ᠰᠤᠷᠪᠤᠯᠵᠢᠯᠠᠭ᠍ᠴᠢ 13᠎ᠤ᠋ ᠡᠳᠦᠷ ᠥᠪᠥᠷ ᠮᠣᠩᠭᠣᠯ᠎ᠤᠨ ᠬᠥᠬᠡᠬᠣᠲᠠ᠎ᠳᠤ ᠶᠠᠪᠤᠭᠳᠠᠭᠰᠠᠨ ᠣᠯᠠᠨ ᠤᠯᠤᠰ᠎ᠤᠨ ᠲᠠᠯ᠎ᠠ ᠨᠤᠲᠤᠭ ᠬᠢᠭᠡᠳ ᠮᠠᠯᠴᠢᠳ᠎ᠤᠨ ᠣᠨ᠎ᠤ ᠳᠤᠮᠳᠠᠳᠤ ᠤᠯᠤᠰ᠎ᠤᠨ ᠲᠣᠭᠣᠷᠢᠭ᠋᠎ᠤᠨ ᠭᠣᠣᠯ ᠰᠡᠳᠦᠪᠲᠦ ᠠᠵᠢᠯᠯᠠᠭ᠎ᠠ᠎ᠡᠴᠡ ᠣᠢᠯᠠᠭᠠᠭᠰᠠᠨ ᠵᠢᠡᠷ᠂ ᠣᠢᠷ᠎ᠠ᠎ᠶᠢᠨ ᠵᠢᠯ᠎ᠦᠳ᠎ᠲᠦ ᠮᠠᠨ᠎ᠤ ᠤᠯᠤᠰ᠎ᠤᠨ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠪᠠᠢᠳᠠᠯ ᠦᠷᠭᠦᠯᠵᠢᠯᠡᠨ ᠰᠠᠢᠵᠢᠷᠠᠵᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠰᠢᠰᠲᠧᠮ᠎ᠦᠨ ᠠᠮᠢ ᠠᠬᠤᠢ᠎ᠶᠢᠨ ᠴᠢᠳᠠᠮᠵᠢ ᠪᠠ ᠦᠢᠯᠡᠳᠪᠦᠷᠢᠯᠡᠯ᠎ᠦᠨ ᠬᠦᠴᠦᠨ ᠢᠯᠡᠷᠬᠡᠢ ᠳᠡᠭᠡᠭᠰᠢᠯᠡᠵᠦ᠂ ᠡᠷᠡᠭᠦᠯ ᠪᠠ ᠡᠷᠡᠭᠦᠯᠰᠢᠭ ᠨᠤᠲᠤᠭ ᠪᠡᠯᠴᠢᠭᠡᠷ᠎ᠦᠨ ᠲᠠᠯᠠᠪᠠᠶ 27 ᠳ᠋ᠦᠩᠰᠢᠭᠤᠷ ᠮᠦ᠍᠎ᠳᠦ ᠬᠦᠷᠴᠦ᠂ ᠡᠵᠡᠯᠡᠬᠦ ᠬᠠᠷᠢᠴᠠᠯ ᠨᠢ 70% ᠶ᠋ᠢ ᠳᠠᠪᠠᠵᠠᠢ᠃
ᠮᠠᠨ᠎ᠤ ᠤᠯᠤᠰ ᠪᠣᠯ ᠲᠠᠯ᠎ᠠ ᠨᠤᠲᠤᠭ᠎ᠤᠨ ᠲᠣᠮᠣ᠌ ᠤᠯᠤᠰ ᠪᠠᠢᠵᠤ᠂ ᠪᠡᠯᠴᠢᠭᠡᠷ᠎ᠦᠨ ᠲᠠᠯᠠᠪᠠᠢ 40 ᠳ᠋ᠦᠩᠰᠢᠭᠤᠷ ᠮᠦ᠍᠎ᠳᠦ ᠬᠦᠷᠴᠦ᠂ ᠳᠡᠯᠡᠬᠡᠢ᠎ᠶᠢᠨ ᠨᠢᠭᠡᠳᠦᠭᠡᠷ᠎ᠲᠦ ᠣᠷᠣᠳᠠᠭ᠃ ᠮᠠᠨ᠎ᠤ ᠤᠯᠤᠰ ᠬᠠᠮᠠᠭᠠᠯᠠᠬᠤ᠎ᠶᠢ ᠤᠷᠢᠳ ᠵᠢᠡᠷ ᠪᠤᠳᠤᠯᠬᠢᠯᠠᠨ᠂ ᠠᠶᠠᠨᠳᠠᠭᠠᠨ᠎ᠤ ᠰᠡᠷᠭᠦᠯᠲᠡ ᠪᠠ ᠬᠥᠮᠥᠨ᠎ᠦ ᠬᠦᠴᠦ᠎ᠪᠡᠷ ᠰᠡᠷᠭᠦᠭᠡᠬᠦ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠤᠲᠤᠭ ᠪᠡᠯᠴᠢᠭᠡᠷ᠎ᠢ ᠬᠠᠮᠠᠭᠠᠯᠠᠨ ᠰᠡᠷᠭᠦᠭᠡᠬᠦ ᠡᠷᠴᠢᠮ᠎ᠢᠶᠡᠨ ᠲᠠᠰᠤᠷᠠᠯᠲᠠ ᠦᠭᠡᠢ ᠴᠢᠩᠭᠠᠷᠠᠭᠤᠯᠵᠤ᠂ ᠴᠢᠬᠤᠯᠠ ᠶᠡᠬᠡ ᠠᠮᠢ ᠠᠬᠤᠢ᠎ᠶᠢᠨ ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠵᠦ᠂ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠤᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠱᠠᠩᠨᠠᠵᠤ ᠨᠥᠬᠥᠪᠦᠷᠢ ᠦᠭᠬᠦ ᠲᠦᠷᠦ᠎ᠶᠢᠨ ᠪᠣᠳᠣᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠦᠨ ᠪᠡᠯᠴᠢᠭᠡᠷᠯᠡᠭᠦᠯᠬᠦ᠎ᠶᠢ ᠵᠤᠭᠰᠤᠭᠠᠵᠤ ᠰᠡᠯᠭᠦᠨ ᠮᠠᠯᠵᠢᠬᠤ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠳᠦᠷᠢᠮ᠎ᠢ ᠪᠦᠬᠦ ᠲᠠᠯ᠎ᠠ᠎ᠪᠠᠷ ᠠᠬᠢᠭᠤᠯᠪᠠ᠃
ᠲᠣᠭ᠎ᠠ ᠪᠠᠷᠢᠮᠲᠠ᠎ᠳᠤ ᠬᠠᠷᠠᠭᠤᠯᠤᠭᠰᠠᠨ ᠵᠢᠡᠷ᠂ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ᠎ᠳᠤ ᠮᠠᠨ᠎ᠤ ᠤᠯᠤᠰ᠎ᠤᠨ ᠵᠢᠯ ᠳᠤᠮᠳᠠᠴᠢ᠎ᠶᠢᠨ ᠮᠠᠭᠤᠳᠠᠭᠰᠠᠨ ᠨᠤᠲᠤᠭ ᠪᠡᠯᠴᠢᠭᠡᠷ᠎ᠢ ᠵᠠᠰᠠᠨ ᠰᠡᠷᠭᠦᠭᠡᠭᠰᠡᠨ ᠲᠠᠯᠠᠪᠠᠢ 4600 ᠲᠦᠮᠡᠨ ᠮᠦ᠍᠎ᠡᠴᠡ ᠳᠠᠪᠠᠵᠤ᠂ ᠵᠢᠯ ᠳᠤᠮᠳᠠᠴᠢ᠎ᠶᠢᠨ ᠰᠡᠷᠭᠡᠢᠯᠡᠨ ᠵᠠᠰᠠᠭᠰᠠᠨ ᠨᠤᠲᠤᠭ ᠪᠡᠯᠴᠢᠭᠡᠷ᠎ᠦᠨ ᠬᠤᠯᠤᠭᠠᠨ᠎ᠠ ᠬᠣᠷᠣᠬᠠᠢ᠎ᠶᠢᠨ ᠬᠥᠨᠥᠭᠡᠯ᠎ᠦᠨ ᠲᠠᠯᠠᠪᠠᠶ 1 ᠳ᠋ᠦᠩᠰᠢᠭᠤᠷ ᠮᠦ᠍ ᠵᠢ ᠳᠠᠪᠠᠵᠤ᠂ ᠨᠤᠲᠤᠭ ᠪᠡᠯᠴᠢᠭᠡᠷ᠎ᠦᠨ ᠵᠢᠯ᠎ᠦᠨ ᠰᠢᠨ᠎ᠡ ᠰᠣᠷᠭᠣᠭ ᠡᠪᠡᠰᠦᠨ᠎ᠦ ᠭᠠᠷᠤᠯᠲᠠ 6 ᠳ᠋ᠦᠩᠰᠢᠭᠤᠷ ᠲᠣᠨ᠎ᠢ ᠳᠠᠪᠠᠪᠡ᠃
ᠲᠠᠨᠢᠯᠴᠠᠭᠤᠯᠤᠭᠰᠠᠨ᠎ᠢᠶᠠᠷ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠤ ᠮᠠᠨ᠎ᠤ ᠤᠯᠤᠰ ᠨᠤᠲᠤᠭ ᠪᠡᠯᠴᠢᠭᠡᠷ᠎ᠦᠨ ᠵᠠᠰᠠᠯᠲᠠ᠎ᠶᠢᠨ ᠰᠢᠰᠲᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ᠎ᠦᠨ ᠵᠠᠰᠠᠯᠲᠠ᠎ᠶᠢᠨ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠪᠡᠰᠦ ᠳᠠᠷᠢᠬᠤ ᠬᠢᠭᠡᠳ ᠨᠣᠭᠣᠭᠠᠷᠠᠭᠤᠯᠬᠤ᠂ ᠡᠯᠡᠰᠦ᠎ᠶᠢ ᠵᠠᠰᠠᠬᠤ᠂ ᠠᠵᠤ ᠦᠢᠯᠡᠰ᠎ᠢ ᠣᠷᠭᠠᠨᠢᠭ᠋᠎ᠢᠶᠠᠷ ᠤᠶᠠᠯᠳᠤᠭᠤᠯᠬᠤ᠎ᠶᠢ ᠨᠢᠭᠡᠳᠦᠯᠲᠡᠢ ᠲᠥᠯᠥᠪᠵᠢᠭᠦᠯᠦᠨ ᠲᠦᠯᠬᠢᠨ ᠠᠬᠢᠭᠤᠯᠵᠤ᠂ 《ᠠᠯᠲᠠᠨ ᠠᠭᠤᠯᠠ ᠮᠦᠨᠭᠭᠦᠨ ᠬᠠᠢᠷᠬᠠᠨ》 ᠤ᠋ ᠤᠢᠯᠠᠭᠠᠭᠳᠠᠬᠤᠨ᠎ᠢ ᠦᠢᠯᠡᠳᠦᠯᠭᠡᠵᠢᠬᠦᠯᠬᠦ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ᠎ᠶᠢᠨ ᠡᠪᠡᠰᠦᠨ᠎ᠦ ᠮᠠᠯ ᠠᠵᠤ ᠠᠬᠤᠢ᠎ᠶᠢ ᠶᠡᠬᠡ ᠪᠡᠷ ᠬᠥᠭᠵᠢᠭᠦᠯᠦᠨ᠎ᠡ᠃ ᠮᠠᠭᠤᠳᠠᠭᠰᠠᠨ ᠨᠤᠲᠤᠭ ᠪᠡᠯᠴᠢᠭᠡᠷ᠎ᠦᠨ ᠠᠮᠢ ᠠᠬᠤᠢ᠎ᠶᠢ ᠵᠠᠰᠠᠨ ᠰᠡᠷᠭᠦᠭᠡᠬᠦ᠎ᠶᠢ ᠲᠠᠰ ᠲᠥᠷᠥᠯ ᠬᠤᠪᠢᠶᠠᠨ ᠬᠡᠷᠡᠭᠵᠢᠭᠦᠯᠬᠦ᠎ᠶᠢ ᠪᠠᠷᠢᠮᠲᠠᠯᠠᠵᠤ᠂ ᠴᠢᠨᠠᠷ ᠰᠠᠢᠲᠠᠢ ᠡᠪᠡᠰᠦᠨ᠎ᠦ ᠡᠭᠦᠯᠳᠡᠷ᠎ᠢ ᠪᠣᠢᠵᠢᠭᠤᠯᠤᠨ ᠳᠡᠯᠭᠡᠷᠡᠭᠦᠯᠬᠦ ᠡᠷᠴᠢᠮ᠎ᠢ ᠴᠢᠩᠭᠠᠷᠠᠭᠤᠯᠵᠤ᠂ ᠴᠢᠨᠠᠷ ᠰᠠᠢᠲᠠᠢ ᠲᠡᠵᠢᠭᠡᠯ ᠡᠪᠡᠰᠦᠨ᠎ᠦ ᠬᠠᠩᠭᠠᠯᠭ᠎ᠠ᠎ᠶᠢᠨ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠤᠨ ᠬᠠᠮᠠᠭᠠᠯᠠᠯᠲᠠ᠎ᠶᠢ ᠦᠷᠭᠦᠯᠵᠢᠯᠡᠨ ᠴᠢᠩᠭᠠᠳᠬᠠᠵᠤ᠂ ᠳᠥᠷᠪᠡᠳᠦᠭᠡᠷ ᠡᠭᠡᠯᠵᠢ᠎ᠶᠢᠨ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠬᠠᠮᠠᠭᠠᠯᠠᠯᠲᠠ ᠵᠢᠨ ᠨᠥᠬᠥᠪᠦᠷᠢ ᠥᠭᠴᠦ ᠱᠠᠩᠨᠠᠬᠤ ᠲᠥᠷᠥ᠎ᠶᠢᠨ ᠪᠣᠳᠣᠯᠭ᠎ᠠ᠎ᠶᠢ ᠰᠠᠢᠲᠤᠷ ᠬᠡᠷᠡᠭᠵᠢᠭᠦᠯᠵᠦ᠂ ᠨᠤᠲᠤᠭ ᠪᠡᠯᠴᠢᠭᠡᠷ᠎ᠢ ᠡᠪᠳᠡᠵᠦ ᠠᠲᠠᠷ ᠬᠠᠭᠠᠯᠪᠤᠷᠢᠯᠠᠬᠤ ᠵᠡᠷᠭᠡ ᠡᠯ᠎ᠡ ᠲᠥᠷᠥᠯ᠎ᠦᠨ ᠬᠠᠤᠯᠢ᠎ᠡᠴᠡ ᠵᠥᠷᠢᠴᠡᠭᠰᠡᠨ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦ ᠪᠤᠯᠤᠨ᠎ᠠ᠃
(ᠰᠢᠨᠬᠤᠸᠠ ᠬᠣᠷᠢᠶ᠎ᠡ ᠵᠢᠨ ᠬᠥᠬᠡᠬᠣᠲᠠ᠎ᠶᠢᠨ 7 ᠰᠠᠷ᠎ᠠ᠎ᠶᠢᠨ 13᠎ᠤ᠋ ᠴᠠᠬᠢᠯᠭᠠᠨ ᠮᠡᠳᠡᠭᠡ)