ᠣᠲᠣᠭ ᠬᠣᠰᠢᠭᠤᠨ᠎ᠤ ᠡᠨᠧᠷᠭᠢ᠎ᠶᠢᠨ ᠲᠣᠪᠴᠢᠶ᠎ᠠ ᠴᠤᠤᠷᠬᠠᠯ᠎ᠢ ᠨᠢᠴᠤᠭᠠᠵᠤ ᠢᠯᠡᠷᠬᠡᠢᠯᠡᠯᠲᠡ ᠨᠡᠢᠲᠡᠯᠡᠪᠡ
2026-07-16 16:11:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

7 ᠰᠠᠷ᠎ᠠ ᠵᠢᠨ 15᠎ᠤ ᠡᠳᠦᠷ᠂ ᠣᠲᠣᠭ ᠬᠣᠰᠢᠭᠤᠨ᠎ᠤ ᠡᠨᠧᠷᠭᠢ᠎ᠶᠢᠨ ᠲᠣᠪᠴᠢᠶ᠎ᠠ ᠢᠯᠡᠷᠬᠡᠢᠯᠡᠯᠲᠡ ᠨᠡᠢᠲᠡᠯᠡᠵᠦ᠂ ᠣᠢᠷ᠎ᠠ᠎ᠳᠤ 《ᠤᠷᠢᠬᠠᠨ ᠰᠠᠯᠬᠢ᠎ᠪᠠᠷ ᠴᠠᠬᠢᠯᠭᠠᠨ ᠭᠠᠷᠭᠠᠬᠤ》 ᠲᠥᠷᠥᠯ ᠵᠦᠢᠯ᠎ᠲᠠᠢ ᠠᠳᠠᠯᠢᠪᠲᠤᠷ ᠠᠰᠠᠭᠤᠨ ᠯᠠᠪᠯᠠᠬᠤ ᠤᠲᠠᠰᠤ᠎ᠶᠢ ᠣᠯᠠᠨᠲᠠ ᠭᠥᠯᠢᠶᠡᠨ ᠠᠪᠴᠠᠢ᠂ ᠣᠲᠣᠭ ᠬᠣᠰᠢᠭᠤᠨ᠎ᠤ ᠡᠨᠧᠷᠭᠢ᠎ᠶᠢᠨ ᠲᠣᠪᠴᠢᠶ᠎ᠠ ᠡᠢᠮᠦᠷᠬᠦᠦ ᠲᠥᠷᠥᠯ ᠵᠦᠢᠯ᠎ᠢ ᠭᠥᠯᠢᠶᠡᠨ ᠠᠪᠤᠭᠰᠠᠨ ᠦᠭᠡᠢ ᠪᠤᠶᠤ ᠬᠢᠨᠠᠨ ᠵᠥᠪᠰᠢᠶᠡᠷᠡᠭᠰᠡᠨ ᠦᠭᠡᠢ᠂ ᠣᠲᠣᠭ ᠬᠣᠰᠢᠭᠤᠨ᠎ᠤ ᠬᠠᠷᠢᠶ᠎ᠠ ᠣᠷᠣᠨ᠎ᠳᠤ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠴᠣᠬᠣᠯᠠᠪᠤᠷᠢᠯᠠᠬᠰᠠᠨ᠂ ᠬᠢᠨᠠᠨ ᠵᠥᠪᠰᠢᠶᠡᠷᠡᠭᠰᠡᠨ ᠤᠷᠢᠬᠠᠨ ᠰᠠᠯᠬᠢ᠎ᠪᠠᠷ ᠴᠠᠬᠢᠯᠭᠠᠨ ᠭᠠᠷᠭᠠᠬᠤ ᠲᠥᠷᠥᠯ ᠵᠦᠢᠯ ᠲᠠᠢ ᠭᠡᠰᠡᠨ ᠨᠢ ᠴᠥᠮ ᠬᠤᠳᠠᠯ ᠬᠠᠭᠤᠷᠮᠠᠭ ᠮᠡᠳᠡᠭᠡ ᠵᠠᠩᠭᠢ᠎ᠳᠤ ᠲᠣᠭᠠᠴᠠᠭᠳᠠᠨ᠎ᠠ ᠭᠡᠵᠡᠢ᠃  

ᠢᠯᠡᠷᠬᠡᠢᠯᠡᠯᠲᠡ ᠨᠢ ᠳᠣᠣᠷᠠᠬᠢ ᠮᠡᠲᠦ᠄

ᠮᠠᠨ᠎ᠤ ᠲᠣᠪᠴᠢᠶ᠎ᠠ ᠣᠢᠷ᠎ᠠ᠎ᠳᠤ 《ᠤᠷᠢᠬᠠᠨ ᠰᠠᠯᠬᠢ᠎ᠪᠠᠷ ᠴᠠᠬᠢᠯᠭᠠᠨ ᠭᠠᠷᠭᠠᠬᠤ》 ᠲᠥᠷᠥᠯ ᠵᠦᠢᠯ᠎ᠦᠨ ᠲᠤᠬᠠᠢ ᠠᠰᠠᠭᠤᠨ ᠯᠠᠪᠯᠠᠬᠤ ᠤᠲᠠᠰᠤ᠎ᠶᠢ ᠣᠯᠠᠨᠲᠠ ᠭᠥᠯᠢᠶᠡᠨ ᠠᠪᠴᠠᠢ᠃ ᠰᠢᠨ᠎ᠡ ᠡᠨᠧᠷᠭᠢ᠎ᠶᠢᠨ ᠲᠥᠷᠥᠯ ᠵᠦᠢᠯ᠎ᠦᠨ ᠬᠠᠮᠢᠶᠠᠷᠤᠯᠲᠠ᠎ᠶᠢᠨ ᠡᠮᠬᠢ ᠳᠢᠭ᠌ᠯᠢᠮ᠎ᠢ ᠵᠢᠷᠤᠮᠵᠢᠭᠤᠯᠬᠤ᠎ᠶᠢᠨ ᠲᠥᠯᠥᠭᠡ᠂ ᠣᠲᠣ᠌ ᠬᠣᠯᠪᠣᠭᠳᠠᠯ ᠪᠦᠬᠦᠢ ᠪᠠᠢᠳᠠᠯ᠎ᠢ ᠳᠣᠣᠷᠠᠬᠢ ᠮᠡᠲᠦ ᠢᠯᠡᠷᠬᠡᠢᠯᠡᠶ᠎ᠡ᠄ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ ᠵᠢᠴᠢ ᠬᠣᠲᠠ᠎ᠶᠢᠨ ᠱᠠᠲᠤᠨ᠎ᠤ ᠲᠠᠰ ᠳᠠᠪᠬᠤᠷᠭ᠎ᠠ᠎ᠡᠴᠠ 《ᠤᠷᠢᠬᠠᠨ ᠰᠠᠯᠬᠢ᠎ᠪᠠᠷ ᠴᠠᠬᠢᠯᠭᠠᠨ ᠭᠠᠷᠭᠠᠬᠤ》 ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠶᠢ ᠬᠠᠷᠠᠬᠠᠨ ᠨᠡᠢᠲᠡᠯᠡᠭᠡᠳᠦᠢ ᠪᠠᠢᠨ᠎ᠠ᠂ ᠮᠠᠨ᠎ᠤ ᠲᠣᠪᠴᠢᠶ᠎ᠠ ᠴᠤ᠌ ᠡᠢᠮᠦᠷᠬᠦᠦ ᠲᠥᠷᠥᠯ ᠵᠦᠢᠯ᠎ᠢ ᠭᠥᠯᠢᠶᠡᠨ ᠠᠪᠴᠤ ᠰᠢᠢᠳᠪᠦᠷᠢᠯᠡᠭᠰᠡᠨ ᠦᠭᠡᠢ ᠪᠤᠶᠤ ᠬᠢᠨᠠᠨ ᠵᠥᠪᠰᠢᠶᠡᠷᠡᠵᠦ ᠥᠩᠭᠡᠷᠡᠭᠰᠡᠨ ᠦᠭᠡᠢ᠃ ᠣᠳᠣ᠌᠎ᠶᠢᠨ ᠬᠡᠷᠡᠭᠵᠢᠭᠦᠯᠵᠦ ᠪᠠᠢᠭ᠎ᠠ ᠲᠣᠭᠲᠠᠭᠠᠯ ᠶᠣᠰᠣᠭᠠᠷ᠂ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ᠂ ᠭᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ᠂ ᠦᠯᠡᠳᠡᠭᠳᠡᠯ ᠢᠯᠴᠢ᠎ᠪᠡᠷ ᠴᠠᠬᠢᠯᠭᠠᠨ ᠭᠠᠷᠭᠠᠬᠤ ᠵᠡᠷᠭᠡ ᠡᠯ᠎ᠡ ᠲᠥᠷᠥᠯ᠎ᠦᠨ ᠴᠠᠬᠢᠯᠭᠠᠨ ᠭᠠᠷᠭᠠᠬᠤ ᠲᠥᠷᠥᠯ ᠵᠦᠢᠯ᠎ᠢ ᠡᠷᠬᠡᠪᠰᠢ ᠬᠠᠮᠢᠶ᠎ᠠ ᠪᠦᠬᠦᠢ ᠲᠥᠯᠦᠪᠵᠢᠭᠦᠯᠭᠡ᠎ᠳᠦ ᠣᠷᠣᠭᠤᠯᠬᠤ ᠪᠤᠶᠤ ᠲᠥᠷᠥᠯ ᠵᠦᠢᠯ᠎ᠢ ᠮᠡᠳᠡᠭᠦᠯᠬᠦ ᠭᠠᠷᠳᠠᠮ᠎ᠢ ᠭᠦᠢᠴᠡᠳᠬᠡᠭᠰᠡᠨ᠎ᠦ ᠳᠠᠷᠠᠭ᠎ᠠ᠂ ᠲᠣᠭᠲᠠᠭᠠᠯ ᠶᠣᠰᠣᠭᠠᠷ ᠡᠨᠧᠷᠭᠢ᠎ᠶᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠦ ᠬᠦᠷᠴᠦ ᠳᠠᠩᠰᠠᠯᠠᠭᠤᠯᠬᠤ ᠪᠤᠶᠤ ᠬᠢᠨᠠᠨ ᠵᠥᠪᠰᠢᠶᠡᠷᠡᠭᠦᠯᠬᠦ ᠭᠠᠷᠳᠠᠮ᠎ᠢ ᠭᠦᠢᠴᠡᠳᠬᠡᠬᠦ ᠬᠡᠷᠡᠭᠲᠡᠢ᠃

ᠡᠨᠳᠡ ᠥᠷᠭᠡᠨ ᠣᠯᠠᠨ ᠲᠦᠮᠡᠨ᠎ᠳᠦ ᠣᠨᠴᠠᠭᠠᠢᠯᠠᠨ ᠰᠠᠨᠠᠭᠤᠯᠬᠤ ᠨᠢ᠄ ᠣᠲᠣᠭ ᠬᠣᠰᠢᠭᠤᠨ᠎ᠤ ᠬᠠᠷᠢᠶ᠎ᠠ ᠣᠷᠣᠨ᠎ᠳᠤ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠴᠣᠬᠣᠯᠠᠪᠤᠷᠢᠯᠠᠬᠰᠠᠨ᠂ ᠬᠢᠨᠠᠨ ᠵᠥᠪᠰᠢᠶᠡᠷᠡᠭᠰᠡᠨ ᠤᠷᠢᠬᠠᠨ ᠰᠠᠯᠬᠢ᠎ᠪᠠᠷ ᠴᠠᠬᠢᠯᠭᠠᠨ ᠭᠠᠷᠭᠠᠬᠤ ᠲᠥᠷᠥᠯ ᠵᠦᠢᠯ ᠲᠠᠢ ᠭᠡᠭᠰᠡᠨ ᠨᠢ ᠴᠥᠮ ᠬᠤᠳᠠᠯ ᠬᠠᠭᠤᠷᠮᠠᠭ ᠮᠡᠳᠡᠭᠡ ᠵᠠᠩᠭᠢ ᠪᠣᠯᠣᠨ᠎ᠠ᠃ ᠡᠷᠬᠡᠪᠰᠢ ᠰᠣᠨᠣᠷ ᠰᠡᠷᠡᠮᠵᠢ ᠎ᠪᠡᠨ ᠳᠡᠭᠡᠭᠰᠢᠯᠡᠭᠦᠯᠵᠦ᠂ ᠠᠶᠤᠯ ᠲᠦᠭᠰᠢᠭᠦᠷᠢ᠎ᠶᠢ ᠰᠡᠷᠭᠡᠢᠯᠡᠬᠦ ᠤᠬᠠᠮᠰᠠᠷ᠎ᠢᠶᠠᠨ ᠴᠢᠩᠭᠠᠳᠬᠠᠭᠠᠷᠠᠢ᠃ ᠡᠨᠧᠷᠭᠢ᠎ᠶᠢᠨ ᠲᠥᠷᠥᠯ ᠵᠦᠢᠯ᠎ᠳᠦ ᠪᠡᠯᠡ ᠣᠷᠣᠭᠤᠯᠬᠤ ᠪᠤᠶᠤ ᠣᠷᠣᠯᠴᠠᠬᠤ᠎ᠡᠴᠠ ᠡᠮᠦᠨ᠎ᠡ᠂ ᠬᠡᠷᠪᠡ ᠠᠰᠠᠭᠤᠳᠠᠯ᠎ᠲᠠᠢ ᠪᠣᠯ ᠮᠠᠨ᠎ᠤ ᠲᠣᠪᠴᠢᠶ᠎ᠠ ᠪᠤᠶᠤ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ᠎ᠡᠴᠠ ᠠᠰᠠᠭᠤᠨ ᠯᠠᠪᠯᠠᠵᠤ ᠬᠢᠨᠠᠨ ᠬᠠᠷᠭᠤᠭᠤᠯᠵᠤ᠂ ᠮᠡᠬᠡᠯᠡᠭᠳᠡᠬᠦ᠎ᠡᠴᠡ ᠬᠢᠴᠢᠶᠡᠵᠦ᠂ ᠠᠵᠤ ᠠᠬᠤᠢ᠎ᠶᠢᠨ ᠬᠣᠬᠢᠷᠠᠯ᠎ᠠᠮᠰᠠᠬᠤ ᠡᠴᠠ ᠵᠠᠢᠯᠠᠰᠬᠢᠭᠡᠷᠡᠢ᠃

ᠣᠨᠴᠠᠭᠠᠢᠯᠠᠨ ᠢᠯᠡᠷᠬᠡᠢᠯᠡᠪᠡ

               ᠣᠲᠣᠭ ᠬᠣᠰᠢᠭᠤᠨ᠎ᠤ ᠡᠨᠧᠷᠭᠢ᠎ᠶᠢᠨ ᠲᠣᠪᠴᠢᠶ᠎ᠠ

               2026 ᠣᠨ᠎ᠤ 7 ᠰᠠᠷ᠎ᠠ᠎ᠶᠢᠨ 15᠎ᠤ ᠡᠳᠦᠷ

ᠢᠷᠡᠯᠲᠡ᠄ ᠦᠪᠦᠷ ᠮᠤᠩᠭᠤᠯ᠎ᠤᠨ ᠢᠨᠲ᠋ᠸᠷ ᠰᠦᠯᠵᠢᠶᠡᠨ᠎ᠤ ᠬᠠᠤᠯᠢ ᠡᠴᠡ ᠵᠦᠷᠢᠴᠡᠭᠰᠡ ᠪᠠ ᠪᠤᠯᠬᠢ ᠮᠡᠳᠡᠭᠡ ᠵᠠᠩᠬᠢ ᠵᠢ ᠢᠯᠡᠴᠢᠯᠡᠨ ᠮᠡᠳᠡᠭᠦᠯᠬᠦ ᠳᠠᠪᠴᠠᠩ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号