ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠰᠢᠭᠯᠠᠯᠲᠠ ᠢ᠋ᠢᠨ ᠲᠢᠩᠬᠢᠮ ᠡᠴᠡ ᠤᠢᠯᠠᠭᠠᠭᠰᠠᠨ ᠢ᠋ᠢᠡᠷ᠂ ᠣᠶ᠋ᠢᠷ᠎ᠠ ᠳ᠋ᠤ ᠦᠪᠡᠷᠳᠡᠬᠡᠨ ᠵᠠᠰᠠᠬᠤ ᠤᠷᠤᠨ ᠡᠴᠡ 《ᠶᠡᠬᠡ ᠲᠦᠷᠭᠡᠨ ᠭᠤᠤᠯ᠂ ᠮᠠᠶ᠋ᠢᠳᠠᠷᠢ ᠭᠤᠤᠯ ᠤ᠋ᠨ ᠰᠠᠪᠠ ᠭᠠᠵᠠᠷ ᠤ᠋ᠨ ᠦᠶᠡᠷ ᠢ᠋ ᠰᠡᠷᠭᠡᠶ᠋ᠢᠯᠡᠵᠤ ᠪᠠᠴᠢᠮ ᠪᠠᠶ᠋ᠢᠳᠠᠯ ᠢ᠋ ᠠᠷᠭᠠᠴᠠᠭᠠᠬᠤ ᠪᠡᠯᠡᠳᠬᠡᠯ ᠲᠥᠰᠦᠯ 》 ᠢ᠋ ᠳᠠᠷᠤᠮᠠᠯᠯᠠᠨ ᠲᠠᠷᠬᠠᠭᠠᠵᠤ᠂ ᠬᠠᠷᠠᠠᠤᠰᠤ ᠨᠠᠭᠤᠷ ᠤ᠋ᠨ ᠡᠷᠬᠢᠨ ᠲᠣᠭᠣᠷᠢᠨ ᠵᠢᠴᠢ ᠶᠡᠬᠡ ᠲᠦᠷᠭᠡᠨ ᠭᠤᠤᠯ᠂ ᠮᠠᠶ᠋ᠢᠳᠠᠷᠢ ᠭᠤᠤᠯ ᠤ᠋ᠨ ᠰᠠᠪᠠ ᠭᠠᠵᠠᠷ ᠤ᠋ᠨ ᠦᠶᠡᠷ ᠢ᠋ ᠰᠡᠷᠭᠡᠶ᠋ᠢᠯᠡᠬᠦ᠌ ᠰᠢᠰᠲ᠋ᠧᠮ᠂ ᠤᠷᠢᠳᠴᠢᠯᠠᠨ ᠰᠡᠷᠭᠡᠶ᠋ᠢᠯᠡᠵᠦ᠍ ᠤᠷᠢᠳᠴᠢᠯᠠᠨ ᠰᠡᠷᠡᠮᠵᠢᠯᠡᠭᠦᠯᠬᠦ᠌ ᠲᠣᠭᠲᠠᠴᠠ ᠵᠢᠴᠢ ᠪᠠᠴᠢᠮ ᠪᠠᠶ᠋ᠢᠳᠠᠯ ᠢ᠋ ᠠᠷᠭᠠᠴᠠᠭᠠᠬᠤ ᠠᠵᠢᠯᠯᠠᠭ᠎ᠠ ᠢ᠋ᠢᠨ ᠳᠡᠰ ᠳᠠᠷᠠᠭᠠᠯᠠᠯ ᠢ᠋ ᠰᠢᠯᠢᠳᠡᠭᠵᠢᠭᠦᠯᠦᠨ᠂ ᠰᠠᠪᠠ ᠭᠠᠵᠠᠷ ᠤ᠋ᠨ ᠦᠶᠡᠷ ᠤᠰᠤᠲᠤᠯ ᠤ᠋ᠨ ᠭᠠᠮᠰᠢᠭ ᠢ᠋ ᠶᠡᠷᠦᠩᠬᠡᠶ᠋ᠢᠯᠡᠨ ᠰᠡᠷᠭᠡᠶ᠋ᠢᠯᠡᠬᠦ᠌ ᠴᠢᠳᠠᠪᠤᠷᠢ ᠢ᠋ᠢ ᠪᠥᠬᠥ᠌ ᠲᠠᠯ᠎ᠠ ᠪᠡᠷ ᠳᠡᠭᠡᠭᠰᠢᠯᠡᠭᠦᠯᠵᠤ ᠪᠤᠢ᠃
ᠶᠡᠬᠡ ᠲᠦᠷᠭᠡᠨ ᠭᠣᠣᠯ᠂ ᠮᠠᠶ᠋ᠢᠳᠠᠷᠢ ᠭᠣᠣᠯ ᠤ᠋ᠨ ᠰᠠᠪᠠ ᠭᠠᠵᠠᠷ ᠪᠣᠯ ᠥᠪᠥᠷ ᠮᠣᠩᠭᠣᠯ ᠤ᠋ᠨ ᠳᠤᠮᠳᠠ ᠪᠡᠶ᠎ᠠ ᠢ᠋ᠢᠨ ᠦᠶᠡᠷ ᠢ᠋ ᠰᠡᠷᠭᠡᠶ᠋ᠢᠯᠡᠬᠦ᠌ ᠭᠣᠣᠯᠳᠠᠯᠭ᠎ᠠ ᠲᠠᠶ ᠣᠷᠣᠨ ᠪᠤᠯᠤᠨ᠎ᠠ᠃ ᠲᠤᠰ ᠲᠥᠰᠦᠯ ᠳ᠋ᠤ᠂ ᠶᠡᠷᠦᠩᠬᠡᠶ ᠲᠦᠷᠢᠮ᠂ ᠦᠶᠡᠷ ᠢ᠋ ᠰᠡᠷᠭᠡᠶ᠋ᠢᠯᠡᠬᠦ᠌ ᠪᠡᠯᠡᠳᠬᠡᠯ᠂ ᠵᠣᠬᠢᠶᠠᠨ ᠪᠠᠶ᠋ᠢᠭᠤᠯᠬᠤ ᠲᠤᠰᠢᠶᠠᠯ ᠬᠠᠷᠢᠭᠤᠴᠠᠯᠭ᠎ᠠ᠂ ᠤᠰᠤᠨ ᠤ᠋ ᠪᠠᠶ᠋ᠢᠳᠠᠯ ᠢ᠋ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌᠂ ᠭᠤᠤᠯ ᠠᠷᠭᠠᠴᠠᠭᠠᠬᠤ ᠠᠷᠭ᠎ᠠ ᠬᠡᠮᠵᠢᠶ᠎ᠡ᠂ ᠬᠠᠷᠢᠭᠤᠴᠠᠯᠭ᠎ᠠ ᠢ᠋ᠢᠨ ᠬᠡᠪᠴᠢᠶ᠎ᠡ ᠵᠡᠷᠭᠡ ᠢ᠋ᠢ ᠲᠤᠳᠤᠷᠬᠠᠢᠯᠠᠵᠤ᠂ ᠦᠶᠡᠷ ᠢ᠋ ᠰᠡᠷᠭᠡᠶ᠋ᠢᠯᠡᠬᠦ᠌ ᠪᠢᠲᠡᠭᠦᠦ ᠬᠡᠯᠬᠢᠶᠡᠳᠤ ᠠᠵᠢᠯ ᠤ᠋ᠨ ᠲᠣᠭᠲᠠᠴᠠ ᠢ᠋ᠢ ᠪᠥᠬᠥ᠌ ᠲᠠᠯ᠎ᠠ ᠪᠡᠷ ᠪᠠᠶ᠋ᠢᠭᠤᠯᠪᠠ᠃ ᠡᠬᠦᠨ ᠳ᠋ᠤ ᠵᠣᠬᠢᠶᠠᠨ ᠪᠠᠢᠭᠤᠯᠤᠯᠲᠠ᠂ ᠪᠠᠷᠢᠯᠭ᠎ᠠ᠂ ᠡᠳ᠋ ᠪᠣᠳᠠᠰ ᠤ᠋ᠨ ᠡᠩᠨᠡᠭᠡ᠂ ᠪᠡᠯᠡᠳᠬᠡᠯ ᠲᠥᠰᠦᠯ᠂ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ᠌ ᠵᠡᠷᠭᠡ ᠠᠵᠢᠯ ᠤ᠋ᠨ ᠰᠠᠭᠤᠷᠢ ᠢ᠋ᠢ ᠪᠡᠬᠢᠵᠢᠭᠦᠯᠵᠦ᠍᠂ ᠭᠡᠮ ᠰᠤᠭᠤᠭ ᠢ᠋ ᠤᠷᠢᠳᠴᠢᠯᠠᠨ ᠵᠢᠭᠰᠠᠭᠠᠨ ᠪᠠᠶ᠋ᠢᠴᠠᠭᠠᠬᠤ᠂ ᠡᠳ᠋ ᠪᠣᠳᠠᠰ ᠢ᠋ ᠤᠷᠢᠳᠴᠢᠯᠠᠨ ᠨᠥᠭᠡᠴᠡᠯᠡᠬᠦ᠌᠂ ᠬᠦᠴᠦᠨ ᠵᠤᠢᠯ ᠢ᠋ ᠤᠷᠢᠳᠴᠢᠯᠠᠨ ᠪᠠᠶ᠋ᠢᠷᠢᠯᠠᠭᠤᠯᠬᠤ᠂ ᠲᠣᠭᠲᠠᠴᠠ ᠢ᠋ᠢ ᠤᠷᠢᠳᠴᠢᠯᠠᠨ ᠲᠡᠭᠦᠯᠳᠡᠷᠵᠢᠭᠦᠯᠬᠦ᠌ ᠢ᠋ᠢ ᠪᠡᠶᠡᠯᠡᠭᠦᠯᠦᠨ᠎ᠡ; ᠰᠠᠪᠠ ᠭᠠᠵᠠᠷ ᠤ᠋ᠨ ᠦᠶᠡᠷ ᠢ᠋ ᠰᠡᠷᠭᠡᠶ᠋ᠢᠯᠡᠵᠦ᠍ ᠠᠶᠤᠯ ᠡᠴᠡ ᠠᠪᠤᠷᠠᠬᠤ ᠮᠡᠷᠭᠡᠵᠢᠯ ᠤ᠋ᠨ ᠲᠤᠯᠭᠠᠭᠤᠷᠢᠯᠠᠬᠤ ᠠᠵᠢᠯ ᠢ᠋ ᠨᠢᠭᠡᠳᠦᠯᠲᠡᠶ ᠲᠥᠯᠥᠪᠵᠢᠭᠦᠯᠵᠦ᠍᠂ ᠵᠠᠮ ᠳᠠᠭᠠᠤ ᠢ᠋ᠢᠨ ᠡᠯ᠎ᠡ ᠬᠣᠰᠢᠭᠤ ᠰᠢᠶᠠᠨ ᠬᠠᠷᠢᠶ᠎ᠠ ᠭᠠᠵᠠᠷ ᠤ᠋ᠨ ᠬᠠᠷᠢᠭᠤᠴᠠᠯᠭ᠎ᠠ ᠪᠠᠨ ᠴᠢᠡᠭᠭ᠎ᠠ ᠨᠠᠶ᠋ᠢᠳᠠᠪᠤᠷᠢᠵᠢᠭᠤᠯᠵᠤ᠂ 2 ᠬᠣᠲᠠ 3 ᠬᠣᠰᠢᠭᠤ ᠰᠢᠶᠠᠨ ᠬᠣᠯᠪᠣᠭᠠᠯᠠᠨ ᠬᠥᠳᠡᠯᠦᠯᠴᠡᠵᠦ᠍᠂ ᠦᠶᠡᠷ ᠢ᠋ ᠰᠡᠷᠭᠡᠶ᠋ᠢᠯᠡᠬᠦ᠌ ᠠᠵᠢᠯ ᠤ᠋ᠨ ᠪᠠᠶ᠋ᠢᠷᠢᠰᠢᠯ ᠢ᠋ ᠴᠢᠩᠭᠠᠳᠬᠠᠨ᠂ ᠪᠥᠬᠥ᠌ ᠰᠠᠪᠠ ᠭᠠᠵᠠᠷ ᠤ᠋ᠨ ᠪᠣᠷᠣᠭᠠᠨ ᠤ᠋ ᠪᠠᠶ᠋ᠢᠳᠠᠯ᠂ ᠤᠰᠤᠨ ᠤ᠋ ᠪᠠᠶ᠋ᠢᠳᠠᠯ ᠪᠠ ᠦᠶᠡᠷ ᠤ᠋ᠨ ᠪᠠᠶ᠋ᠢᠳᠠᠯ ᠢ᠋ ᠨᠠᠷᠢᠨ ᠣᠨᠣᠴᠠᠲᠠᠶ ᠪᠡᠷ ᠤᠷᠢᠳᠴᠢᠯᠠᠨ ᠰᠡᠷᠡᠮᠵᠢᠯᠡᠭᠦᠯᠬᠦ᠌ ᠢ᠋ᠢ ᠪᠡᠶᠡᠯᠡᠭᠦᠯᠦᠨ᠎ᠡ; ᠶᠡᠬᠡ ᠲᠦᠷᠭᠡᠨ ᠭᠤᠤᠯ ᠤ᠋ᠨ ᠰᠠᠪᠠ ᠭᠠᠵᠠᠷ ᠤ᠋ᠨ ᠦᠶᠡᠷ ᠤ᠋ᠨ ᠪᠠᠶ᠋ᠢᠳᠠᠯ ᠤ᠋ᠨ ᠠᠳᠠᠯᠢ ᠪᠤᠰᠤ ᠵᠡᠷᠭᠡ ᠳᠡᠰ ᠲᠤ᠌ ᠴᠢᠭᠯᠡᠭᠦᠯᠦᠨ ᠲᠠᠪᠤᠨ ᠱᠠᠲᠤᠨ ᠤ᠋ ᠦᠶᠡᠷ ᠢ᠋ ᠰᠡᠷᠭᠡᠶ᠋ᠢᠯᠡᠬᠦ᠌ ᠠᠷᠭᠠᠴᠠᠭᠠᠬᠤ ᠲᠣᠭᠲᠠᠴᠠ ᠢ᠋ᠢ ᠰᠢᠨ᠎ᠡ ᠪᠡᠷ ᠪᠠᠶ᠋ᠢᠭᠤᠯᠵᠤ᠂ ᠪᠠᠴᠢᠮ ᠪᠠᠶ᠋ᠢᠳᠠᠯ ᠢ᠋ ᠠᠷᠭᠠᠴᠠᠭᠠᠵᠤ ᠦᠶᠡᠷ ᠢ᠋ ᠰᠡᠷᠭᠡᠢᠯᠡᠬᠦ ᠵᠦᠷᠢᠶᠡᠴᠢᠯᠡᠭᠰᠡᠨ ᠰᠢᠢᠳᠪᠦᠷᠢᠯᠡᠬᠦ᠌ ᠵᠠᠭᠪᠤᠷ ᠢ᠋ ᠬᠡᠷᠡᠭᠵᠢᠭᠦᠯᠤᠨ᠂ ᠬᠠᠰᠢᠯᠭ᠎ᠠ ᠳᠠᠯᠠᠩ ᠢ᠋ ᠬᠠᠮᠠᠭᠠᠯᠠᠬᠤ ᠪᠠ ᠠᠮᠤᠷ ᠲᠦᠪᠰᠢᠨ ᠢ᠋ ᠪᠠᠲᠤᠯᠠᠬᠤ ᠡᠯ᠎ᠡ ᠵᠦᠢᠯ ᠤ᠋ᠨ ᠠᠵᠢᠯ ᠢ᠋ ᠰᠢᠨᠵᠢᠯᠡᠬᠦ᠌ ᠤᠬᠠᠭᠠᠨᠴᠢ ᠪᠡᠷ ᠨᠢᠭᠡᠳᠦᠯᠲᠡᠶ ᠲᠥᠯᠥᠪᠵᠢᠭᠦᠯᠵᠤ᠂ ᠡᠩ ᠤ᠋ᠨ ᠦᠶᠡᠷ ᠤ᠋ᠨ ᠤᠰᠤ᠂ ᠪᠠᠷᠢᠮᠵᠢᠶ᠎ᠠ ᠡᠴᠡ ᠬᠡᠲᠦᠷᠡᠭᠰᠡᠨ ᠦᠶᠡᠷ ᠤ᠋ᠨ ᠤᠰᠤ ᠵᠢᠴᠢ ᠣᠨᠴᠠ ᠶᠡᠬᠡ ᠦᠶᠡᠷ ᠤ᠋ᠨ ᠲᠦᠭᠰᠢᠭᠦᠷᠢ ᠢ᠋ᠢ ᠱᠠᠲᠤ᠌ ᠬᠤᠪᠢᠶᠠᠨ ᠰᠡᠷᠭᠡᠶ᠋ᠢᠯᠡᠵᠦ᠍᠂ ᠦᠶᠡᠷ ᠢ᠋ ᠰᠡᠷᠭᠡᠶ᠋ᠢᠯᠡᠬᠦ᠌ ᠲᠣᠬᠢᠷᠠᠭᠤᠯᠤᠯᠲᠠ ᠢ᠋ᠢ 《ᠰᠠᠨᠠᠭᠠᠴᠢᠯᠠᠭᠠᠲᠤ ᠪᠤᠰᠤ ᠪᠡᠷ ᠠᠷᠭᠠᠴᠠᠭᠠᠬᠤ 》 ᠡᠴᠡ 《ᠰᠠᠨᠠᠭᠠᠴᠢᠯᠠᠭ᠎ᠠ ᠡᠴᠡ ᠪᠠᠨ ᠣᠨᠣᠪᠴᠢᠲᠠᠶ ᠠᠷᠭᠠᠴᠠᠭᠠᠬᠤ 》 ᠳᠠᠢᠰᠢ ᠬᠤᠪᠢᠷᠠᠭᠤᠯᠬᠤ ᠪᠤᠯᠤᠨ᠎ᠠ᠃
ᠬᠠᠷᠠᠠᠤᠰᠤ ᠨᠠᠭᠤᠷ ᠤ᠋ᠨ ᠭᠠᠵᠠᠷ ᠣᠷᠣᠨ ᠤ᠋ ᠦᠶᠡᠷ ᠢ᠋ ᠰᠡᠷᠭᠡᠶ᠋ᠢᠯᠡᠵᠦ᠍ ᠤᠰᠤ ᠵᠠᠯᠠᠬᠤ ᠠᠰᠠᠭᠤᠳᠠᠯ ᠢ᠋ ᠰᠢᠢᠳᠪᠦᠷᠢᠯᠡᠬᠦ᠌ ᠢ᠋ᠢᠨ ᠲᠥᠯᠥᠭᠡ᠂ ᠡᠨᠡ ᠵᠢᠯ ᠮᠠᠨ ᠤ᠋ ᠤᠷᠤᠨ 《ᠬᠠᠷᠠᠠᠤᠰᠤ ᠨᠠᠭᠤᠷ ᠤ᠋ᠨ ᠭᠠᠵᠠᠷ ᠣᠷᠣᠨ ᠤ᠋ ᠦᠶᠡᠷ ᠢ᠋ ᠰᠡᠷᠭᠡᠶ᠋ᠢᠯᠡᠬᠦ ᠰᠢᠰᠲ᠋ᠧᠮ ᠲᠡᠶ ᠤᠰᠤ ᠵᠠᠰᠠᠬᠤ ᠲᠥᠯᠥᠪᠵᠢᠭᠦᠯᠭᠡ》ᠢ᠋ᠢ ᠲᠣᠭᠲᠠᠭᠠᠵᠤ᠂ ᠬᠠᠰᠢᠯᠭ᠎ᠠ ᠳᠠᠯᠠᠩ ᠤ᠋ᠨ ᠪᠠᠷᠢᠯᠭ᠎ᠠ᠂ ᠡᠷᠭᠢ ᠵᠢ ᠬᠠᠮᠠᠭᠠᠯᠠᠬᠤ ᠪᠠᠷᠢᠯᠭ᠎ᠠ ᠪᠣᠯᠤᠨ ᠭᠤᠤᠯ ᠮᠥᠷᠡᠨ ᠤ᠋ ᠰᠢᠪᠠᠷ ᠰᠢᠷᠣᠶ ᠢ᠋ᠢ ᠴᠡᠪᠡᠷᠯᠡᠨ ᠨᠡᠪᠲᠡᠷᠡᠭᠦᠯᠬᠦ᠌ ᠵᠡᠷᠭᠡ ᠶᠡᠷᠦᠩᠬᠡᠶ᠋ᠢᠯᠡᠭᠰᠡᠨ ᠠᠷᠭ᠎ᠠ ᠬᠡᠮᠵᠢᠶ᠎ᠡ ᠪᠡᠷ ᠳᠠᠮᠵᠢᠨ ᠨᠢᠬᠡᠨᠳᠡ ᠦᠶᠡᠷ ᠢ᠋ ᠰᠡᠷᠭᠡᠶ᠋ᠢᠯᠡᠬᠦ᠌ ᠪᠠᠶ᠋ᠢᠷᠢᠰᠢᠯ ᠢ᠋ ᠪᠦᠷᠢᠯᠳᠦᠭᠦᠯᠪᠠ᠃ ᠣᠶ᠋ᠢᠯᠠᠭᠠᠭᠰᠠᠨ ᠢ᠋ᠢᠡᠷ᠂ ᠮᠠᠨ ᠤ᠋ ᠤᠷᠤᠨ ᠶᠡᠬᠡ ᠲᠦᠷᠭᠡᠨ ᠭᠤᠤᠯ ᠪᠤᠯᠤᠨ ᠮᠠᠶ᠋ᠢᠳᠠᠷᠢ ᠭᠤᠤᠯ ᠤ᠋ᠨ ᠰᠠᠪᠠ ᠭᠠᠵᠠᠷ ᠤ᠋ᠨ ᠦᠶᠡᠷ ᠢ᠋ ᠰᠡᠷᠭᠡᠶ᠋ᠢᠯᠡᠬᠦ᠌ ᠲᠦᠪᠰᠢᠨ ᠢ᠋ ᠦᠷᠭᠦᠯᠵᠢᠯᠡᠨ ᠳᠡᠭᠡᠭᠰᠢᠯᠡᠭᠦᠯᠵᠦ᠍᠂ ᠪᠡᠯᠡᠳᠬᠡᠯ ᠲᠥᠰᠦᠯ ᠤ᠋ᠨ ᠡᠯ᠎ᠡ ᠵᠦᠢᠯ ᠤ᠋ᠨ ᠱᠠᠭᠠᠷᠳᠠᠯᠭ᠎ᠠ ᠢ᠋ᠢ ᠴᠢᠩᠭ᠎ᠠ ᠨᠠᠶ᠋ᠢᠳᠠᠪᠤᠷᠢᠵᠢᠭᠤᠯᠤᠨ᠂ ᠬᠡᠮ ᠰᠤᠭᠤᠭ ᠢ᠋ ᠵᠢᠭᠰᠠᠭᠠᠨ ᠪᠠᠶ᠋ᠢᠴᠠᠭᠠᠬᠤ᠂ ᠪᠡᠯᠡᠳᠬᠡᠯ ᠲᠥᠰᠦᠯ ᠤ᠋ᠨ ᠰᠣᠷᠢᠯᠲᠠ ᠪᠠ ᠬᠠᠮᠢᠶᠠᠷᠤᠯᠲᠠ ᠡᠵᠡᠮᠳᠡᠯ ᠢ᠋ ᠪᠠᠶ᠋ᠢᠩᠭᠤᠵᠢᠭᠤᠯᠤᠨ ᠥᠷᠨᠢᠭᠦᠯᠵᠦ᠍᠂ ᠰᠠᠪᠠ ᠭᠠᠵᠠᠷ ᠤ᠋ᠨ ᠤᠰᠤᠨ ᠠᠰᠢᠭᠯᠠᠯᠲᠠ ᠢ᠋ᠢᠨ ᠢᠨᠵᠧᠨᠧᠷᠢᠩ ᠤ᠋ᠨ ᠠᠮᠤᠷ ᠲᠦᠪᠰᠢᠨ᠂ ᠭᠤᠤᠯ ᠤ᠋ᠨ ᠭᠤᠯᠳᠤᠷᠢᠯ᠂ ᠬᠠᠰᠢᠯᠭ᠎ᠠ ᠳᠠᠯᠠᠩ ᠤ᠋ᠨ ᠠᠮᠤᠷ ᠲᠦᠪᠰᠢᠨ ᠪᠠ ᠣᠯᠠᠨ ᠲᠦᠮᠡᠨ ᠤ᠋ ᠠᠮᠢ ᠨᠠᠰᠤ ᠡᠳ᠋ ᠬᠥᠷᠥᠩᠭᠡ ᠢ᠋ᠢᠨ ᠠᠮᠤᠷ ᠲᠦᠪᠰᠢᠨ ᠢ᠋ ᠪᠥᠬᠥ᠌ ᠬᠦᠴᠦᠨ ᠢ᠋ᠢᠡᠷ ᠢ᠋ᠢᠡᠨ ᠪᠠᠲᠤᠯᠠᠬᠤ ᠪᠤᠯᠤᠨ᠎ᠠ᠃