ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠬᠤ ᠰᠤᠳᠤᠯᠤᠯ ᠤ᠋ᠨ ᠬᠦᠷᠢᠶᠡᠯᠡᠩ᠂ ᠦᠪᠦᠷ ᠮᠤᠩᠭᠤᠯ ᠤ᠋ᠨ ᠶᠡᠬᠡ ᠰᠤᠷᠭᠠᠭᠤᠯᠢ ᠶ᠋ᠢᠨ ᠠᠮᠢ ᠰᠢᠨᠵᠢᠯᠡᠭᠡᠨ ᠤ᠋ ᠳᠡᠭᠡᠳᠦ ᠰᠤᠷᠭᠠᠭᠤᠯᠢ᠂ ᠦᠪᠦᠷ ᠮᠤᠩᠭᠤᠯ ᠤ᠋ᠨ ᠶᠡᠬᠡ ᠰᠤᠷᠭᠠᠭᠤᠯᠢ ᠶ᠋ᠢᠨ ᠠᠮᠢᠳᠤ ᠪᠤᠳᠠᠰ ᠤ᠋ᠨ ᠠᠨᠠᠭᠠᠬᠤ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠤᠢᠷ᠎ᠠ ᠳ᠋ᠤ᠌ ᠡᠷᠳᠡᠮ ᠰᠢᠨᠵᠢᠯᠡᠭᠡᠨ ᠤ᠋ ᠬᠠᠮᠳᠤᠷᠠᠯᠴᠠᠭ᠎ᠠ᠂ ᠪᠦᠲᠦᠭᠡᠭᠳᠡᠭᠦᠨ ᠤ᠋ ᠤᠨᠳᠤᠤᠰᠢᠭᠤᠯᠤᠯᠳᠠ᠂ ᠵᠢᠭᠠᠨ ᠰᠤᠷᠭᠠᠯᠳᠠ ᠶ᠋ᠢᠨ ᠬᠠᠮᠵᠢᠯᠴᠠᠭ᠎ᠠ 3 ᠶᠡᠬᠡ ᠴᠢᠭᠯᠡᠯ ᠶ᠋ᠢᠡᠷ ᠬᠠᠮᠳᠤᠷᠠᠨ ᠠᠵᠢᠯᠯᠠᠬᠤ ᠰᠠᠨᠠᠮᠵᠢ ᠳᠤᠬᠢᠷᠠᠯᠴᠠᠭᠰᠠᠨ ᠪᠦᠭᠡᠳ ᠬᠠᠮᠳᠤᠷᠠᠨ ᠠᠵᠢᠯᠯᠠᠬᠤ ᠪᠦᠲᠦᠭᠦᠪᠴᠢ ᠵᠦᠪᠯᠡᠯᠴᠡᠭᠡᠷ ᠳᠤᠭᠳᠠᠵᠤ᠂ ᠪᠦᠬᠦ ᠲᠠᠯ᠎ᠠ ᠶ᠋ᠢᠨ ᠤᠯᠠᠨ ᠳᠠᠪᠬᠤᠷᠭ᠎ᠠ ᠶ᠋ᠢᠨ ᠪᠠᠢᠩᠭᠤᠵᠢᠭᠰᠠᠨ ᠪᠠᠢᠯᠳᠤᠬᠤ ᠪᠤᠳᠤᠯᠭ᠎ᠠ ᠶ᠋ᠢᠨ ᠬᠠᠮᠳᠤᠷᠠᠯᠴᠠᠭ᠎ᠠ ᠦᠷᠨᠢᠭᠦᠯᠬᠦ ᠰᠢᠨ᠎ᠠ ᠪᠠᠢᠷᠢᠰᠢᠯ ᠢ᠋ ᠪᠠᠢᠭᠤᠯᠤᠨ᠂ ᠪᠦᠬᠦ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠦᠢᠯᠡᠰ ᠤ᠋ᠨ ᠬᠦᠭᠵᠢᠯᠳᠡ ᠳ᠋ᠤ ᠰᠢᠨ᠎ᠠ ᠬᠦᠴᠦᠨ ᠨᠡᠮᠡᠷᠢᠯᠡᠪᠠ᠃
ᠬᠠᠮᠳᠤᠷᠠᠨ ᠠᠵᠢᠯᠯᠠᠬᠤ ᠪᠦᠲᠦᠭᠦᠪᠴᠢ ᠵᠦᠪᠯᠡᠯᠴᠡᠭᠡᠷ ᠢ᠋ ᠦᠨᠳᠦᠰᠦᠯᠡᠪᠡᠯ᠂ ᠭᠤᠷᠪᠠᠨ ᠲᠠᠯ᠎ᠠ ᠪᠡᠷ ᠶ᠋ᠢᠡᠨ ᠴᠢᠳᠠᠪᠤᠷᠢᠳᠠᠨ ᠬᠦᠮᠦᠵᠢᠭᠦᠯᠬᠦ ᠰᠢᠰᠲ᠋ᠧᠮ ᠢ᠋ ᠬᠠᠮᠳᠤ ᠪᠡᠷ ᠪᠠᠢᠭᠤᠯᠬᠤ᠂ ᠴᠢᠨᠠᠷ ᠰᠠᠢᠳᠠᠢ ᠬᠠᠳᠠᠭᠤ ᠵᠦᠭᠡᠯᠡᠨ ᠲᠤᠨᠤᠭ ᠤ᠋ᠨ ᠡᠬᠢ ᠪᠠᠶᠠᠯᠢᠭ ᠢ᠋ ᠬᠠᠮᠳᠤ ᠪᠡᠷ ᠡᠳ᠋ᠯᠡᠬᠦ᠂ ᠡᠷᠳᠡᠮ ᠰᠢᠨᠵᠢᠯᠡᠭᠡᠨ ᠤ᠋ ᠪᠤᠭᠤᠮᠳᠠ ᠰᠢᠪᠳᠤᠯᠬᠤ ᠠᠵᠢᠯᠯᠠᠭ᠎ᠠ ᠶ᠋ᠢ ᠬᠠᠮᠳᠤᠷᠠᠨ ᠦᠷᠨᠢᠭᠦᠯᠬᠦ᠂ ᠠᠵᠢᠯ ᠲᠦᠷᠦᠯ ᠤ᠋ᠨ ᠤᠯᠠᠨ ᠨᠡᠢᠳᠡ ᠶ᠋ᠢᠨ ᠦᠢᠯᠡᠴᠢᠯᠡᠭᠡ ᠶ᠋ᠢᠨ ᠠᠵᠢᠯᠯᠠᠭ᠎ᠠ ᠶ᠋ᠢ ᠭᠦᠨᠵᠡᠭᠡᠢ ᠦᠷᠨᠢᠭᠦᠯᠬᠦ᠂ ᠰᠤᠳᠤᠯᠭᠠᠨ ᠤ᠋ ᠦᠷ᠎ᠠ ᠪᠦᠲᠦᠭᠡᠯ ᠢ᠋ ᠪᠤᠳᠠᠳᠠᠢ ᠳ᠋ᠤ ᠨᠠᠢᠳᠠᠪᠤᠷᠢᠵᠢᠭᠤᠯᠬᠤ ᠶ᠋ᠢ ᠲᠦᠷᠭᠡᠳᠭᠡᠬᠦ ᠵᠡᠷᠭᠡ 5 ᠲᠠᠯ᠎ᠠ ᠳ᠋ᠤ ᠠᠩᠬᠠᠷᠤᠯ ᠵᠢᠡᠨ ᠲᠦᠪᠯᠡᠷᠡᠬᠦᠯᠵᠤ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠬᠤ ᠰᠤᠳᠤᠯᠤᠯ ᠤ᠋ᠨ ᠬᠦᠷᠢᠶᠡᠯᠡᠩ ᠳ᠋ᠤ ᠦᠢᠯᠡᠳᠦᠯᠭᠡ ᠶ᠋ᠢᠨ ᠵᠢᠭᠠᠨ ᠰᠤᠷᠭᠠᠯᠳᠠ ᠶ᠋ᠢᠨ ᠰᠠᠭᠤᠷᠢᠨ ᠪᠠ ᠠᠰᠫᠢᠷᠠᠨᠲᠢ ᠬᠠᠮᠳᠤ ᠪᠡᠷ ᠬᠦᠮᠦᠵᠢᠭᠦᠯᠬᠦ ᠳᠠᠪᠴᠠᠩ ᠢ᠋ ᠪᠠᠢᠭᠤᠯᠵᠤ ᠦᠭᠬᠦᠨ᠂ ᠦᠪᠦᠷ ᠮᠤᠩᠭᠤᠯ ᠤ᠋ᠨ ᠶᠡᠬᠡ ᠰᠤᠷᠭᠠᠭᠤᠯᠢ ᠶ᠋ᠢᠨ ᠬᠤᠯᠪᠤᠭᠳᠠᠯ ᠪᠦᠬᠦᠢ ᠲᠤᠰᠬᠠᠢ ᠮᠡᠷᠭᠡᠵᠢᠯ ᠤ᠋ᠨ ᠰᠤᠷᠤᠭᠴᠢᠳ ᠲᠤ᠌ ᠳᠠᠳᠤᠯᠭ᠎ᠠ ᠬᠢᠬᠦ ᠪᠠ ᠪᠤᠳᠠᠳᠤ ᠦᠢᠯᠡᠳᠦᠯᠭᠡ ᠳ᠋ᠤ ᠤᠷᠤᠯᠴᠠᠬᠤ ᠵᠠᠪᠰᠢᠶᠠᠨ ᠤᠯᠭᠤᠵᠤ᠂ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠠᠵᠤ ᠦᠢᠯᠡᠰ ᠲᠤ᠌ ᠱᠠᠭᠠᠷᠳᠠᠭᠳᠠᠬᠤ ᠦᠨᠳᠦᠷ ᠬᠡᠪ ᠪᠤᠯᠪᠠᠰᠤᠷᠠᠯ ᠪᠦᠬᠦᠢ ᠴᠢᠳᠠᠪᠤᠷᠢᠳᠠᠨ ᠢ᠋ ᠬᠦᠮᠦᠵᠢᠭᠦᠯᠤᠨᠠ;ᠲᠤᠷᠰᠢᠯᠳᠠ ᠶ᠋ᠢᠨ ᠲᠠᠰᠤᠭ᠂ ᠰᠢᠯᠭᠠᠨ ᠪᠠᠢᠴᠠᠭᠠᠬᠤ ᠲᠦᠬᠦᠭᠡᠷᠦᠮᠵᠢ᠂ ᠠᠵᠢᠯ ᠲᠦᠷᠦᠯ ᠤ᠋ᠨ ᠲᠤᠰᠬᠠᠢ ᠮᠡᠷᠭᠡᠵᠢᠯᠳᠡᠨ ᠤ᠋ ᠤᠶᠤᠨ ᠤ᠋ ᠬᠦᠮᠦᠷᠭᠡ ᠶ᠋ᠢᠨ ᠡᠬᠢ ᠪᠠᠶᠠᠯᠢᠭ ᠵᠡᠷᠭᠡ ᠶ᠋ᠢ ᠬᠠᠷᠢᠯᠴᠠᠨ ᠨᠡᠭᠡᠭᠡᠯᠳᠡ ᠬᠢᠵᠤ᠂ ᠡᠯ᠎ᠠ ᠱᠠᠳᠤᠨ ᠤ᠋ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠲᠦᠷᠦᠯ ᠵᠦᠢᠯ ᠢ᠋ ᠬᠠᠮᠳᠤ ᠪᠡᠷ ᠡᠷᠡᠮᠡᠯᠵᠡᠨ᠂ ᠠᠵᠢᠯ ᠲᠦᠷᠦᠯ ᠤ᠋ᠨ ᠬᠠᠮᠳᠤᠴᠢ ᠴᠢᠨᠠᠷᠳᠠᠢ ᠮᠡᠷᠭᠡᠵᠢᠯ ᠤ᠋ᠨ ᠬᠦᠴᠢᠷ ᠠᠰᠠᠭᠤᠳᠠᠯ ᠢ᠋ ᠰᠢᠢᠳᠪᠤᠷᠢᠯᠡᠨ᠎ᠠ᠃ ᠪᠠᠰᠠ ᠰᠠᠭᠤᠷᠢ ᠰᠤᠳᠤᠯᠭᠠᠨ᠂ ᠮᠡᠷᠭᠡᠵᠢᠯ ᠤ᠋ᠨ ᠰᠤᠳᠤᠯᠭᠠᠨ ᠨᠡᠭᠡᠭᠡᠯᠳᠡ ᠡᠴᠡ ᠵᠠᠬ᠎ᠠ ᠳᠡᠯᠭᠡᠭᠦᠷ ᠤ᠋ᠨ ᠬᠡᠷᠡᠭᠯᠡᠭᠡ ᠬᠦᠷᠳᠡᠯᠡᠬᠢ ᠪᠦᠷᠢᠨ ᠪᠦᠲᠦᠨ ᠬᠡᠯᠬᠢᠶ᠎ᠠ ᠶ᠋ᠢ ᠰᠢᠯᠤᠭᠤᠳᠬᠠᠵᠤ᠂ ᠰᠢᠨ᠎ᠠ ᠶ᠋ᠢ ᠡᠭᠦᠳᠦᠭᠰᠡᠨ ᠮᠡᠷᠭᠡᠵᠢᠯ ᠶ᠋ᠢᠡᠷ ᠠᠵᠤ ᠦᠢᠯᠡᠰ ᠤ᠋ᠨ ᠬᠦᠭᠵᠢᠯᠳᠡ ᠳ᠋ᠤ ᠦᠢᠯᠡᠴᠢᠯᠡᠬᠦ ᠵᠡᠷᠭᠡ ᠪᠤᠳᠠᠳᠠᠢ ᠶ᠋ᠢ ᠡᠷᠬᠢᠮᠯᠡᠭᠰᠡᠨ ᠬᠠᠮᠳᠤᠷᠠᠯᠴᠠᠭ᠎ᠠ ᠦᠷᠨᠢᠭᠦᠯᠬᠦ ᠪᠤᠯᠤᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号