7 ᠰᠠᠷ᠎ᠠ᠎ᠶᠢᠨ 14 ᠤ᠋ ᠡᠳᠦᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ ᠤᠨ ᠬᠣᠷᠢᠶ᠎ᠠ᠂ ᠤᠶᠤᠲᠠᠳ᠎ᠤᠨ ᠰᠠᠶ᠋ᠢᠨ ᠳᠤᠷ᠎ᠠ᠎ᠶᠢᠨ ᠦᠢᠯᠡᠴᠢᠯᠡᠭᠡᠨ᠎ᠦ ᠪᠠᠷᠠᠭᠤᠨ ᠣᠷᠣᠨ᠎ᠤ ᠲᠥᠯᠥᠪᠯᠡᠭᠡ᠎ᠶᠢᠨ ᠥᠪᠥᠷ ᠮᠣᠩᠭᠣᠯ᠎ᠤᠨ ᠲᠥᠷᠥᠯ ᠵᠦᠢᠯ᠎ᠦᠨ ᠬᠠᠮᠢᠶᠠᠷᠤᠯᠲᠠ᠎ᠶᠢᠨ ᠠᠯᠪᠠᠨ ᠬᠡᠷ᠎ᠡᠴᠡ ᠭᠤᠤᠯᠯᠠᠨ ᠡᠷᠭᠢᠯᠡᠭᠰᠡᠨ 2026 ᠣᠨ ᠤ ᠥᠪᠥᠷ ᠮᠣᠩᠭᠣᠯ᠎ᠤᠨ ᠤᠶᠤᠲᠠᠨ ᠰᠠᠶ᠋ᠢᠨ ᠲᠤᠷᠠᠴᠤᠳ ᠤᠨ ᠪᠠᠷᠠᠭᠤᠨ ᠣᠷᠣᠨ ᠳ᠋ᠤ ᠦᠢᠯᠡᠴᠢᠯᠡᠬᠦ ᠲᠦᠯᠦᠪᠯᠡᠭᠡ ᠵᠢᠨ ᠤᠷᠤᠨ᠎ᠤ ᠭᠠᠳᠠᠨ᠎ᠠ ᠦᠢᠯᠡᠴᠢᠯᠡᠬᠦ ᠪᠡᠷ ᠮᠣᠷᠳᠠᠬᠤ ᠶᠣᠰᠣᠯᠠᠯ ᠬᠥᠬᠡᠬᠣᠲᠠ᠎ᠳᠤ ᠶᠠᠪᠤᠭᠳᠠᠪᠠ᠃
ᠮᠣᠷᠳᠠᠬᠤ ᠶᠣᠰᠣᠯᠠᠯ ᠰᠦᠷ ᠵᠢᠪᠬᠤᠯᠠᠩᠲᠤ᠌ ᠤᠯᠤᠰ᠎ᠤᠨ ᠰᠦᠯᠳᠡ ᠳᠠᠭᠤᠤ᠎ᠶᠢᠨ ᠳᠤᠮᠳᠠ ᠬᠥᠰᠢᠭᠡ᠎ᠪᠡᠨ ᠰᠡᠬᠦᠪᠡ᠃ ᠥᠪᠥᠷ ᠮᠣᠩᠭᠣᠯ᠎ᠤᠨ ᠬᠣᠩ ᠳ᠋ᠸ ᠨᠡᠢᠭᠡᠮ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ ᠤ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠳᠡᠳ᠋ ᠱᠦᠵᠢ ᠵᠠᠩ ᠰᠢᠤᠸᠠᠢ ᠢᠦᠢ ᠡᠯ᠎ᠡ ᠶᠡᠬᠡ ᠳᠡᠭᠡᠳᠦ ᠰᠤᠷᠭᠠᠭᠤᠯᠢ᠎ᠶᠢᠨ ᠲᠦᠷᠦᠯ ᠵᠦᠢᠯ᠎ᠦᠨ ᠠᠯᠪᠠᠨ ᠭᠡᠷ᠎ᠢ ᠲᠦᠯᠦᠭᠡᠯᠡᠨ ᠪᠠᠶᠠᠷ᠎ᠤᠨ ᠦᠭᠡ ᠬᠡᠯᠡᠵᠦ᠍᠂ ᠣᠷᠣᠨ᠎ᠤ ᠭᠠᠳᠠᠨ᠎ᠠ ᠬᠦᠷᠴᠦ᠍ ᠦᠢᠯᠡᠴᠢᠯᠡᠬᠦ ᠪᠡᠷ ᠪᠠᠶ᠋ᠢᠭ᠎ᠠ ᠵᠠᠯᠠᠭᠤ ᠰᠠᠢ᠌ᠨ ᠲᠤᠷᠠᠴᠤᠳ ᠲᠤ᠌ ᠬᠦᠨᠳᠦᠳᠬᠡᠯ ᠳᠡᠪᠰᠢᠭᠦᠯᠬᠦ᠌᠎ᠶᠢᠨ ᠬᠠᠮᠲᠤ᠌ ᠬᠦᠨᠳᠦ ᠨᠠᠢᠳᠠᠯᠭ᠎ᠠ ᠲᠠᠯᠪᠢᠵᠤ᠂ ᠵᠠᠯᠠᠭᠤ ᠰᠤᠷᠤᠭᠴᠢᠳ ᠤᠭ ᠰᠠᠨᠠᠭ᠎ᠠ᠎ᠪᠠᠨ ᠡᠭᠦᠷᠢᠳᠡ ᠪᠠᠷᠢᠮᠳᠠᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠦᠨᠳᠦᠰᠦᠨ ᠱᠠᠲᠤᠨ᠎ᠤ ᠠᠵᠢᠯ᠎ᠤᠨ ᠪᠠᠶ᠋ᠢᠷᠢ᠎ᠳᠤ ᠵᠠᠯᠠᠭᠤ ᠨᠠᠰᠤᠨ᠎ᠤ ᠬᠢᠯᠠᠯᠵᠠᠮ᠎ᠠ ᠬᠠᠭᠤᠳᠠᠰᠤ᠎ᠶᠢ ᠪᠢᠴᠢᠭᠯᠡᠬᠦ ᠵᠢ ᠵᠠᠬᠢᠪᠠ᠃
ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠰᠠᠶ᠋ᠢᠨ ᠲᠤᠷᠠᠴᠤᠳ᠎ᠤᠨ ᠲᠥᠯᠥᠭᠡᠯᠡᠭᠴᠢ᠎ᠳᠦ ᠡᠳ᠋ ᠪᠣᠳᠠᠰ ᠬᠠᠨᠳᠢᠪᠯᠠᠪᠠ᠃ ᠰᠠᠶ᠋ᠢᠨ ᠲᠤᠷᠠᠴᠤᠳ᠎ᠤᠨ ᠲᠥᠯᠥᠭᠡᠯᠡᠭᠴᠢ ᠯᠢᠶᠠᠩ ᠮᠧᠩ ᠲᠦᠩ ᠣᠷᠣᠨ᠎ᠤ ᠭᠠᠳᠠᠨ᠎ᠠ ᠣᠴᠢᠵᠤ ᠦᠢᠯᠡᠴᠢᠯᠡᠬᠦ᠌ ᠪᠥᠬᠥ᠌ ᠰᠠᠶ᠋ᠢᠨ ᠲᠤᠷᠠᠴᠤᠳᠲᠤ᠌ ᠰᠠᠨᠠᠭᠠᠴᠢᠯᠠᠭ᠎ᠠ ᠭᠠᠷᠭᠠᠬᠤ ᠳ᠋ᠠᠭᠠᠨ᠂ ᠵᠠᠯᠠᠭᠤ ᠨᠠᠰᠤᠨ ᠳ᠋ᠠᠭᠠᠨ ᠪᠠᠷᠠᠭᠤᠨ ᠣᠷᠣᠨ᠎ᠳᠤ ᠪᠣᠯᠵᠣᠵᠦ᠂ ᠦᠨᠳᠦᠰᠦᠨ ᠱᠠᠲᠤᠨ᠎ᠳᠤ ᠦᠨᠳᠦᠰᠦᠯᠡᠵᠦ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ᠂ ᠬᠦᠴᠢᠷ ᠪᠡᠷᠬᠡᠰᠢᠶᠡᠯ᠎ᠡᠴᠡ ᠠᠶᠤᠬᠤ ᠥᠬᠡᠶ᠂ ᠮᠥᠷᠥ᠍ ᠵᠡᠷᠭᠡᠴᠡᠨ ᠤᠷᠤᠭᠰᠢᠯᠠᠵᠦ᠂ ᠣᠭ ᠰᠠᠨᠠᠭ᠎ᠠ᠎ᠪᠠᠨ ᠦᠢᠯᠡᠳᠦᠯᠭᠡᠵᠢᠭᠦᠯᠵᠦ᠂ ᠬᠤᠪᠢ ᠨᠡᠮᠡᠷᠢ ᠦᠵᠡᠭᠦᠯᠦᠶ᠎ᠡ ᠬᠡᠪᠡ᠃
ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ᠎ᠤ ᠲᠥᠯᠥᠪᠯᠡᠭᠡ᠎ᠶᠢᠨ ᠲᠥᠷᠥᠯ ᠵᠦᠢᠯ᠎ᠦᠨ ᠠᠯᠪᠠᠨ ᠬᠡᠷ ᠪᠠᠷᠠᠭᠤᠨ ᠣᠷᠣᠨ ᠤ ᠲᠥᠯᠥᠪᠯᠡᠭᠡ᠎ᠶᠢᠨ ᠪᠥᠬᠥ᠌ ᠰᠠᠶ᠋ᠢᠨ ᠲᠤᠷᠠᠴᠤᠳ ᠬᠢᠯᠢ ᠬᠢᠵᠠᠭᠠᠷ᠎ᠤᠨ ᠥᠩ ᠰᠢᠮᠡᠯᠢᠭ ᠬᠥᠷᠥᠰᠥᠨ᠎ᠳᠦ ᠰᠢᠨ᠎ᠡ ᠴᠠᠭ ᠦᠶ᠎ᠡ᠎ᠶᠢᠨ ᠵᠠᠯᠠᠭᠤ ᠨᠠᠰᠤᠨ᠎ᠤ ᠴᠣᠭ ᠵᠢᠪᠬᠤᠭ᠎ᠠ ᠪᠠᠨ ᠪᠠᠳᠠᠷᠠᠭᠤᠯᠬᠤ ᠵᠢ ᠬᠦᠰᠡᠨ ᠵᠣᠷᠢᠭᠵᠢᠭᠤᠯᠪᠠ᠃
ᠠᠵᠢᠯᠯᠠᠭ᠎ᠠ ᠶᠢᠨ ᠡᠴᠦᠰ ᠲᠦ᠍ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶᠠᠨ᠎ᠤ ᠳᠡᠳ᠋ ᠱᠦᠵᠢ ᠯᠢᠦ ᠰᠢᠶᠤᠤ ᠢᠦᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠤ ᠪᠠᠷᠠᠭᠤᠨ ᠣᠷᠣᠨ᠎ᠤ ᠲᠥᠯᠥᠪᠯᠡᠭᠡ᠎ᠵᠢᠨ ᠰᠠᠶ᠋ᠢᠨ ᠲᠤᠷᠠᠴᠤᠳ᠎ᠤᠨ ᠶᠡᠷᠦᠩᠬᠡᠶ ᠠᠩᠭᠢ᠎ᠳᠤ ᠲᠣᠭ ᠣᠯᠭᠣᠪᠠ᠃
ᠣᠶ᠋ᠢᠯᠠᠭᠠᠭᠰᠠᠨ᠎ᠢᠶᠠᠷ᠂ 2026 ᠣᠨ᠎ᠳᠤ ᠮᠠᠨ᠎ᠤ ᠣᠷᠣᠨ ᠣᠷᠣᠨ ᠤ ᠳᠣᠲᠣᠨ᠎ᠠ ᠭᠠᠳᠠᠨᠠᠬᠢ ᠡᠯ᠎ᠡ ᠶᠡᠬᠡ ᠳᠡᠭᠡᠳᠦ ᠰᠤᠷᠭᠠᠭᠤᠯᠢ᠎ᠠᠴᠠ ᠨᠡᠢᠲᠡ 500 ᠭᠠᠷᠤᠶ ᠣᠶᠤᠲᠠᠨ ᠰᠠᠶ᠋ᠢᠨ ᠲᠤᠷᠠᠴᠤᠳ ᠡᠯᠰᠡᠵᠦ᠍᠂ ᠰᠢᠨᠵᠢᠶᠠᠩ᠎ᠤᠨ ᠤᠶ᠋ᠢᠭᠤᠷ᠎ᠤᠨ ᠥᠪᠡᠷᠲᠡᠭᠡᠨ ᠵᠠᠰᠠᠬᠤ ᠣᠷᠣᠨ᠂ ᠰᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ᠎ᠶᠢᠨ ᠪᠢᠩᠲ᠋ᠤᠸᠠᠨ᠂ ᠱᠠᠨ ᠰᠢ᠂ ᠬᠠᠷᠠᠮᠥᠢ᠍ᠷᠡᠨ᠂ ᠭᠢᠷᠢᠨ᠂ ᠯᠢᠶᠣᠤᠨᠢᠩ ᠵᠡᠷᠭᠡ ᠵᠢᠷᠭᠤᠭᠠᠨ ᠮᠤᠵᠢ ᠣᠷᠣᠨ᠎ᠳᠤ ᠬᠦᠷᠴᠦ᠍ ᠰᠠᠶ᠋ᠢᠨ ᠳᠤᠷ᠎ᠠ᠎ᠶᠢᠨ ᠦᠢᠯᠡᠴᠢᠯᠡᠭᠡ ᠥᠷᠨᠢᠭᠦᠯᠬᠦ ᠪᠤᠯᠤᠨ᠎ᠠ᠃