ᠦᠪᠦᠷ ᠮᠤᠡᠭᠭᠤᠯ ᠤ᠋ᠨ ᠤᠯᠠᠨ ᠭᠠᠵᠠᠷ ᠲᠤ᠌ ᠳᠤᠮᠳᠠ ᠡᠴᠡ ᠶᠡᠬᠡ ᠪᠤᠷᠤᠭᠠᠨ ᠤᠷᠤᠨ᠎ᠠ
2026-07-16 09:47:58
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ 2026 ᠤᠨ ᠤ᠋ 7 ᠰᠠᠷ᠎ᠠ ᠢ᠋ᠢᠨ 17 — 19 ᠤ᠋ ᠡᠳᠦᠷ ᠪᠤᠯᠲᠠᠯ᠎ᠠ ᠮᠠᠨ ᠤ᠋ ᠤᠷᠤᠨ ᠤ᠋ ᠤᠯᠠᠨ ᠭᠠᠵᠠᠷ ᠲᠤ᠌ ᠳᠤᠮᠳᠠ ᠡᠴᠡ ᠶᠡᠬᠡ ᠪᠤᠷᠤᠭᠠᠨ ᠤᠷᠤᠵᠤ᠂ ᠬᠡᠰᠡᠭ ᠭᠠᠵᠠᠷ ᠲᠤ᠌ ᠰᠢᠷᠦᠭᠦᠨ ᠪᠤᠷᠤᠭᠠᠨ ᠤᠷᠤᠵᠤ᠂ ᠪᠠᠷᠠᠭᠤᠨ ᠪᠡᠶ᠎ᠠ ᠢ᠋ᠢᠨ ᠭᠠᠵᠠᠷ ᠤᠷᠤᠨ ᠳ᠋ᠤ 37 ᠭᠷᠠᠳ᠋ᠦ᠋ᠰ ᠡᠴᠡ ᠳᠡᠭᠡᠭᠰᠢᠬᠢ ᠠᠭᠠᠬᠢᠮ᠎ᠠ ᠬᠠᠯᠠᠭᠤᠨ ᠠᠭᠤᠷ ᠠᠮᠢᠰᠬᠤᠯ ᠢᠯᠡᠷᠡᠨ᠎ᠠ᠃

7 ᠰᠠᠷ᠎ᠠ ᠵᠢᠨ 17 — 19 ᠤ᠋ ᠡᠳᠦᠷ ᠪᠤᠯᠲᠠᠯ᠎ᠠ᠂ ᠰᠢᠯᠢ ᠢ᠋ᠢᠨ ᠭᠤᠤᠯ ᠠᠢᠮᠠᠭ ᠤ᠋ᠨ ᠳᠤᠮᠳᠠ ᠪᠡᠶ᠎ᠠ᠂ ᠤᠯᠠᠭᠠᠨᠬᠠᠳᠠ ᠬᠤᠲᠠ ᠢ᠋ᠢᠨ ᠶᠡᠬᠡᠡᠭᠬᠢ ᠭᠠᠵᠠᠷ᠂ ᠲᠦᠡᠭᠯᠢᠶᠤᠤ ᠬᠤᠲᠠ ᠢ᠋ᠢᠨ ᠶᠡᠬᠡᠡᠭᠭᠢ ᠭᠠᠵᠠᠷ᠂ ᠬᠢᠡᠭᠭᠠᠨ ᠠᠢᠮᠠᠭ ᠤ᠋ᠨ ᠵᠠᠭᠦᠨ ᠡᠮᠦᠨ᠎ᠠ ᠪᠡᠶ᠎ᠠ᠂ ᠬᠦᠯᠦᠨ ᠪᠤᠢᠷ ᠬᠤᠲᠠ ᠢ᠋ᠢᠨ ᠵᠠᠭᠦᠨ ᠬᠤᠢᠳᠤ ᠪᠡᠶ᠎ᠠ ᠳ᠋ᠤ ᠳᠤᠮᠳᠠ ᠡᠴᠡ ᠶᠡᠬᠡ ᠪᠤᠷᠤᠭᠠᠨ ᠤᠷᠤᠵᠤ᠂ ᠤᠯᠠᠭᠠᠨᠬᠠᠳᠠ ᠬᠤᠲᠠ ᠢ᠋ᠢᠨ ᠵᠠᠭᠦᠨ ᠡᠮᠦᠨ᠎ᠠ ᠪᠡᠶ᠎ᠠ ᠢ᠋ᠢᠨ ᠬᠡᠰᠡᠭ ᠭᠠᠵᠠᠷ ᠲᠤ᠌ ᠰᠢᠷᠦᠭᠦᠨ ᠪᠤᠷᠤᠭᠠᠨ ᠤᠷᠤᠵᠤ᠂ ᠬᠤᠷ᠎ᠠ ᠲᠤᠨᠳᠠᠰᠤᠨ ᠤ᠋ ᠬᠤᠷᠠᠮᠳᠤᠯ ᠤ᠋ᠨ ᠬᠡᠮᠵᠢᠶ᠎ᠠ 30 — 70 ᠮᠢᠯᠢᠮᠸᠲᠷ ᠬᠦᠷᠴᠤ᠂ ᠤᠬᠤᠷ ᠬᠤᠭᠤᠴᠠᠭᠠᠨ ᠤ᠋ ᠰᠢᠷᠦᠭᠦᠨ ᠪᠤᠷᠤᠭᠠᠨ᠂ ᠠᠶᠤᠡᠭᠭᠠᠲᠤ ᠪᠤᠷᠤᠭᠠᠨ ᠶᠡᠬᠡ ᠰᠠᠯᠬᠢ᠂ ᠮᠦᠨᠳᠦᠷ ᠵᠡᠷᠭᠡ ᠴᠢᠡᠭᠭ᠎ᠠ ᠰᠤᠯᠢᠭ ᠤᠷᠤᠰᠬᠠᠯᠲᠤ ᠴᠠᠭ ᠠᠭᠤᠷ ᠳᠠᠭᠠᠯᠳᠤᠨ᠎ᠠ; ᠠᠯᠠᠱᠠ ᠠᠢᠮᠠᠭ ᠤ᠋ᠨ ᠬᠤᠢᠳᠤ ᠪᠡᠶ᠎ᠠ᠂ ᠪᠠᠶᠠᠨᠨᠠᠭᠤᠷ ᠬᠤᠲᠠ ᠢ᠋ᠢᠨ ᠪᠠᠷᠠᠭᠤᠨ ᠪᠡᠶ᠎ᠠ ᠪᠤᠯᠤᠨ ᠡᠮᠦᠨ᠎ᠠ ᠪᠡᠶ᠎ᠠ᠂ ᠤᠷᠳᠤᠰ ᠬᠤᠲᠠ ᠢ᠋ᠢᠨ ᠪᠠᠷᠠᠭᠤᠨ ᠬᠤᠢᠳᠤ ᠪᠡᠶ᠎ᠠ ᠳ᠋ᠤ 37 ᠭᠷᠠᠳ᠋ᠦ᠋ᠰ ᠡᠴᠡ ᠳᠡᠭᠡᠭᠰᠢᠬᠢ ᠠᠭᠠᠬᠢᠮ᠎ᠠ ᠬᠠᠯᠠᠭᠤᠨ ᠠᠭᠤᠷ ᠠᠮᠢᠰᠬᠤᠯ ᠢᠯᠡᠷᠡᠵᠤ᠂ ᠠᠯᠠᠱᠠ ᠠᠢᠮᠠᠭ ᠤ᠋ᠨ ᠵᠠᠭᠦᠨ ᠬᠤᠢᠳᠤ ᠪᠡᠶ᠎ᠠ ᠢ᠋ᠢᠨ ᠠᠭᠠᠷ ᠤ᠋ᠨ ᠳᠤᠯᠠᠭᠠᠨ 40 ᠭᠷᠠᠳ᠋ᠦ᠋ᠰ ᠢ᠋ ᠳᠠᠪᠠᠨ᠎ᠠ᠃

ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ᠂ ᠬᠠᠮᠢᠶ᠎ᠠ ᠪᠦᠬᠦᠢ ᠭᠠᠵᠠᠷ ᠤ᠋ᠨ ᠬᠢᠨ ᠶᠡᠬᠡ ᠪᠤᠷᠤᠭᠠᠨ ᠪᠤᠶᠤ ᠰᠢᠷᠤᠬᠦᠨ ᠪᠤᠷᠤᠭᠠᠨ ᠡᠴᠡ ᠪᠤᠯᠵᠤ ᠮᠡᠳᠡᠬᠦ ᠲᠤᠮᠳᠠ ᠪᠠᠭ᠎ᠠ ᠭᠤᠤᠯ ᠮᠦᠷᠡᠨ ᠤ᠋ ᠦᠶᠡᠷ᠂ ᠠᠭᠤᠯᠠᠨ ᠦᠶᠡᠷ᠂ ᠬᠤᠳᠠ ᠵᠢᠨ ᠦᠶᠡᠷ ᠤᠰᠤᠳᠤᠯ ᠵᠡᠷᠬᠡ ᠡᠬᠦᠰᠦᠮᠡᠯ ᠭᠠᠮᠰᠢᠭ ᠢ᠋ ᠰᠡᠷᠬᠡᠢᠯᠡᠬᠦ ᠴᠢᠬᠤᠯᠠᠳᠠᠢ᠂ ᠪᠠᠷᠠᠭᠤᠨ ᠪᠠᠶ᠎ᠠ ᠵᠢᠨ ᠭᠠᠵᠠᠷ ᠤ᠋ᠨ ᠬᠢᠨ ᠨᠠᠷᠠᠰᠢᠬᠤ ᠵᠢ ᠰᠡᠷᠬᠡᠢᠯᠡᠬᠦ ᠴᠢᠬᠤᠯᠠᠳᠠᠢ ᠬᠡᠮᠡᠨ ᠰᠠᠨᠠᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号