21 ᠳ᠋ᠤᠭᠡᠷ ᠬᠤᠭᠤᠴᠠᠭᠠᠨ ᠤ᠋ ᠳᠤᠮᠳᠠᠳᠤ ᠤᠯᠤᠰ ᠤ᠋ᠨ ᠳᠤᠮᠳᠠᠳᠤ ᠰᠤᠷᠭᠠᠭᠤᠯᠢ ᠶ᠋ᠢᠨ ᠰᠤᠷᠤᠭ᠍ᠴᠢᠳ ᠤ᠋ᠨ ᠡᠯᠡᠰᠦᠨ ᠲᠠᠩ ᠤ᠋ᠨ ᠠᠯᠠᠭᠠᠳᠠᠬᠤ ᠪᠥᠮᠪᠥᠭᠡ ᠶ᠋ᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠶᠠᠪᠤᠭᠳᠠᠪᠠ
2026-07-16 11:04:01
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠳᠦᠷᠦᠬᠦᠭᠡᠨ᠂ 21 ᠳ᠋ᠤᠭᠡᠷ ᠬᠤᠭᠤᠴᠠᠭᠠᠨ ᠤ᠋ ᠳᠤᠮᠳᠠᠳᠤ ᠤᠯᠤᠰ ᠤ᠋ᠨ ᠳᠤᠮᠳᠠᠳᠤ ᠰᠤᠷᠭᠠᠭᠤᠯᠢ ᠶ᠋ᠢᠨ ᠰᠤᠷᠤᠭ᠍ᠴᠢᠳ ᠤ᠋ᠨ ᠡᠯᠡᠰᠦᠨ ᠲᠠᠩ ᠤ᠋ᠨ ᠠᠯᠠᠭᠠᠳᠠᠬᠤ ᠪᠥᠮᠪᠥᠭᠡ ᠶ᠋ᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠴᠢ ᠲᠠᠯ᠎ᠠ ᠨᠤᠲᠤᠭ ᠤ᠋ᠨ ᠲᠣᠰᠬᠣᠨ ᠤ᠋ ᠠᠯᠠᠭᠠᠳᠠᠬᠤ ᠪᠥᠮᠪᠥᠭᠡ ᠶ᠋ᠢᠨ ᠰᠢᠷᠢᠰ ᠤᠷᠤᠯᠳᠤᠭᠠᠨ ᠣᠲᠣᠭ ᠤ᠋ᠨ ᠡᠮᠦᠨᠡᠲᠦ ᠬᠣᠰᠢᠭᠤᠨ ᠤ᠋ ᠳᠠ ᠱᠠ ᠲᠧᠦ ᠠᠮᠢ ᠠᠬᠤᠢ ᠶ᠋ᠢᠨ ᠰᠣᠶᠣᠯ ᠵᠢᠭᠤᠯᠴᠢᠯᠠᠯ ᠤ᠋ᠨ ᠣᠷᠣᠨ ᠳ᠋ᠤ ᠶᠠᠪᠤᠭᠳᠠᠪᠠ᠃

ᠲᠣᠰ ᠤᠳᠠᠭᠠᠨ ᠤ᠋ ᠤᠷᠤᠯᠳᠤᠭᠠᠨ ᠨᠢ 4 ᠡᠳᠦᠷ ᠤ᠋ᠨ ᠬᠤᠭᠤᠴᠠᠭ᠎ᠠ ᠳᠠᠢ ᠶᠠᠪᠤᠭᠳᠠᠵᠤ᠂ ᠴᠦᠩᠴᠢᠩ᠂ ᠰᠧᠴᠤᠸᠠᠨ᠂ ᠵᠧᠵᠢᠶᠠᠩ᠂ ᠬᠠᠢᠨᠠᠨ᠂ ᠭᠤᠸᠠᠩᠳᠦ᠋ᠩ᠂ ᠥᠪᠥᠷ ᠮᠣᠩᠭᠣᠯ ᠤ᠋ᠨ ᠦᠪᠡᠷᠳᠡᠭᠡᠨ ᠵᠠᠰᠠᠬᠤ ᠤᠷᠤᠨ ᠵᠡᠷᠭᠡ ᠮᠤᠵᠢ ᠤᠷᠤᠨ ᠬᠤᠳᠠ ᠡᠴᠡ ᠬᠦᠷᠦᠯᠴᠡᠨ ᠢᠷᠡᠭᠰᠡᠨ 99 ᠳᠦᠯᠦᠭᠡᠯᠡᠭᠴᠢᠳ ᠤ᠋ᠨ ᠠᠩᠭᠢ ᠤᠷᠤᠯᠴᠠᠵᠡᠢ᠃ ᠤᠷᠤᠯᠳᠤᠭᠠᠨ ᠨᠢ ᠠᠩᠬ᠎ᠠ ᠵᠡᠷᠭᠡ ᠶ᠋ᠢᠨ ᠳᠤᠮᠳᠠᠳᠤ ᠰᠤᠷᠭᠠᠭᠤᠯᠢ ᠶ᠋ᠢᠨ ᠡᠷᠡᠭᠲᠡᠢ ᠶ᠋ᠢᠨ ᠤᠷᠤᠯᠳᠤᠭᠠᠨ᠂ ᠠᠩᠬ᠎ᠠ ᠵᠡᠷᠭᠡ ᠶ᠋ᠢᠨ ᠳᠤᠮᠳᠠᠳᠤ ᠰᠤᠷᠭᠠᠭᠤᠯᠢ ᠶ᠋ᠢᠨ ᠡᠮᠡᠭᠲᠡᠢ ᠶ᠋ᠢᠨ ᠤᠷᠤᠯᠳᠤᠭᠠᠨ᠂ ᠥᠨᠳᠥᠷ ᠵᠡᠷᠭᠡ ᠶ᠋ᠢᠨ ᠳᠤᠮᠳᠠᠳᠤ ᠰᠤᠷᠭᠠᠭᠤᠯᠢ ᠶ᠋ᠢᠨ ᠡᠷᠡᠭᠲᠡᠢ ᠶ᠋ᠢᠨ ᠤᠷᠤᠯᠳᠤᠭᠠᠨ᠂ ᠥᠨᠳᠥᠷ ᠵᠡᠷᠭᠡ ᠶ᠋ᠢᠨ ᠳᠤᠮᠳᠠᠳᠤ ᠰᠤᠷᠭᠠᠭᠤᠯᠢ ᠶ᠋ᠢᠨ ᠡᠮᠡᠭᠲᠡᠢ ᠶ᠋ᠢᠨ ᠤᠷᠤᠯᠳᠤᠭᠠᠨ ᠵᠡᠷᠭᠡ 4 ᠤᠷᠤᠯᠳᠤᠭᠠᠨ ᠤ᠋ ᠳᠦᠷᠦᠯ ᠢ᠋ ᠲᠣᠬᠢᠷᠠᠭᠤᠯᠵᠠᠢ᠃ ᠲᠤᠰ ᠤᠳᠠᠭᠠᠨ ᠤ᠋ ᠤᠷᠤᠯᠳᠤᠭᠠᠨ ᠨᠢ ᠪᠡᠶ᠎ᠡ ᠶ᠋ᠢᠨ ᠲᠠᠮᠢᠷ ᠤ᠋ᠨ ᠤᠷᠤᠯᠳᠤᠭᠠᠨ ᠪᠣᠯᠣᠨ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ᠋ ᠤ᠋ᠨ ᠭᠦᠨᠵᠡᠭᠡᠢ ᠠᠭᠤᠰᠤᠯᠴᠠᠯ ᠢ᠋ ᠪᠡᠶᠡᠯᠡᠭᠦᠯᠵᠦ᠂ ᠤᠷᠤᠯᠳᠤᠭᠠᠨ ᠳ᠋ᠤ ᠣᠷᠣᠯᠴᠠᠭᠰᠠᠳ ᠲᠤ᠌ ᠥᠪᠡᠷᠮᠢᠴᠡ ᠣᠢᠯᠠᠭᠠᠯᠲᠠ ᠵᠢ ᠡᠳ᠋ᠯᠡᠭᠦᠯᠦᠨ᠂ ᠤᠷᠤᠯᠳᠤᠭᠠᠨ ᠶ᠋ᠢᠡᠷ ᠵᠢᠭᠤᠯᠴᠢᠯᠠᠯ ᠢ᠋ ᠠᠬᠢᠭᠤᠯᠤᠨ ᠵᠢᠭᠤᠯᠴᠢᠯᠠᠯ ᠶ᠋ᠢᠡᠷ ᠬᠥᠭᠵᠢᠯᠲᠡ ᠵᠢ ᠠᠬᠢᠭᠤᠯᠵᠤ᠂ ᠲᠤᠬᠠᠢ ᠶ᠋ᠢᠨ ᠭᠠᠵᠠᠷ ᠤ᠋ᠨ 《ᠰᠣᠶᠣᠯ ᠵᠢᠭᠤᠯᠴᠢᠯᠠᠯ + ᠪᠡᠶ᠎ᠡ ᠶ᠋ᠢᠨ ᠲᠠᠮᠢᠷ》ᠢ᠋ ᠠᠭᠤᠰᠤᠯᠴᠠᠭᠤᠯᠤᠨ ᠬᠥᠭᠵᠢᠭᠦᠯᠬᠦ ᠳ᠋ᠤ ᠬᠦᠴᠦᠨ ᠨᠡᠮᠡᠷᠢᠯᠡᠵᠡᠢ᠃ ᠣᠢᠯᠠᠭᠠᠭᠰᠠᠨ ᠶ᠋ᠢᠡᠷ᠂ ᠤᠷᠤᠯᠳᠤᠭᠠᠨ ᠢ᠋ ᠳᠠᠭᠠᠭᠠᠴᠢᠯᠠᠨ ᠶᠠᠪᠤᠭᠳᠠᠭᠤᠯᠤᠭᠰᠠᠨ ᠳᠠ ᠱᠠ ᠲᠧᠦ ᠠᠮᠢ ᠠᠬᠤᠢ ᠶ᠋ᠢᠨ ᠰᠣᠶᠣᠯ ᠵᠢᠭᠤᠯᠴᠢᠯᠠᠯ ᠤ᠋ᠨ ᠣᠷᠣᠨ ᠨᠢ ᠣᠲᠣᠭ ᠤ᠋ᠨ ᠡᠮᠦᠨᠡᠲᠦ ᠬᠣᠰᠢᠭᠤᠨ ᠤ᠋ ᠡᠯᠡᠰᠦ ᠮᠠᠩᠬ᠎ᠠ ᠪᠡᠷ ᠭᠤᠤᠯᠯᠠᠭᠰᠠᠨ ᠤᠯᠤᠰ ᠤ᠋ᠨ 4A ᠲᠠᠰ ᠤ᠋ᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号