7 ᠰᠠᠷ᠎ᠠ ᠵᠢᠨ 15᠎ᠤ
ᠡᠳᠦᠷ᠂ ᠣᠲᠣᠭ ᠬᠣᠰᠢᠭᠤᠨ᠎ᠤ ᠡᠨᠧᠷᠭᠢ᠎ᠶᠢᠨ ᠲᠣᠪᠴᠢᠶ᠎ᠠ ᠢᠯᠡᠷᠬᠡᠢᠯᠡᠯᠲᠡ ᠨᠡᠢᠲᠡᠯᠡᠵᠦ᠂ ᠣᠢᠷ᠎ᠠ᠎ᠳᠤ 《ᠤᠷᠢᠬᠠᠨ ᠰᠠᠯᠬᠢ᠎ᠪᠠᠷ ᠴᠠᠬᠢᠯᠭᠠᠨ ᠭᠠᠷᠭᠠᠬᠤ》 ᠲᠥᠷᠥᠯ
ᠵᠦᠢᠯ᠎ᠲᠠᠢ ᠠᠳᠠᠯᠢᠪᠲᠤᠷ ᠠᠰᠠᠭᠤᠨ ᠯᠠᠪᠯᠠᠬᠤ ᠤᠲᠠᠰᠤ᠎ᠶᠢ ᠣᠯᠠᠨᠲᠠ ᠭᠥᠯᠢᠶᠡᠨ
ᠠᠪᠴᠠᠢ᠂ ᠣᠲᠣᠭ ᠬᠣᠰᠢᠭᠤᠨ᠎ᠤ ᠡᠨᠧᠷᠭᠢ᠎ᠶᠢᠨ ᠲᠣᠪᠴᠢᠶ᠎ᠠ ᠡᠢᠮᠦᠷᠬᠦᠦ
ᠲᠥᠷᠥᠯ ᠵᠦᠢᠯ᠎ᠢ ᠭᠥᠯᠢᠶᠡᠨ ᠠᠪᠤᠭᠰᠠᠨ ᠦᠭᠡᠢ ᠪᠤᠶᠤ ᠬᠢᠨᠠᠨ ᠵᠥᠪᠰᠢᠶᠡᠷᠡᠭᠰᠡᠨ ᠦᠭᠡᠢ᠂ ᠣᠲᠣᠭ ᠬᠣᠰᠢᠭᠤᠨ᠎ᠤ ᠬᠠᠷᠢᠶ᠎ᠠ ᠣᠷᠣᠨ᠎ᠳᠤ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠴᠣᠬᠣᠯᠠᠪᠤᠷᠢᠯᠠᠬᠰᠠᠨ᠂
ᠬᠢᠨᠠᠨ ᠵᠥᠪᠰᠢᠶᠡᠷᠡᠭᠰᠡᠨ ᠤᠷᠢᠬᠠᠨ ᠰᠠᠯᠬᠢ᠎ᠪᠠᠷ ᠴᠠᠬᠢᠯᠭᠠᠨ ᠭᠠᠷᠭᠠᠬᠤ ᠲᠥᠷᠥᠯ ᠵᠦᠢᠯ ᠲᠠᠢ
ᠭᠡᠰᠡᠨ ᠨᠢ ᠴᠥᠮ ᠬᠤᠳᠠᠯ ᠬᠠᠭᠤᠷᠮᠠᠭ ᠮᠡᠳᠡᠭᠡ ᠵᠠᠩᠭᠢ᠎ᠳᠤ
ᠲᠣᠭᠠᠴᠠᠭᠳᠠᠨ᠎ᠠ ᠭᠡᠵᠡᠢ᠃
ᠢᠯᠡᠷᠬᠡᠢᠯᠡᠯᠲᠡ ᠨᠢ
ᠳᠣᠣᠷᠠᠬᠢ ᠮᠡᠲᠦ᠄
ᠮᠠᠨ᠎ᠤ ᠲᠣᠪᠴᠢᠶ᠎ᠠ ᠣᠢᠷ᠎ᠠ᠎ᠳᠤ 《ᠤᠷᠢᠬᠠᠨ ᠰᠠᠯᠬᠢ᠎ᠪᠠᠷ ᠴᠠᠬᠢᠯᠭᠠᠨ ᠭᠠᠷᠭᠠᠬᠤ》 ᠲᠥᠷᠥᠯ ᠵᠦᠢᠯ᠎ᠦᠨ ᠲᠤᠬᠠᠢ ᠠᠰᠠᠭᠤᠨ ᠯᠠᠪᠯᠠᠬᠤ ᠤᠲᠠᠰᠤ᠎ᠶᠢ ᠣᠯᠠᠨᠲᠠ ᠭᠥᠯᠢᠶᠡᠨ
ᠠᠪᠴᠠᠢ᠃ ᠰᠢᠨ᠎ᠡ ᠡᠨᠧᠷᠭᠢ᠎ᠶᠢᠨ ᠲᠥᠷᠥᠯ ᠵᠦᠢᠯ᠎ᠦᠨ ᠬᠠᠮᠢᠶᠠᠷᠤᠯᠲᠠ᠎ᠶᠢᠨ ᠡᠮᠬᠢ ᠳᠢᠭ᠌ᠯᠢᠮ᠎ᠢ
ᠵᠢᠷᠤᠮᠵᠢᠭᠤᠯᠬᠤ᠎ᠶᠢᠨ ᠲᠥᠯᠥᠭᠡ᠂ ᠣᠲᠣ᠌ ᠬᠣᠯᠪᠣᠭᠳᠠᠯ ᠪᠦᠬᠦᠢ ᠪᠠᠢᠳᠠᠯ᠎ᠢ ᠳᠣᠣᠷᠠᠬᠢ ᠮᠡᠲᠦ ᠢᠯᠡᠷᠬᠡᠢᠯᠡᠶ᠎ᠡ᠄
ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ ᠵᠢᠴᠢ ᠬᠣᠲᠠ᠎ᠶᠢᠨ ᠱᠠᠲᠤᠨ᠎ᠤ ᠲᠠᠰ ᠳᠠᠪᠬᠤᠷᠭᠠᠡᠴᠠ 《ᠤᠷᠢᠬᠠᠨ ᠰᠠᠯᠬᠢ᠎ᠪᠠᠷ ᠴᠠᠬᠢᠯᠭᠠᠨ ᠭᠠᠷᠭᠠᠬᠤ》 ᠬᠠᠮᠢᠶ᠎ᠠ
ᠪᠦᠬᠦᠢ ᠲᠥᠷᠥ᠎ᠶᠢᠨ ᠪᠣᠳᠣᠯᠭ᠎ᠠ᠎ᠶᠢ ᠬᠠᠷᠠᠬᠠᠨ ᠨᠡᠢᠲᠡᠯᠡᠭᠡᠳᠦᠢ ᠪᠠᠢᠨ᠎ᠠ᠂ ᠮᠠᠨ᠎ᠤ ᠲᠣᠪᠴᠢᠶ᠎ᠠ ᠴᠤ᠌
ᠡᠢᠮᠦᠷᠬᠦᠦ ᠲᠥᠷᠥᠯ ᠵᠦᠢᠯ᠎ᠢ ᠭᠥᠯᠢᠶᠡᠨ ᠠᠪᠴᠤ ᠰᠢᠢᠳᠪᠦᠷᠢᠯᠡᠭᠰᠡᠨ ᠦᠭᠡᠢ ᠪᠤᠶᠤ ᠬᠢᠨᠠᠨ ᠵᠥᠪᠰᠢᠶᠡᠷᠡᠵᠦ
ᠥᠩᠭᠡᠷᠡᠭᠰᠡᠨ ᠦᠭᠡᠢ᠃ ᠣᠳᠣ᠌᠎ᠶᠢᠨ ᠬᠡᠷᠡᠭᠵᠢᠭᠦᠯᠵᠦ ᠪᠠᠢᠭ᠎ᠠ ᠲᠣᠭᠲᠠᠭᠠᠯ ᠶᠣᠰᠣᠭᠠᠷ᠂ ᠰᠠᠯᠬᠢᠨ
ᠬᠦᠴᠦᠨ᠎ᠢᠶᠡᠷ ᠴᠠᠬᠢᠯᠭᠠᠨ ᠭᠠᠷᠭᠠᠬᠤ᠂ ᠭᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ᠂ ᠦᠯᠡᠳᠡᠭᠳᠡᠯ
ᠢᠯᠴᠢ᠎ᠪᠡᠷ ᠴᠠᠬᠢᠯᠭᠠᠨ ᠭᠠᠷᠭᠠᠬᠤ ᠵᠡᠷᠭᠡ ᠡᠯ᠎ᠡ ᠲᠥᠷᠥᠯ᠎ᠦᠨ ᠴᠠᠬᠢᠯᠭᠠᠨ ᠭᠠᠷᠭᠠᠬᠤ ᠲᠥᠷᠥᠯ ᠵᠦᠢᠯ᠎ᠢ
ᠡᠷᠬᠡᠪᠰᠢ ᠬᠠᠮᠢᠶ᠎ᠠ ᠪᠦᠬᠦᠢ ᠲᠥᠯᠦᠪᠵᠢᠭᠦᠯᠭᠡ᠎ᠳᠦ ᠣᠷᠣᠭᠤᠯᠬᠤ ᠪᠤᠶᠤ ᠲᠥᠷᠥᠯ ᠵᠦᠢᠯ᠎ᠢ ᠮᠡᠳᠡᠭᠦᠯᠬᠦ
ᠭᠠᠷᠳᠠᠮ᠎ᠢ ᠭᠦᠢᠴᠡᠳᠬᠡᠭᠰᠡᠨ᠎ᠦ ᠳᠠᠷᠠᠭ᠎ᠠ᠂ ᠲᠣᠭᠲᠠᠭᠠᠯ ᠶᠣᠰᠣᠭᠠᠷ ᠡᠨᠧᠷᠭᠢ᠎ᠶᠢᠨ ᠭᠣᠣᠯᠯᠠᠨ ᠬᠠᠮᠢᠶᠠᠷᠬᠤ
ᠰᠠᠯᠠᠭ᠎ᠠ ᠮᠥᠴᠢᠷ᠎ᠲᠦ ᠬᠦᠷᠴᠦ ᠳᠠᠩᠰᠠᠯᠠᠭᠤᠯᠬᠤ ᠪᠤᠶᠤ ᠬᠢᠨᠠᠨ ᠵᠥᠪᠰᠢᠶᠡᠷᠡᠭᠦᠯᠬᠦ ᠭᠠᠷᠳᠠᠮ᠎ᠢ
ᠭᠦᠢᠴᠡᠳᠬᠡᠬᠦ ᠬᠡᠷᠡᠭᠲᠡᠢ᠃
ᠡᠨᠳᠡ ᠥᠷᠭᠡᠨ ᠣᠯᠠᠨ
ᠲᠦᠮᠡᠨ᠎ᠳᠦ ᠣᠨᠴᠠᠭᠠᠢᠯᠠᠨ ᠰᠠᠨᠠᠭᠤᠯᠬᠤ ᠨᠢ᠄ ᠣᠲᠣᠭ ᠬᠣᠰᠢᠭᠤᠨ᠎ᠤ ᠬᠠᠷᠢᠶ᠎ᠠ ᠣᠷᠣᠨ᠎ᠳᠤ ᠬᠠᠮᠢᠶ᠎ᠠ ᠪᠦᠬᠦᠢ
ᠰᠠᠯᠠᠭ᠎ᠠ ᠮᠥᠴᠢᠷ᠎ᠦᠨ ᠴᠣᠬᠣᠯᠠᠪᠤᠷᠢᠯᠠᠬᠰᠠᠨ᠂ ᠬᠢᠨᠠᠨ ᠵᠥᠪᠰᠢᠶᠡᠷᠡᠭᠰᠡᠨ ᠤᠷᠢᠬᠠᠨ ᠰᠠᠯᠬᠢ᠎ᠪᠠᠷ ᠴᠠᠬᠢᠯᠭᠠᠨ
ᠭᠠᠷᠭᠠᠬᠤ ᠲᠥᠷᠥᠯ ᠵᠦᠢᠯ ᠲᠠᠢ ᠭᠡᠭᠰᠡᠨ ᠨᠢ ᠴᠥᠮ ᠬᠤᠳᠠᠯ ᠬᠠᠭᠤᠷᠮᠠᠭ ᠮᠡᠳᠡᠭᠡ ᠵᠠᠩᠭᠢ ᠪᠣᠯᠣᠨ᠎ᠠ᠃
ᠡᠷᠬᠡᠪᠰᠢ ᠰᠣᠨᠣᠷ ᠰᠡᠷᠡᠮᠵᠢ ᠪᠡᠨ ᠳᠡᠭᠡᠭᠰᠢᠯᠡᠭᠦᠯᠵᠦ᠂ ᠠᠶᠤᠯ ᠲᠦᠭᠰᠢᠭᠦᠷᠢ᠎ᠶᠢ ᠰᠡᠷᠭᠡᠢᠯᠡᠬᠦ
ᠤᠬᠠᠮᠰᠠᠷ᠎ᠢᠶᠠᠨ ᠴᠢᠩᠭᠠᠳᠬᠠᠭᠠᠷᠠᠢ᠃ ᠡᠨᠧᠷᠭᠢ᠎ᠶᠢᠨ ᠲᠥᠷᠥᠯ ᠵᠦᠢᠯ᠎ᠳᠦ ᠪᠡᠯᠡ ᠣᠷᠣᠭᠤᠯᠬᠤ ᠪᠤᠶᠤ
ᠣᠷᠣᠯᠴᠠᠬᠤᠡᠴᠠ ᠡᠮᠦᠨ᠎ᠡ᠂ ᠬᠡᠷᠪᠡ ᠠᠰᠠᠭᠤᠳᠠᠯ᠎ᠲᠠᠢ ᠪᠣᠯ ᠮᠠᠨ᠎ᠤ ᠲᠣᠪᠴᠢᠶ᠎ᠠ ᠪᠤᠶᠤ ᠬᠠᠷᠢᠶ᠎ᠠ
ᠭᠠᠵᠠᠷ᠎ᠤᠨ ᠵᠠᠰᠠᠭ᠎ᠤᠨ ᠣᠷᠳᠣᠨ᠎ᠡᠴᠠ ᠠᠰᠠᠭᠤᠨ ᠯᠠᠪᠯᠠᠵᠤ ᠬᠢᠨᠠᠨ ᠬᠠᠷᠭᠤᠭᠤᠯᠵᠤ᠂ ᠮᠡᠬᠡᠯᠡᠭᠳᠡᠬᠦ᠎ᠡᠴᠡ
ᠬᠢᠴᠢᠶᠡᠵᠦ᠂ ᠠᠵᠤ ᠠᠬᠤᠢ᠎ᠶᠢᠨ ᠬᠣᠬᠢᠷᠠᠯᠠᠮᠰᠠᠬᠤ ᠡᠴᠠ ᠵᠠᠢᠯᠠᠰᠬᠢᠭᠡᠷᠡᠢ᠃
ᠣᠨᠴᠠᠭᠠᠢᠯᠠᠨ
ᠢᠯᠡᠷᠬᠡᠢᠯᠡᠪᠡ
ᠣᠲᠣᠭ ᠬᠣᠰᠢᠭᠤᠨ᠎ᠤ
ᠡᠨᠧᠷᠭᠢ᠎ᠶᠢᠨ ᠲᠣᠪᠴᠢᠶ᠎ᠠ
2026 ᠣᠨ᠎ᠤ 7
ᠰᠠᠷ᠎ᠠ᠎ᠶᠢᠨ 15᠎ᠤ ᠡᠳᠦᠷ
ᠢᠷᠡᠯᠲᠡ᠄ ᠦᠪᠦᠷ
ᠮᠤᠩᠭᠤᠯ᠎ᠤᠨ ᠢᠨᠲ᠋ᠸᠷ ᠰᠦᠯᠵᠢᠶᠡᠨ᠎ᠤ ᠬᠠᠤᠯᠢ ᠡᠴᠡ ᠵᠦᠷᠢᠴᠡᠭᠰᠡ ᠪᠠ ᠪᠤᠯᠬᠢ ᠮᠡᠳᠡᠭᠡ ᠵᠠᠩᠬᠢ ᠵᠢ
ᠢᠯᠡᠴᠢᠯᠡᠨ ᠮᠡᠳᠡᠭᠦᠯᠬᠦ ᠳᠠᠪᠴᠠᠩ