᠠᠭᠰᠠᠨ ᠪᠠᠢᠳᠠᠯ ᠎ᠢ ᠤᠢᠯᠠᠭᠠᠵᠦ ᠪᠠᠢᠭ᠎ᠠ ᠨᠢ᠃ 

ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ


15 ᠎ᠤ᠋ ᠦᠳᠡ᠎ᠶᠢᠨ ᠬᠣᠶ᠋ᠢᠨ᠎ᠠ᠂ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠱᠠᠩᠬᠠᠢ ᠬᠤᠳᠠ᠎ᠶᠢᠨ ᠨᠠᠮ᠎ᠤᠨ ᠬᠣᠷᠢᠶ᠎ᠠ᠎ᠶᠢᠨ ᠱᠦᠵᠢ ᠴᠧᠨ ᠵᠶ᠋ᠢ ᠨᠢᠩ ᠪᠣᠯᠤᠨ ᠬᠤᠳᠠ᠎ᠶᠢᠨ ᠳᠠᠷᠤᠭ᠎ᠠ ᠬᠦᠩ ᠵᠧᠩ᠎ᠦᠨ ᠪᠠᠷ᠎ᠠ ᠪᠤᠯᠤᠯᠭ᠎ᠠ᠎ᠲᠠᠶ᠎ᠪᠠᠷ ᠬᠤᠸᠠᠩᠫᠦ᠋ ᠲᠣᠭᠣᠷᠢᠭ᠎ᠤᠨ ᠪᠠᠨ ᠰᠦᠩ ᠶᠤᠸᠠᠨ ᠵᠠᠮ᠎ᠤᠨ ᠵᠡᠭᠡᠯᠢ ᠭᠤᠳᠤᠮᠵᠢ᠎ᠶᠢᠨ ᠬᠤᠳᠠ᠎ᠶᠢᠨ ᠠᠷᠠᠳ᠎ᠤᠨ ᠰᠢᠨ᠎ᠡ ᠲᠣᠰᠬᠣᠨ  ᠰᠠᠭᠤᠭᠠᠯᠢ ᠠᠷᠠᠳ᠎ᠤᠨ ᠲᠣᠭᠣᠷᠢᠭ᠎ᠲᠤ᠌ ᠬᠦᠷᠴᠦ᠍ ᠰᠢᠨᠵᠢᠯᠡᠨ ᠪᠠᠶ᠋ᠢᠴᠠᠭᠠᠪᠠ᠃

ᠬᠣᠲᠠ᠎ᠶᠢᠨ ᠠᠷᠠᠳ᠎ᠤᠨ ᠰᠢᠨ᠎ᠡ ᠲᠣᠰᠬᠣᠨ ᠰᠠᠭᠤᠭᠠᠯᠢ ᠠᠷᠠᠳ᠎ᠤᠨ ᠲᠣᠭᠣᠷᠢᠭ᠎ᠤᠨ ᠳᠡᠭᠡᠷ᠎ᠡ ᠵᠠᠭᠤᠨ᠎ᠤ ᠲᠠᠪᠢᠭᠠᠳ ᠣᠨ᠎ᠳᠤ ᠪᠠᠶ᠋ᠢᠭᠤᠯᠤᠭᠰᠠᠨ 4 ᠰᠠᠭᠤᠷᠢ ᠠᠰᠠᠷ᠎ᠢ ᠥᠭᠡᠷᠡᠴᠢᠯᠡᠨ ᠰᠢᠨᠡᠳᠬᠡᠵᠦ᠂ ᠲᠤᠰᠠᠭᠠᠷᠯᠠᠭᠰᠠᠨ ᠲᠣᠭᠣᠭᠠᠨ ᠬᠡᠷ ᠪᠠ ᠠᠷᠢᠭᠤᠨ ᠴᠡᠪᠡᠷ᠎ᠤᠨ ᠲᠠᠰᠤᠯᠭ᠎ᠠ᠎ᠵᠢ ᠪᠠᠶ᠋ᠢᠭᠤᠯᠵᠤ᠂ ᠴᠠᠬᠢᠯᠭᠠᠨ ᠱᠠᠲᠤ᠌ ᠨᠡᠮᠡᠵᠦ᠍ ᠤᠭᠰᠠᠷᠠᠭᠰᠠᠨ᠎ᠢᠶᠠᠷ ᠣᠷᠣᠨ ᠰᠠᠭᠤᠴᠠ᠎ᠶᠢᠨ ᠨᠥᠬᠥᠴᠡᠯ ᠢᠯᠡᠳᠲᠡ ᠰᠠᠶ᠋ᠢᠵᠢᠷᠠᠪᠠ᠃ ᠰᠢ ᠵᠢᠨ ᠫᠢᠩ ᠨᠡᠶ᠋ᠢᠭᠡᠮ ᠲᠣᠭᠣᠷᠢᠭ᠎ᠤᠨ ᠶᠡᠷᠦᠩᠬᠡᠶ᠋ᠢᠯᠡᠭᠰᠡᠨ ᠦᠢᠯᠡᠴᠢᠯᠡᠭᠡᠨ᠎ᠦ ᠴᠡᠭ᠎ᠲᠦ᠍ ᠬᠦᠷᠴᠦ᠍᠂ ᠱᠠᠩᠬᠠᠶ ᠬᠣᠲᠠ᠎ᠶᠢᠨ ᠠᠷᠢᠭᠤᠨ ᠴᠡᠪᠡᠷ᠎ᠤᠨ ᠲᠠᠰᠤᠯᠭ᠎ᠠ᠎ᠶᠢᠨ ᠲᠤᠨᠤᠭ ᠲᠥᠬᠥᠭᠡᠷᠦᠮᠵᠢ ᠥᠬᠡᠶ ᠬᠠᠭᠤᠴᠢᠨ ᠬᠡᠷ ᠪᠠᠶ᠋ᠢᠰᠢᠩ᠎ᠢ ᠥᠭᠡᠷᠡᠴᠢᠯᠡᠨ ᠰᠢᠨᠡᠳᠬᠡᠬᠦ᠌ ᠠᠵᠢᠯ ᠎ᠢ ᠠᠬᠢᠭᠤᠯᠵᠤ᠂ ᠬᠠᠭᠤᠴᠢᠨ ᠬᠣᠲᠠ ᠵᠢᠨ ᠲᠣᠭᠣᠷᠢᠭ᠎ᠤᠨ ᠰᠠᠭᠤᠭᠠᠯᠢ ᠠᠷᠠᠳ᠎ᠤᠨ《ᠭᠠᠳᠠᠭᠠᠯᠠᠬᠤ ᠰᠠᠭᠤᠯᠠᠭ᠎ᠠ ᠬᠡᠷᠡᠭᠯᠡᠵᠤ》 ᠪᠠᠢᠬᠰᠠᠨ ᠠᠰᠠᠭᠤᠳᠠᠯ᠎ᠢ ᠰᠢᠢᠳᠪᠦᠷᠢᠯᠡᠭᠰᠡᠨ ᠪᠠ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠰᠢᠨᠡᠳᠬᠡᠭᠰᠡᠨ ᠲᠠᠨᠢᠯᠴᠠᠭᠤᠯᠭ᠎ᠠ᠎ᠶᠢ ᠰᠣᠨᠣᠰᠤᠭᠰᠠᠨ ᠪᠥᠭᠡᠳ ᠲᠤᠬᠠᠶ᠎ᠶᠢᠨ ᠲᠠᠯᠠᠪᠠᠶ᠎ᠶᠢᠨ ᠠᠵᠢᠯᠲᠠᠳ᠎ᠡᠴᠡ ᠬᠣᠯᠪᠣᠭᠳᠠᠯ ᠪᠥᠬᠥᠶ ᠪᠠᠶ᠋ᠢᠳᠠᠯ ᠎ᠢ ᠨᠠᠷᠢᠨ ᠠᠰᠠᠭᠤᠪᠠ᠃ ᠰᠢ ᠵᠢᠨ ᠫᠢᠩ᠂ ᠨᠠᠮ᠎ᠤᠨ ᠲᠥᠪ ᠬᠣᠷᠢᠶ᠎ᠠ ᠬᠤᠲᠠ᠎ᠶᠢᠨ ᠠᠵᠢᠯ ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠰᠢᠨ᠎ᠡ᠎ᠶᠢ ᠡᠭᠦᠳᠬᠦ᠌᠂ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠦᠵᠡᠰᠬᠦᠯᠡᠩᠲᠦ᠍ ᠰᠠᠶ᠋ᠢᠬᠠᠨ᠂ ᠤᠶᠠᠨ ᠬᠠᠳᠠᠨ᠂ ᠪᠣᠯᠪᠠᠰᠤᠨ᠂ ᠣᠶᠤᠨᠴᠢ ᠣᠳᠣᠬᠢᠴᠢᠯᠠᠭᠰᠠᠨ ᠠᠷᠠᠳ ᠲᠦᠮᠡᠨ᠎ᠤ ᠬᠤᠲᠠ᠎ᠶᠢ ᠪᠦᠲᠦᠭᠡᠨ ᠪᠠᠶ᠋ᠢᠭᠤᠯᠬᠤ ᠬᠡᠷᠡᠭᠲᠡᠢ ᠬᠡᠵᠤ ᠲᠤᠷᠠᠲᠤᠨ ᠭᠠᠷᠭᠠᠵᠠᠢ᠃  ᠬᠤᠲᠠ᠎ᠶᠢᠨ ᠬᠠᠭᠤᠴᠢᠨ ᠰᠠᠭᠤᠭᠠᠯᠢ  ᠠᠷᠠᠳ᠎ᠤᠨ ᠲᠣᠭᠣᠷᠢᠭ᠎ᠢ ᠥᠭᠡᠷᠡᠴᠢᠯᠡᠨ ᠪᠠᠶ᠋ᠢᠭᠤᠯᠬᠤ ᠪᠣᠯ ᠴᠢᠬᠤᠯᠠ ᠨᠢᠬᠡᠨ ᠭᠣᠭᠴᠣᠭ᠎ᠠ ᠪᠣᠯᠤᠨ᠎ᠠ᠃ ᠠᠵᠢᠯ᠎ᠤᠨ ᠳᠤᠮᠳᠠ᠎ᠪᠠᠨ ᠵᠠᠰᠠᠭ᠎ᠤᠨ ᠠᠵᠢᠯ᠎ᠤᠨ ᠪᠦᠲᠦᠮᠵᠢ ᠎ᠶᠢᠨ ᠲᠤᠬᠠᠢ ᠵᠥᠪ ᠦᠵᠡᠯᠲᠡ᠎ᠶᠢ ᠪᠠᠲᠤ᠌ ᠪᠤᠢ ᠪᠣᠯᠭᠠᠨ ᠦᠢᠯᠡᠳᠦᠯᠭᠡᠵᠢᠭᠦᠯᠵᠦ᠍᠂ ᠤᠯᠠᠨ ᠲᠦᠮᠡᠨ ᠎ᠦ ᠪᠤᠳᠤᠵᠦ᠍ ᠪᠠᠶ᠋ᠢᠭ᠎ᠠ ᠵᠦᠢᠯ᠎ᠢ ᠪᠤᠳᠤᠵᠦ᠍᠂ ᠤᠯᠠᠨ ᠲᠦᠮᠡᠨ᠎ᠦ ᠪᠠᠴᠢᠮᠳᠠᠵᠤ ᠪᠠᠶ᠋ᠢᠭ᠎ᠠ ᠵᠦᠢᠯ᠎ᠳᠦ ᠪᠠᠴᠢᠮᠳᠠᠵᠤ᠂ ᠪᠦᠲᠦᠮᠵᠢᠲᠡᠢ ᠲᠦᠷᠦ᠎ᠶᠢᠨ ᠪᠤᠳᠤᠯᠭ᠎ᠠ ᠠᠷᠭ᠎ᠠ ᠬᠡᠮᠵᠢᠶ᠎ᠡ ᠎ᠶᠢ ᠲᠣᠭᠲᠠᠭᠠᠨ ᠬᠡᠷᠡᠭᠵᠢᠭᠦᠯᠵᠦ᠍᠂ ᠤᠷᠲᠤ ᠬᠤᠭᠤᠴᠠᠭ᠎ᠠ᠎ᠪᠠᠷ ᠪᠠᠷᠢᠮᠲᠠᠯᠠᠵᠤ᠂ ᠠᠷᠠᠳ ᠲᠦᠮᠡᠨ ᠎ᠦ ᠠᠩᠬᠠᠷᠴᠤ᠌ ᠪᠠᠶ᠋ᠢᠭ᠎ᠠ ᠶᠠᠪᠤᠳᠠᠯ᠎ᠢ ᠨᠢᠭᠡᠳ ᠨᠢᠭᠡ᠎ᠪᠡᠷ ᠰᠠᠶ᠋ᠢᠲᠤᠷ ᠬᠢᠵᠦ᠍᠂ ᠠᠷᠠᠳ ᠎ᠤᠨ ᠠᠮᠢᠳᠤᠷᠠᠯ᠎ᠤᠨ ᠠᠵᠠ ᠵᠢᠷᠭᠠᠯ᠎ᠢ ᠦᠷᠭᠦᠯᠵᠢᠯᠡᠨ ᠨᠡᠮᠡᠭᠳᠡᠭᠦᠯᠬᠦ᠌ ᠬᠡᠷᠡᠭᠲᠡᠢ᠃ 《ᠤᠷᠠᠨ ᠬᠠᠳᠬᠤᠮᠠᠯ ᠬᠠᠳᠬᠤᠬᠤ 》 ᠨᠠᠷᠢᠯᠢᠭ ᠤᠪᠤᠷ᠎ᠢ᠋ᠢᠡᠷ ᠰᠠᠭᠤᠭᠠᠯᠢ ᠲᠣᠭᠣᠷᠢᠭ ᠎ᠤᠨ ᠠᠳᠠᠯ ᠠᠬᠤᠶ ᠎ᠶᠢᠨ ᠬᠠᠮᠢᠶᠠᠷᠤᠯᠲᠠ ᠪᠠ ᠠᠷᠠᠳ᠎ᠲᠤ᠌ ᠲᠥᠬᠥᠮ ᠦᠵᠡᠭᠦᠯᠬᠦ᠌ ᠦᠢᠯᠡᠴᠢᠯᠡᠭᠡᠨ ᠎ᠦ ᠲᠦᠪᠰᠢᠨ ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠍᠂ ᠰᠠᠭᠤᠭᠠᠯᠢ ᠠᠷᠠᠳ ᠎ᠢ ᠬᠠᠨᠤᠮᠵᠢᠲᠠᠶ ᠪᠣᠯᠭᠠᠬᠤ ᠎ᠪᠠᠷ ᠴᠢᠷᠮᠠᠶ᠋ᠢᠬᠤ ᠬᠡᠷᠡᠭᠲᠡᠶ ᠭᠡᠵᠦ ᠴᠢᠬᠤᠯᠠᠴᠢᠯᠠᠪᠠ᠃


QQ20260716-092154.png


7 ᠰᠠᠷ᠎ᠠ ᠵᠢᠨ 15 ᠤ᠋ ᠡᠳᠦᠷ᠂ ᠳᠣᠮᠳᠠᠳᠤ ᠣᠯᠣᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠡᠣᠯᠣᠰ ᠤ᠋ᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠱᠠᠩᠬᠠᠶ᠎ᠳᠤ ᠰᠢᠨᠵᠢᠯᠡᠨ ᠪᠠᠶ᠋ᠢᠴᠠᠭᠠᠪᠠ᠃ ᠵᠢᠷᠤᠭ ᠪᠣᠯ ᠰᠢ ᠵᠢᠨ ᠫᠢᠩ ᠬᠤᠸᠠᠩᠫᠦ᠋ ᠲᠣᠭᠣᠷᠢᠭ᠎ᠤᠨ ᠪᠠᠨ ᠰᠥᠩ ᠶᠤᠸᠠᠨ ᠵᠠᠮ᠎ᠤᠨ ᠵᠡᠭᠡᠯᠢ ᠭᠤᠳᠤᠮᠵᠢ᠎ᠶᠢᠨ ᠬᠣᠲᠠ᠎ᠶᠢᠨ ᠠᠷᠠᠳ᠎ᠤᠨ ᠰᠢᠨ᠎ᠡ ᠲᠣᠰᠬᠣᠨ ᠰᠠᠭᠤᠭᠠᠯᠢ ᠠᠷᠠᠳ᠎ᠤᠨ ᠲᠣᠭᠣᠷᠢᠭ᠎ᠲᠤ᠌ ᠰᠢᠨᠵᠢᠯᠡᠨ ᠪᠠᠶ᠋ᠢᠴᠠᠭᠠᠬᠤ ᠳ᠋ᠠᠭᠠᠨ ᠨᠡᠢᠭᠡᠮ ᠲᠤᠭᠤᠷᠢᠭ ᠤ᠋ᠨ ᠨᠠᠮ ᠪᠠ ᠤᠯᠠᠨ ᠲᠦᠮᠡᠨ ᠤ᠋ ᠦᠢᠯᠡᠴᠢᠯᠡᠭᠡᠨ ᠤ᠋ ᠲᠦᠪ ᠲᠤ᠌ ᠰᠠᠭᠤᠭᠠᠯᠢ ᠠᠷᠠᠳ ᠤ᠋ᠨ ᠲᠦᠯᠦᠭᠡᠯᠡᠭᠴᠢ᠂ ᠵᠡᠭᠡᠯᠢ ᠭᠤᠳᠤᠮᠵᠢ ᠵᠢᠨ ᠺᠠᠳ᠋ᠷ᠂ ᠨᠡᠢᠭᠡᠮ ᠲᠤᠭᠤᠷᠢᠭ ᠤ᠋ᠨ ᠠᠵᠢᠯᠳᠠᠳ ᠲᠠᠢ ᠳᠤᠳᠤᠨᠤ ᠪᠡᠷ ᠶᠠᠷᠢᠯᠴᠠᠵᠤ ᠪᠠᠢᠭ᠎ᠠ ᠨᠢ᠃ 

ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠰᠢᠶᠸ ᠬᠤᠸᠠᠨ ᠤ᠋ᠤᠢ ᠰᠡᠭᠦᠳᠡᠷᠯᠡᠪᠡ


ᠠᠵᠢᠯ ᠡᠴᠡ ᠪᠡᠨ ᠠᠮᠠᠷᠠᠭᠰᠠᠨ ᠰᠠᠭᠤᠭᠠᠯᠢ ᠠᠷᠠᠳ ᠵᠦ᠍ ᠭᠦᠸᠧ ᠯᠢ᠎ᠶᠢᠨ ᠭᠡᠷ᠎ᠲᠦ ᠰᠢ᠎ᠶᠢᠨ ᠫᠢᠩ ᠣᠷᠣᠨ ᠰᠠᠭᠤᠴᠠ᠎ᠶᠢᠨ ᠬᠢᠨᠢ ᠪᠠᠢᠳᠠᠯ᠎ᠢ ᠨᠠᠷᠢᠨ ᠨᠢᠮᠪᠠᠢ ᠪᠠᠢᠴᠠᠭᠠᠨ ᠦᠵᠡᠪᠡ᠃ ᠵᠦ᠍ ᠭᠦᠸᠧ ᠯᠢ ᠶᠡᠷᠦᠩᠬᠡᠢ ᠱᠦᠵᠢ᠎ᠳᠦ᠂ ᠤᠳᠤ ᠥᠪᠡᠷ᠎ᠦᠨ ᠬᠡᠷ᠎ᠤᠨ ᠲᠣᠭᠣᠭᠠᠨ ᠭᠡᠷ ᠂ ᠠᠷᠢᠭᠤᠨ ᠴᠡᠪᠡᠷ᠎ᠦᠨ ᠲᠤᠰᠬᠠᠢ ᠦᠷᠦᠭᠡ᠎ᠲᠠᠢ ᠪᠣᠯᠤᠭᠰᠠᠨ᠎ᠡᠴᠡ ᠠᠮᠢᠳᠤᠷᠠᠯ᠎ᠤᠨ ᠲᠠᠯ᠎ᠠ᠎ᠪᠠᠷ ᠮᠠᠰᠢ ᠲᠦᠭᠦᠮ ᠪᠣᠯᠵᠠᠢ ᠭᠡᠪᠡ᠃ ᠰᠢ᠎ᠶᠢᠨ ᠫᠢᠩ ᠰᠣᠨᠣᠰᠤᠭᠠᠳ ᠮᠠᠰᠢ  ᠪᠠᠶᠠᠷᠯᠠᠪᠠ᠃ ᠲᠡᠷᠡ᠂《ᠠᠷᠠᠳ ᠤᠯᠠᠨ ᠎ᠤ ᠠᠯᠢᠪᠠ ᠵᠦᠢᠯ ᠎ᠳᠦ ᠡᠭᠡᠨᠡᠭᠳᠡ ᠰᠡᠳᠬᠢᠯ ᠠᠯᠭᠠᠰᠠᠮᠤᠢ》᠂ ᠠᠷᠠᠳ ᠤᠯᠠᠨ᠎ᠦ ᠠᠮᠢᠳᠤᠷᠠᠯ ᠪᠣᠯ ᠭᠡᠷ᠎ᠦᠨ ᠶᠠᠪᠤᠳᠠᠯ᠂ ᠨᠠᠩ ᠴᠤ᠌ ᠤᠯᠤᠰ᠎ᠤᠨ ᠶᠠᠪᠤᠳᠠᠯ ᠮᠥᠨ᠃ ᠡᠪ ᠬᠠᠮᠲᠤ ᠨᠠᠮ ᠪᠣᠯ ᠳᠠᠷᠤᠢ ᠠᠷᠠᠳ ᠲᠦᠮᠡᠨ᠎ᠳᠤ ᠦᠢᠯᠡᠴᠢᠯᠡᠳᠡᠭ᠂ ᠭᠠᠭᠴᠠ ᠬᠦ᠌ ᠠᠷᠠᠳ ᠤᠯᠠᠨ ᠠᠮᠤᠷ ᠵᠢᠮᠤᠷ ᠠᠵᠤ ᠲᠦᠷᠦᠵᠤ᠂ ᠠᠮᠢᠳᠤᠷᠠᠯ ᠨᠢ ᠲᠠᠭᠠᠯᠠᠮᠵᠢᠲᠠᠢ ᠪᠠᠢᠪᠠᠯ ᠨᠠᠮ ᠪᠠ ᠵᠠᠰᠠᠭ᠎ᠤᠨ ᠣᠷᠳᠣᠨ ᠰᠠᠶᠢ ᠰᠠᠨᠠᠭ᠎ᠠ ᠠᠮᠤᠷ ᠪᠠᠢᠵᠤ ᠴᠢᠳᠠᠨ᠎ᠠ᠃ ᠲᠠ ᠨᠠᠷ᠎ᠤᠨ ᠠᠵᠢᠯ ᠡᠴᠡ ᠪᠡᠨ ᠠᠮᠠᠷᠠᠭᠰᠠᠨ᠎ᠤ ᠳᠠᠷᠠᠭᠠᠬᠢ ᠠᠮᠢᠳᠤᠷᠠᠯ᠎ᠢᠶᠠᠨ ᠰᠠᠢᠲᠤᠷ ᠲᠣᠬᠢᠷᠠᠭᠤᠯᠵᠤ᠂ ᠭᠡᠷ ᠪᠦᠯᠢ᠎ᠶᠢᠨ ᠪᠦᠲᠦᠭᠡᠨ ᠪᠠᠢᠭᠤᠯᠤᠯᠲᠠ᠎ᠪᠠᠨ ᠨᠡᠡᠭ ᠰᠠᠢᠨ ᠬᠢᠬᠦ᠎ᠶᠢ ᠬᠦᠰᠡᠵᠦ ᠪᠠᠢᠨ᠎ᠠ ᠭᠡᠵᠤ ᠬᠡᠯᠡᠪᠡ᠃

ᠳᠠᠷᠠᠭ᠎ᠠ ᠨᠢ ᠰᠢ᠎ᠶᠢᠨ ᠫᠢᠩ ᠨᠡᠢᠭᠡᠮ ᠲᠣᠭᠣᠷᠢᠭ᠋᠎ᠤᠨ ᠨᠠᠮ᠎ᠤᠨ ᠬᠡᠰᠢᠬᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠦᠷᠳᠡᠭᠡ᠎ᠳᠦ ᠬᠦᠷᠴᠦ᠂ ᠠᠷᠠᠳ᠎ᠲᠤ ᠲᠦᠬᠦᠮ ᠦᠵᠡᠭᠦᠯᠬᠦ ᠢᠳᠡᠰᠢᠨ ᠨᠣᠭᠣᠭ᠎ᠠ᠎ᠶᠢᠨ ᠳᠡᠯᠭᠡᠭᠦᠷ ᠎ᠦᠨ ᠵᠢᠮᠢᠰ ᠨᠣᠭᠣᠭ᠎ᠠ᠎ᠶᠢᠨ ᠬᠠᠩᠭᠠᠯᠭ᠎ᠠ᠎ᠶᠢᠨ ᠪᠠᠢᠳᠠᠯ᠎ᠢ ᠪᠠᠢᠴᠠᠭᠠᠨ ᠦᠵᠡᠵᠦ᠂《ᠬᠤᠳᠠ᠎ᠶᠢᠨ ᠠᠷᠠᠳ᠎ᠤᠨ ᠵᠣᠴᠢᠯᠠᠬᠤ ᠦᠷᠦᠭᠡ》ᠳ᠋ᠤ᠌ ᠰᠠᠭᠤᠭᠠᠯᠢ ᠠᠷᠠᠳ᠎ᠤᠨ ᠲᠥᠯᠥᠭᠡᠯᠡᠭᠴᠢ᠂ ᠵᠡᠭᠡᠯᠢ ᠭᠤᠳᠤᠮᠵᠢ᠎ᠶᠢᠨ ᠺᠠᠳ᠋ᠷ᠂ ᠨᠡᠢᠭᠡᠮ ᠲᠣᠭᠣᠷᠢᠭ᠋᠎ᠤᠨ ᠠᠵᠢᠯᠲᠠᠨ᠎ᠲᠠᠢ ᠳᠣᠲᠣᠨᠣ᠌ ᠪᠡᠷ ᠶᠠᠷᠢᠯᠴᠠᠪᠠ᠃ ᠰᠢ᠎ᠶᠢᠨ ᠫᠢᠩ᠂ ᠨᠡᠢᠭᠡᠮ ᠲᠣᠭᠣᠷᠢᠭ᠋ ᠪᠣᠯ ᠬᠣᠲᠠ᠎ᠶᠢᠨ ᠵᠠᠰᠠᠯᠲᠠ᠎ᠶᠢᠨ ᠰᠢᠰᠲᠧᠮ ᠎ᠦᠨ ᠦᠨᠳᠦᠰᠦᠨ ᠨᠢᠭᠡᠴᠢ ᠮᠥᠨ᠃ ᠨᠡᠢᠭᠡᠮ ᠲᠣᠭᠣᠷᠢᠭ᠋᠎ᠤᠨ ᠵᠠᠰᠠᠯᠲᠠ᠎ᠶᠢᠨ ᠲᠦᠪᠰᠢᠨ ᠎ᠢ ᠳᠡᠭᠡᠭᠰᠢᠯᠡᠭᠦᠯᠵᠦ᠂ ᠡᠬᠢ ᠪᠠᠶᠠᠯᠢᠭ᠋᠂ ᠦᠢᠯᠡᠴᠢᠯᠡᠭᠡ᠂ ᠬᠠᠮᠢᠶᠠᠷᠤᠯᠲᠠ ᠵᠡᠷᠭᠡ ᠎ᠶᠢ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠭᠦᠯᠬᠦ᠎ᠶᠢ ᠠᠬᠢᠭᠤᠯᠵᠤ᠂ ᠦᠷᠭᠦᠯᠵᠢᠯᠡᠨ ᠦᠨᠳᠦᠰᠦᠨ ᠱᠠᠲᠤᠨ᠎ᠤ ᠳᠠᠷᠤᠭᠠᠰᠤ᠎ᠶᠢ ᠬᠥᠨᠭᠭᠡᠷᠡᠭᠦᠯᠦᠨ ᠡᠨᠧᠷᠭᠢ ᠣᠯᠭᠣᠬᠤ ᠬᠡᠷᠡᠭᠲᠡᠢ᠃ ᠨᠠᠮ᠎ᠤᠨ ᠪᠠᠢᠭᠤᠯᠤᠯᠲᠠ ᠪᠡᠷ ᠬᠥᠲᠥᠯᠥᠨ ᠳᠠᠭᠠᠭᠤᠯᠬᠤ᠎ᠶᠢ ᠴᠢᠨᠠᠭᠰᠢᠳᠠ ᠴᠢᠩᠭᠠᠳᠬᠠᠵᠤ᠂ ᠨᠡᠢᠭᠡᠮ ᠲᠣᠭᠣᠷᠢᠭ᠋ ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ ᠳᠣᠣᠷᠠᠬᠢ ᠰᠠᠭᠤᠭᠠᠯᠢ ᠠᠷᠠᠳ ᠎ᠤᠨ ᠵᠥᠪᠯᠡᠯ᠂ ᠠᠵᠢᠯ ᠦᠢᠯᠡᠰ᠎ᠦᠨ ᠵᠥᠪᠯᠡᠯ᠂ ᠠᠳᠠᠯ ᠠᠬᠤᠢ᠎ᠶᠢᠨ ᠦᠢᠯᠡᠴᠢᠯᠡᠭᠡᠨ ᠎ᠦ ᠠᠵᠤ ᠠᠬᠤᠢᠯᠠᠯ᠎ᠤᠨ ᠵᠣᠬᠢᠴᠠᠩᠭᠤᠢ ᠠᠵᠢᠯᠯᠠᠭᠠᠨ ᠎ᠤ ᠰᠢᠨ᠎ᠡ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ ᠪᠦᠷᠢᠨ ᠪᠦᠲᠦᠨ ᠨᠡᠢᠭᠡᠮ ᠲᠣᠭᠣᠷᠢᠭ᠋ ᠪᠣᠯᠣᠨ ᠠᠷᠠᠳ᠎ᠲᠤ ᠲᠦᠬᠦᠮ ᠦᠵᠡᠭᠦᠯᠬᠦ ᠠᠮᠢᠳᠤᠷᠠᠯ᠎ᠤᠨ ᠲᠤᠭᠤᠷᠢᠭ᠎ᠢ ᠪᠠᠢᠭᠤᠯᠵᠤ᠂ ᠰᠡᠳᠬᠢᠯ ᠲᠠᠯᠪᠢᠨ ᠬᠠᠢᠷ᠎ᠠ ᠰᠡᠳᠬᠢᠯᠭᠡ᠎ᠲᠡᠢ ᠪᠡᠷ ᠰᠠᠭᠤᠭᠠᠯᠢ ᠠᠷᠠᠳ᠎ᠲᠤ ᠰᠠᠢᠨ ᠶᠠᠪᠤᠳᠠᠯ ᠬᠢᠵᠤ᠂ ᠪᠣᠳᠠᠲᠦ ᠶᠠᠪᠤᠳᠠᠯ ᠬᠢᠵᠦ᠂ ᠬᠦᠴᠢᠷ ᠶᠠᠪᠤᠳᠠᠯ᠎ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠤ ᠵᠢᠭᠠᠵᠤ ᠭᠠᠷᠭᠠᠪᠠ᠃

ᠣᠳᠣᠬᠠᠨ᠎ᠳᠤ ᠶᠠᠭ ᠦᠶᠡᠷ ᠎ᠢ ᠰᠡᠷᠭᠡᠢᠯᠡᠬᠦ ᠵᠠᠩᠭᠢᠯᠠᠭ᠎ᠠ᠎ᠶᠢᠨ ᠬᠤᠭᠤᠴᠠᠭᠠᠨ᠎ᠳᠤ ᠣᠷᠣᠰᠢᠵᠤ ᠪᠤᠢ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠲᠠᠯ᠎ᠠ᠎ᠶᠢᠨ ᠬᠢᠨ ᠬᠣᠷᠢᠭ᠎ᠠ ᠱᠤᠭᠤᠮ᠎ᠤᠨ ᠰᠡᠳᠬᠢᠬᠦᠢ᠂ ᠲᠤᠢᠯᠰᠢᠷᠠᠯ᠎ᠤᠨ ᠰᠡᠳᠬᠢᠬᠦᠢ᠎ᠶᠢ ᠪᠠᠲᠤ ᠪᠤᠢ ᠪᠣᠯᠭᠠᠵᠤ᠂ ᠪᠣᠷᠣᠭᠠᠨ᠎ᠤ ᠪᠠᠢᠳᠠᠯ ᠦᠶᠡᠷ᠎ᠦᠨ ᠪᠠᠢᠳᠠᠯ ᠪᠣᠯᠣᠨ ᠲᠠᠶ᠋ᠢᠹᠸᠩ ᠰᠠᠯᠬᠢᠨ᠎ᠤ ᠪᠠᠢᠳᠠᠯ᠎ᠢ ᠨᠢᠭ᠍ᠲᠠ ᠠᠩᠬᠠᠷᠴᠤ᠂ ᠠᠶᠤᠯ ᠲᠦᠭᠰᠢᠭᠦᠷᠢ ᠵᠢᠨ ᠭᠡᠮ ᠰᠣᠭᠣᠭ᠎ᠢ ᠪᠠᠢᠴᠠᠭᠠᠨ ᠰᠢᠢᠳᠪᠦᠷᠢᠯᠡᠬᠦ᠎ᠶᠢ ᠭᠦᠨᠵᠡᠭᠡᠢ ᠨᠠᠷᠢᠨ ᠨᠢᠮᠪᠠᠢ ᠥᠷᠨᠢᠭᠦᠯᠵᠦ᠂ ᠦᠶᠡᠷ᠎ᠢ ᠰᠡᠷᠭᠡᠢᠯᠡᠵᠦ ᠦᠶᠡᠷ᠎ᠲᠠᠢ ᠲᠡᠮᠡᠴᠡᠬᠦ᠂ ᠠᠶᠤᠯ ᠭᠠᠮᠰᠢᠭ᠋᠎ᠡᠴᠡ ᠠᠪᠤᠷᠠᠬᠤ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ ᠎ᠢ ᠦᠨᠡᠨ ᠬᠦ᠌ ᠬᠠᠮᠠᠭᠠᠯᠠᠬᠤ ᠬᠡᠷᠡᠭᠲᠡᠢ ᠭᠡᠵᠤ ᠰᠢ᠎ᠶᠢᠨ ᠫᠢᠩ ᠰᠢᠨᠵᠢᠯᠡᠨ ᠪᠠᠢᠴᠠᠭᠠᠬᠤ ᠵᠠᠮ ᠲᠤᠮᠳᠠ ᠪᠠᠨ ᠴᠢᠬᠤᠯᠠᠴᠢᠯᠠᠪᠠ᠃

ᠳᠣᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ ᠵᠢᠠ ᠲᠣᠪᠴᠢᠶ᠎ᠡ ᠵᠢᠨ ᠪᠠᠢ᠍ᠢᠨᠭᠭᠤ ᠵᠢᠨ ᠭᠡᠰᠢᠬᠦᠨ᠂ ᠨᠠᠮ᠎ᠤᠨ ᠲᠦᠪ ᠬᠤᠷᠢᠶ᠎ᠠ ᠵᠢᠨ ᠠᠯᠪᠠᠨ ᠲᠢᠨᠭᠬᠢᠮ᠎ᠤᠨ ᠡᠷᠬᠢᠯᠡᠭᠴᠢ ᠼᠠᠢ ᠴᠢ ᠪᠠᠷ᠎ᠠ ᠪᠤᠯᠵᠤ ᠰᠢᠨᠵᠢᠯᠡᠨ ᠪᠠᠢᠴᠠᠭᠠᠪᠠ᠃

ᠲᠥᠪ᠎ᠦᠨ ᠪᠠ ᠲᠦᠷᠦ ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠪᠠᠷ᠎ᠠ ᠪᠣᠯᠵᠤ ᠰᠢᠨᠵᠢᠯᠡᠨ ᠪᠠᠢᠴᠠᠭᠠᠪᠠ᠃


(ᠰᠢᠨᠬᠤᠸᠠ ᠬᠣᠷᠢᠶ᠎ᠠ᠎ᠶᠢᠨ ᠱᠠᠩᠬᠠᠶ᠎ᠶᠢᠨ 7 ᠰᠠᠷ᠎ᠠ᠎ᠶᠢᠨ 15 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号