ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠶᠠᠷᠢᠶ᠎ᠠ
7 ᠰᠠᠷ᠎ᠠ᠎ᠶᠢᠨ 16 ᠤ᠋ ᠡᠳᠦᠷ ᠬᠡᠪᠯᠡᠭᠳᠡᠭᠰᠡᠨ 14 ᠳ᠋ᠤᠭᠡᠷ ᠬᠤᠭᠤᠴᠠᠭᠠᠨ᠎ᠤ 《ᠦᠨᠡᠨ 》 ᠰᠡᠳᠬᠦᠯ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ᠎ᠦᠨ ᠴᠢᠬᠤᠯᠠ ᠵᠣᠬᠢᠶᠠᠯ 《ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠶᠠᠷᠢᠶ᠎ᠠ 》 ᠵᠢ ᠨᠡᠶ᠋ᠢᠲᠡᠯᠡᠪᠡ᠃
ᠵᠣᠬᠢᠶᠠᠯ᠎ᠳᠤ᠂ 105 ᠵᠢᠯ ᠦᠨ ᠲᠤᠷᠰᠢ ᠮᠠᠨ᠎ᠤ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠥᠬᠥᠷᠡᠰᠢ ᠥᠬᠡᠶ ᠲᠡᠮᠡᠴᠡᠵᠦ᠍᠂ ᠰᠢᠨ᠎ᠡ ᠠᠷᠠᠳᠴᠢᠯᠠᠭᠰᠠᠨ ᠬᠤᠪᠢᠰᠬᠠᠯ᠂ ᠨᠡᠶ᠋ᠢᠭᠡᠮ ᠵᠢᠷᠤᠮ᠎ᠤᠨ ᠬᠤᠪᠢᠰᠬᠠᠯ ᠪᠣᠯᠤᠨ ᠪᠥᠲᠥᠭᠡᠨ ᠪᠠᠶ᠋ᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠣᠯᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠳᠠ ᠵᠢᠨ ᠪᠥᠲᠥᠭᠡᠨ ᠪᠠᠶ᠋ᠢᠭᠤᠯᠤᠯᠲᠠ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠬᠡ ᠠᠮᠵᠢᠯᠲᠠ᠎ᠶᠢ ᠡᠭᠦᠳᠴᠦ᠍᠂ ᠳᠤᠮᠳᠠᠳᠤ᠎ᠶᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ ᠳᠡᠭᠡᠷᠡᠬᠢ ᠬᠠᠮᠤᠭ᠎ᠤᠨ ᠠᠤᠭ᠎ᠠ ᠰᠦᠷᠯᠢᠭ ᠲᠤᠤᠯᠢᠰ᠎ᠢ ᠪᠢᠴᠢᠭᠯᠡᠪᠡ᠃ 105 ᠵᠢᠯ ᠴᠥᠬᠥᠷᠡᠰᠢ ᠦᠭᠡᠢ ᠲᠡᠮᠡᠴᠡᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠢᠷᠡᠭᠡᠳᠦᠢ ᠬᠤᠪᠢ ᠵᠠᠶᠠᠭ᠎ᠠ᠎ᠶᠢ ᠦᠨᠳᠦᠰᠦᠨ᠎ᠡᠴᠡ ᠨᠢ ᠬᠤᠪᠢᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠵᠥᠪ ᠵᠠᠮ᠎ᠢ ᠨᠡᠭᠡᠭᠡᠵᠦ᠍᠂ ᠮᠠᠷᠺᠰ᠎ᠤᠨ ᠦᠵᠡᠯ᠎ᠦᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠢᠯᠡᠷᠡᠭᠦᠯᠵᠦ᠍᠂ ᠳᠡᠯᠡᠬᠡᠢ᠎ᠶᠢᠨ ᠲᠡᠦᠬᠡ᠎ᠶᠢᠨ ᠠᠬᠢᠴᠠ᠎ᠶᠢ ᠭᠦᠨᠵᠡᠭᠡᠢ ᠨᠥᠯᠥᠭᠡᠯᠡᠵᠦ᠍᠂ ᠬᠦᠴᠦᠷᠬᠡᠭ ᠶᠡᠬᠡ ᠳᠤᠮᠳᠠᠳᠤ ᠤᠯᠤᠰ᠎ᠤᠨ ᠡᠪ ᠬᠠᠮᠲᠤ᠌ ᠨᠠᠮ᠎ᠢ ᠳᠠᠪᠲᠠᠨ ᠪᠣᠯᠪᠠᠰᠤᠷᠠᠭᠤᠯᠪᠠ ᠭᠡᠵᠤ ᠴᠢᠬᠤᠯᠠᠴᠢᠯᠠᠵᠠᠢ᠃
ᠵᠣᠬᠢᠶᠠᠯ᠎ᠳᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ 105 ᠵᠢᠯ᠎ᠦᠨ ᠲᠡᠮᠡᠴᠡᠯ᠎ᠦᠨ ᠶᠠᠪᠤᠴᠠ ᠳ᠋ᠤ ᠲᠠᠰᠤᠷᠠᠯᠳᠠ ᠦᠭᠡᠢ ᠬᠡᠷᠡᠯ ᠰᠠᠴᠤᠷᠠᠩᠭᠤᠢ ᠠᠮᠵᠢᠯᠲᠠ ᠤᠯᠵᠤ ᠴᠢᠳᠠᠭᠰᠠᠨ ᠵᠢᠴᠢ ᠲᠡᠦᠬᠡ ᠪᠣᠯᠤᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ᠌ ᠨᠠᠮ᠎ᠢ ᠰᠣᠩᠭᠣᠭᠰᠠᠨ᠎ᠤ ᠦᠨᠳᠦᠰᠦᠨ ᠰᠢᠯᠲᠠᠭᠠᠨ ᠨᠢ ᠮᠠᠨ᠎ᠤ ᠨᠠᠮ ᠪᠤᠰᠤᠳ ᠲᠦᠷᠦ᠎ᠶᠢᠨ ᠨᠠᠮ ᠪᠣᠯᠤᠨ ᠤᠯᠤᠰ ᠲᠦᠷᠦ᠎ᠶᠢᠨ ᠬᠦᠴᠦᠨ ᠨᠢ ᠠᠳᠠᠯᠢᠳᠬᠠᠵᠤ ᠪᠤᠯᠤᠰᠢ ᠦᠭᠡᠢ ᠰᠢᠯᠢᠳᠡᠭ ᠣᠨᠴᠠᠯᠢᠭ ᠰᠢᠨᠵᠢ᠎ᠲᠠᠶ ᠪᠠᠶ᠋ᠢᠬᠤ᠎ᠳᠤ ᠤᠷᠤᠰᠢᠨ᠎ᠠ᠄ ᠴᠦᠬᠦᠷᠡᠰᠢ ᠦᠭᠡᠢ ᠦᠨᠡᠨ ᠶᠣᠰᠣ᠎ᠶᠢ ᠬᠦᠭᠡᠭᠡᠴᠡᠯᠳᠦᠵᠤ᠂ ᠤᠷᠤᠭᠰᠢᠯᠠᠯᠲᠠ᠎ᠶᠢᠨ ᠴᠢᠭᠯᠡᠯ ᠢ᠋ ᠢᠮᠠᠭᠲᠠ ᠵᠥᠪ ᠡᠵᠡᠮᠳᠡᠪᠡ; ᠠᠷᠠᠳ ᠲᠦᠮᠡᠨ᠎ᠦ ᠳᠤᠮᠳᠠ ᠭᠦᠨ ᠦᠨᠳᠦᠰᠦᠯᠡᠵᠦ᠍᠂ ᠢᠮᠠᠭᠲᠠ ᠪᠠᠲᠤ᠌ ᠪᠡᠬᠢ ᠰᠠᠭᠤᠷᠢ᠎ᠲᠠᠶ ᠪᠠᠶ᠋ᠢᠪᠠ; ᠲᠡᠦᠬᠡᠲᠦ᠍ ᠡᠭᠦᠷᠭᠡ᠎ᠶᠢ ᠵᠣᠷᠢᠭᠲᠠᠢ ᠡᠭᠦᠷᠭᠡᠯᠡᠵᠦ᠍᠂ ᠢᠮᠠᠭᠳᠠ ᠪᠠᠶ᠋ᠢᠯᠳᠤᠬᠤ ᠪᠤᠳᠤᠯᠭ᠎ᠠ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠰᠢᠪᠡ; ᠬᠥᠭᠵᠢᠯᠲᠡ᠎ᠶᠢᠨ ᠬᠠᠨᠳᠤᠰᠢ ᠳ᠋ᠤ ᠵᠤᠬᠢᠴᠠᠵᠤ᠂ ᠢᠮᠠᠭᠲᠠ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠪᠠ; ᠵᠣᠷᠢᠭᠲᠠᠶ ᠪᠦᠬᠡᠳ ᠴᠢᠳᠠᠮᠠᠭᠠᠶ ᠲᠡᠮᠡᠴᠡᠵᠦ᠍᠂ ᠵᠠᠪᠠᠯ ᠢᠯᠠᠬᠤ ᠢᠲᠡᠭᠡᠯ ᠵᠣᠷᠢᠭ᠎ᠢᠶᠠᠨ ᠢᠮᠠᠭᠲᠠ ᠪᠠᠲᠤᠯᠠᠪᠠ; ᠥᠪᠡᠷ᠎ᠢ᠎ᠪᠡᠨ ᠴᠢᠭᠢᠷᠠᠭᠵᠢᠭᠤᠯᠬᠤ᠎ᠶᠢ ᠴᠢᠬᠤᠯᠠᠴᠢᠯᠠᠵᠤ᠂ ᠢᠮᠠᠭᠲᠠ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠠᠢᠪᠠ᠃ ᠡᠳᠡᠭᠡᠷ ᠰᠢᠯᠢᠳᠡᠭ ᠤᠨᠴᠠᠯᠢᠭ ᠰᠢᠨᠵᠢ ᠪᠣᠯ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠶᠠᠭᠠᠬᠢᠭᠠᠳ ᠬᠢᠵᠤ ᠳᠡᠢᠯᠦᠭᠰᠡᠨ ᠤ ᠵᠠᠩᠭᠢᠯᠠᠭ᠎ᠠ᠎ᠶᠢᠨ ᠨᠢᠭᠤᠴᠠ ᠨᠣᠮᠧᠷ ᠪᠣᠯᠤᠨ᠎ᠠ᠃ ᠪᠢᠳᠡ ᠰᠢᠨ᠎ᠡ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ᠂ ᠨᠠᠮ᠎ᠤᠨ ᠰᠢᠯᠢᠳᠡᠭ ᠤᠨᠴᠠᠯᠢᠭ ᠰᠢᠨᠵᠢ ᠵᠢ ᠲᠠᠰᠤᠷᠠᠯᠳᠠ ᠦᠭᠡᠢ ᠪᠠᠳᠠᠷᠠᠭᠤᠯᠤᠨ ᠳᠡᠯᠭᠡᠷᠡᠭᠦᠯᠵᠦ᠍᠂ ᠨᠠᠮ᠎ᠤᠨ ᠬᠡᠵᠢᠶᠡᠳᠡ ᠴᠢᠨᠠᠷ ᠬᠤᠪᠢᠷᠠᠬᠤ ᠦᠭᠡᠢ ᠦᠨᠭᠭᠡ ᠬᠤᠪᠢᠷᠠᠬᠤ ᠦᠭᠡᠢ ᠰᠤᠷᠳᠠᠯ ᠬᠤᠪᠢᠷᠠᠬᠤ ᠦᠭᠡᠢ᠂ ᠬᠡᠵᠢᠶᠡᠳᠡ ᠬᠦᠴᠦᠷᠬᠡᠭ ᠶᠡᠬᠡ ᠪᠦᠲᠦᠭᠡᠯᠴᠢ ᠬᠦᠴᠦᠨ ᠨᠢᠭᠲᠠᠷᠠᠯ᠎ᠤᠨ ᠬᠦᠴᠦᠨ ᠲᠠᠢ᠌ᠴᠢᠨ ᠬᠦᠴᠦᠨ᠎ᠲᠡᠶ ᠪᠠᠶ᠋ᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃
ᠵᠣᠬᠢᠶᠠᠯ᠎ᠳᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠌᠎ᠳᠦ᠂ ᠪᠦᠬᠦ᠌ ᠳᠤᠮᠳᠠᠳᠤ ᠤᠯᠤᠰ᠎ᠤᠨ ᠡᠪ ᠬᠠᠮᠲᠤᠴᠤᠳ ᠢᠲᠡᠭᠡᠯ ᠵᠣᠷᠢᠭ᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠵᠦ᠍᠂ ᠴᠠᠭ ᠦᠶ᠎ᠡ ᠪᠣᠯᠤᠨ ᠠᠷᠠᠳ ᠲᠦᠮᠡᠨ᠎ᠳᠦ ᠦᠯᠦ᠍ ᠣᠰᠣᠯᠳᠠᠬᠤ ᠰᠢᠨ᠎ᠡ ᠠᠮᠵᠢᠯᠲᠠ ᠪᠦᠲᠦᠮᠵᠢ᠎ᠶᠢ ᠲᠠᠰᠤᠷᠠᠯᠲᠠ ᠦᠭᠡᠢ ᠡᠭᠦᠳᠬᠦ᠌ ᠬᠡᠷᠡᠭᠲᠡᠢ᠃ ᠡᠷᠬᠡᠪᠰᠢ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠶ᠋ᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢᠶᠡᠨ ᠪᠠᠲᠤᠳᠬᠠᠵᠤ᠂ ᠤᠷᠢᠳᠤᠬᠢ᠎ᠶᠢ ᠵᠠᠯᠭᠠᠮᠵᠢᠯᠠᠨ ᠬᠣᠶ᠋ᠢᠰᠢᠬᠢ᠎ᠳᠤ ᠵᠠᠮ ᠨᠡᠭᠡᠭᠡᠵᠦ᠍᠂ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠬᠦ᠌ ᠬᠡᠷᠡᠭᠲᠡᠢ᠃ ᠡᠷᠬᠡᠪᠰᠢ ᠠᠷᠠᠳ ᠲᠦᠮᠡᠨ᠎ᠳᠦ ᠨᠢᠭᠲᠠ ᠲᠦᠰᠢᠭᠯᠡᠨ ᠲᠡᠦᠬᠡ᠎ᠶᠢᠨ ᠠᠭᠤᠤ ᠦᠢᠯᠡᠰ᠎ᠢ ᠪᠦᠲᠦᠭᠡᠵᠦ᠍᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠦᠢᠯᠡᠳᠦᠯᠭᠡᠵᠢᠭᠦᠯᠵᠦ᠍᠂ ᠲᠦᠭ ᠲᠦᠮᠡᠨ ᠠᠷᠠᠳ ᠲᠦᠮᠡᠨ᠎ᠦ ᠢᠳᠡᠪᠬᠢ ᠴᠢᠨᠠᠷ ᠰᠠᠨᠠᠭᠠᠴᠢᠯᠠᠭᠠᠲᠤ᠌ ᠴᠢᠨᠠᠷ ᠪᠦᠲᠦᠭᠡᠯᠴᠢ ᠴᠢᠨᠠᠷ᠎ᠢ ᠭᠦᠢᠴᠡᠳ ᠬᠥᠭᠵᠢᠭᠡᠵᠦ᠍᠂ 《ᠲᠠᠪᠤ᠎ᠶᠢ ᠨᠢᠭᠡ ᠴᠤᠬᠴᠠᠵᠢᠭᠤᠯᠤᠬᠰᠠᠨ》ᠶᠡᠷᠦᠩᠬᠡᠢ ᠪᠠᠶ᠋ᠢᠷᠢᠰᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂《ᠲᠦᠷᠪᠡᠨ ᠪᠦᠬᠦ᠌ ᠲᠠᠯ᠎ᠠ》ᠵᠢᠨ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠰᠢᠭᠤᠯᠤᠯᠲᠠ᠎ᠶᠢ ᠵᠣᠬᠢᠴᠠᠭᠤᠯᠤᠨ ᠠᠬᠢᠭᠤᠯᠵᠤ᠂ ᠰᠢᠨ᠎ᠡ ᠬᠥᠭᠵᠢᠯᠲᠡ᠎ᠶᠢᠨ ᠤᠢ᠌ᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ᠂ ᠴᠢᠨᠠᠷ ᠰᠠᠶ᠋ᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠷᠬᠡᠪᠰᠢ ᠤᠷᠤᠭᠰᠢᠯᠠᠯᠲᠠ᠎ᠶᠢᠨ ᠵᠠᠮ ᠳᠡᠭᠡᠷᠡᠬᠢ ᠠᠶᠤᠯ ᠲᠦᠭᠰᠢᠭᠦᠷᠢ ᠪᠠ ᠥᠷᠢᠰᠥᠯᠳᠦᠭᠡᠨ᠎ᠢ ᠢᠳᠡᠪᠬᠢᠲᠡᠢ ᠠᠷᠭᠠᠴᠠᠭᠠᠵᠤ᠂ ᠰᠠᠨᠠᠭᠠᠰᠢᠷᠠᠬᠤ ᠤᠬᠠᠮᠰᠠᠷ᠎ᠢᠶᠠᠨ ᠴᠢᠩᠭᠠᠳᠬᠠᠵᠤ᠂ ᠬᠣᠷᠢᠭ᠎ᠠ ᠱᠤᠭᠤᠮ᠎ᠤᠨ ᠰᠡᠳᠬᠢᠬᠦᠢ ᠶᠢ ᠪᠠᠷᠢᠮᠲᠠᠯᠠᠵᠤ᠂ ᠲᠡᠮᠡᠴᠡᠯ᠎ᠦᠨ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠲᠡᠮᠡᠴᠡᠯ᠎ᠦᠨ ᠴᠢᠳᠠᠪᠤᠷᠢ ᠪᠠᠨ ᠴᠢᠩᠭᠠᠳᠬᠠᠵᠤ᠂ ᠤᠯᠤᠰ᠎ᠤᠨ ᠳᠣᠲᠣᠭᠠᠳᠤ ᠭᠠᠳᠠᠭᠠᠳᠤ ᠬᠣᠶᠠᠷ ᠶᠡᠬᠡ ᠲᠠᠯ᠎ᠠ᠎ᠶᠢ ᠨᠡᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ᠍᠂ ᠬᠥᠭᠵᠢᠯᠲᠡ ᠪᠣᠯᠤᠨ ᠠᠮᠤᠷ ᠲᠦᠪᠰᠢᠨ᠎ᠢ ᠨᠡᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠬᠦ᠌ ᠬᠡᠷᠡᠭᠲᠡᠢ᠃ ᠡᠷᠬᠡᠪᠰᠢ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠦᠷᠭᠦᠯᠵᠢᠯᠡᠨ ᠠᠬᠢᠭᠤᠯᠵᠤ᠂ ᠡᠩᠬᠡ ᠲᠠᠶ᠋ᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠰᠢᠭ ᠬᠦᠷᠳᠡᠬᠦ᠌ ᠲᠤᠭ᠎ᠢ ᠥᠨᠳᠥᠷ ᠮᠠᠨᠳᠤᠭᠤᠯᠵᠤ᠂ ᠪᠦᠬᠦ᠌ ᠬᠥᠮᠦᠨ ᠲᠥᠷᠥᠯᠬᠢᠲᠡᠨ᠎ᠦ ᠬᠠᠮᠲᠤ᠎ᠶᠢᠨ ᠦᠷᠳᠡᠭ᠎ᠢ ᠪᠠᠳᠠᠷᠠᠭᠤᠯᠵᠤ᠂ ᠪᠦᠬᠦ᠌ ᠪᠥᠮᠪᠥᠷᠴᠡᠭ᠎ᠦᠨ ᠬᠥᠭᠵᠢᠯᠲᠡ᠎ᠶᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠠᠮᠤᠷ ᠲᠦᠪᠰᠢᠨ᠎ᠦ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ ᠦᠨ ᠵᠠᠰᠠᠯᠲᠠ ᠶᠢᠨ ᠰᠠᠨᠠᠭᠠᠴᠢᠯᠠᠭ᠎ᠠ᠎ᠶᠢ ᠨᠠᠶ᠋ᠢᠳᠠᠪᠤᠷᠢᠵᠢᠭᠤᠯᠬᠤ᠎ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶ᠋ᠢᠪᠤᠩ ᠪᠣᠯᠤᠨ ᠬᠥᠭᠵᠢᠯᠲᠡ᠎ᠳᠦ ᠨᠡᠩ ᠤᠯᠠᠨ ᠢᠳᠡᠪᠬᠢ ᠬᠦᠴᠦᠨ ᠨᠡᠮᠡᠷᠢᠯᠡᠬᠦ᠌ ᠬᠡᠷᠡᠭᠲᠡᠢ᠃ ᠡᠷᠬᠡᠪᠰᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠬᠦᠯᠵᠤ᠂ ᠨᠠᠮ᠎ᠤᠨ ᠤᠯᠤᠰ ᠲᠦᠷᠦ᠎ᠶᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠤᠭᠤᠳᠤᠭᠤᠯᠵᠤ ᠨᠠᠮ᠎ᠤᠨ ᠡᠯ᠎ᠡ ᠲᠠᠯ᠎ᠠ᠎ᠶᠢᠨ ᠪᠠᠶ᠋ᠢᠭᠤᠯᠤᠯᠲᠠ᠎ᠶᠢ ᠴᠢᠩᠭᠠᠳᠬᠠᠵᠤ᠂ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ ᠤᠳᠠᠭᠠᠨ ᠳᠠᠭᠠᠭᠠᠮᠠᠭᠠᠢ ᠳᠠᠶ᠋ᠢᠯᠠᠯᠳᠤᠭᠠᠨ ᠶᠡᠷᠦᠩᠬᠡᠢ ᠳᠠᠶ᠋ᠢᠯᠠᠯᠳᠤᠭᠠᠨ᠎ᠢ ᠡᠷᠡᠰ ᠰᠠᠶ᠋ᠢᠲᠤᠷ ᠬᠢᠵᠦ᠍᠂ ᠨᠠᠮ ᠤᠨ ᠤᠯᠤᠰ ᠲᠦᠷᠦ᠎ᠶᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠦᠳᠦᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠶ᠋ᠢᠭᠤᠯᠬᠤ ᠬᠦᠴᠦᠨ᠂ ᠨᠡᠶ᠋ᠢᠭᠡᠮ᠎ᠦᠨ ᠤᠷᠢᠶᠠᠯᠠᠬᠤ ᠬᠦᠴᠦᠨ ᠢ ᠲᠠᠰᠤᠷᠠᠯᠳᠠ ᠦᠭᠡᠢ ᠴᠢᠩᠭᠠᠳᠬᠠᠵᠤ᠂ ᠨᠠᠮ᠎ᠤᠨ ᠰᠢᠨ᠎ᠡ ᠴᠠᠭ ᠦᠶ᠎ᠡ᠎ᠳᠦ ᠳᠤᠮᠳᠠᠳᠤ ᠤᠯᠤᠰ ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠌ ᠲᠡᠦᠬᠡᠨ ᠠᠬᠢᠴᠠ ᠳᠤᠮᠳᠠ ᠢᠮᠠᠭᠲᠠ ᠪᠠᠲᠤ᠌ ᠴᠢᠩᠭ᠎ᠠ ᠤᠳᠤᠷᠢᠳᠬᠤ ᠭᠣᠣᠯᠯᠠᠭᠴᠢ ᠪᠣᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃
ᠵᠣᠬᠢᠶᠠᠯ᠎ᠳᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ 105 ᠵᠢᠯ᠎ᠦᠨ ᠭᠡᠷᠡᠯ ᠰᠠᠴᠤᠷᠠᠩᠭᠤᠢ ᠲᠡᠦᠬᠡ ᠬᠥᠮᠦᠰ ᠢ ᠣᠮᠣᠭᠰᠢᠭᠤᠯᠤᠨᠠ᠂ ᠭᠡᠪᠡᠴᠦ᠍ ᠪᠢᠳᠡ ᠶᠠᠭᠠᠬᠢᠭᠰᠠᠨ ᠴᠤ᠌ ᠣᠮᠣᠷᠬᠠᠭᠯᠠᠨ ᠪᠠᠷᠳᠠᠮᠨᠠᠵᠤ᠂ ᠤᠷᠤᠭᠰᠢᠯᠠᠬᠤ ᠦᠭᠡᠢ ᠪᠠᠶ᠋ᠢᠵᠤ ᠪᠣᠯᠬᠤ ᠦᠭᠡᠢ᠃ ᠪᠦᠬᠦ᠌ ᠨᠠᠮ᠎ᠤᠨ ᠨᠥᠬᠥᠳ ᠡᠷᠬᠡᠪᠰᠢ ᠤᠬ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠡᠷᠬᠡᠪᠰᠢ ᠳᠠᠷᠤᠤ ᠬᠢᠴᠢᠶᠡᠩᠭᠦᠢ ᠪᠠᠶ᠋ᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠍᠂ ᠡᠷᠬᠡᠪᠰᠢ ᠵᠣᠷᠢᠭᠲᠠᠢ ᠲᠡᠮᠡᠴᠡᠵᠦ᠍᠂ ᠴᠢᠳᠠᠮᠠᠭᠠᠢ᠎ᠪᠠᠷ ᠲᠡᠮᠡᠴᠡᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠴᠢᠩᠭ᠎ᠠ ᠲᠦᠰᠢᠭᠯᠡᠨ ᠪᠦᠯᠬᠦᠮᠳᠡᠭᠦᠯᠦᠨ ᠳᠠᠭᠠᠭᠤᠯᠵᠤ ᠰᠢᠨ᠎ᠡ ᠠᠶᠠᠨ᠎ᠳᠠᠭᠠᠨ ᠡᠷᠡᠮᠡᠭᠡᠢᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠳᠦ ᠭᠠᠪᠢᠶ᠎ᠠ ᠪᠠᠶ᠋ᠢᠭᠤᠯᠵᠤ᠂ ᠲᠡᠦᠬᠡ᠎ᠶᠢᠨ ᠭᠡᠷᠡᠯ ᠰᠠᠴᠤᠷᠠᠩᠭᠤᠢ ᠰᠢᠨ᠎ᠠ ᠠᠮᠵᠢᠯᠲᠠ᠎ᠶᠢ ᠴᠢᠷᠮᠠᠶ᠋ᠢᠨ ᠡᠭᠦᠳᠬᠦ᠌ ᠬᠡᠷᠡᠭᠲᠡᠢ ᠭᠡᠵᠤ ᠴᠢᠬᠤᠯᠠᠴᠢᠯᠠᠪᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 15 ᠤ᠋ ᠴᠠᠬᠢᠯᠭᠠᠨ ᠮᠡᠳᠡᠭᠡ)