ᠳᠤᠮᠳᠠᠳᠤ ᠪᠠᠭ᠎ᠠ ᠰᠤᠷᠭᠠᠭᠤᠯᠢ᠎ᠶᠢᠨ ᠰᠣᠷᠣᠭ᠍ᠴᠢ᠎ᠳᠤ ᠬᠠᠨᠳᠤᠭᠤᠯᠤᠭᠰᠠᠨ ᠤᠷᠤᠯᠳᠤᠭᠠᠨ᠎ᠤ ᠠᠵᠢᠯᠯᠠᠭ᠎ᠠ᠎ᠳ᠋ᠤ ᠴᠢᠩᠭ᠎ᠠ ᠬᠠᠮᠢᠶᠠᠷᠤᠯᠳᠠ ᠬᠢᠵᠦ ᠪᠣᠶ
2026-07-16 16:35:32
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠡᠴᠡ ᠤᠢᠯᠠᠭᠠᠭᠰᠠᠨ ᠵᠢᠡᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠨᠠᠮ᠎ᠤᠨ ᠬᠣᠷᠢᠶ᠎ᠠ᠎ᠶᠢᠨ ᠣᠷᠣᠨ ᠲᠣᠭ᠎ᠠ᠎ᠶᠢᠨ ᠠᠯᠪᠠᠨ ᠭᠡᠷ᠂ ᠠᠷᠠᠳ᠎ᠤᠨ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ  ᠬᠠᠮᠲᠤᠷᠠᠨ ᠲᠦᠷᠦᠭᠦᠬᠡᠨ 《ᠳᠤᠮᠳᠠᠳᠤ ᠪᠠᠭ᠎ᠠ ᠰᠤᠷᠭᠠᠭᠤᠯᠢ ᠎ᠶᠢᠨ ᠰᠤᠷᠤᠭ᠍ᠴᠢᠳ ᠎ᠲᠤ ᠬᠠᠨᠳᠤᠭᠤᠯᠤᠭᠰᠠᠨ ᠪᠦᠬᠦ ᠣᠷᠣᠨ᠎ᠤ ᠴᠢᠨᠠᠷᠲᠠᠢ ᠤᠷᠤᠯᠳᠤᠭᠠᠨ᠎ᠤ ᠠᠵᠢᠯᠯᠠᠭ᠎ᠠ᠎ᠶᠢᠨ ᠬᠠᠮᠢᠶᠠᠷᠤᠯᠲᠠ᠎ᠶᠢᠨ ᠠᠷᠭ᠎ᠠ》 ᠵᠢ ᠳᠠᠷᠤᠮᠠᠯᠯᠠᠨ ᠲᠠᠷᠬᠠᠭᠠᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ (ᠬᠡᠦᠬᠡᠳ᠎ᠤᠨ ᠴᠡᠴᠡᠷᠯᠢᠭ᠎ᠲᠦ ᠪᠠᠢᠭ᠎ᠠ ᠬᠡᠦᠬᠡᠳ᠎ᠢ ᠪᠠᠭᠲᠠᠭᠠᠨ᠎ᠠ) ᠲᠤ᠌ ᠬᠠᠨᠳᠤᠭᠤᠯᠤᠭᠰᠠᠨ ᠪᠥᠬᠥ ᠣᠷᠣᠨ᠎ᠤ ᠴᠢᠨᠠᠷᠲᠠᠢ ᠤᠷᠤᠯᠳᠤᠭᠠᠨ᠎ᠤ ᠠᠵᠢᠯᠯᠠᠭ᠎ᠠ᠎ᠶᠢ ᠴᠢᠩᠭ᠎ᠠ ᠵᠢᠷᠤᠮᠵᠢᠭᠤᠯᠤᠨ ᠬᠠᠮᠢᠶᠠᠷᠴᠤ᠂ ᠳᠤᠮᠳᠠᠳᠤ ᠪᠠᠭ᠎ᠠ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ ᠵᠢᠴᠢ ᠭᠡᠷ᠎ᠦᠨ ᠠᠬᠠᠮᠠᠳ᠎ᠤᠨ ᠳᠠᠷᠤᠭᠠᠰᠤ᠎ᠶᠢ ᠦᠨᠡᠨᠬᠦ ᠬᠥᠩᠭᠡᠷᠡᠭᠦᠯᠵᠦ᠂ ᠬᠡᠪ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠡᠮᠬᠢ ᠳᠢᠭ᠌ᠯᠢᠮ᠎ᠢ ᠬᠠᠮᠠᠭᠠᠯᠠᠨ᠂ ᠡᠷᠡᠭᠦᠯ᠎ᠢᠶᠡᠷ ᠦᠰᠦᠨ ᠪᠣᠢᠵᠢᠬᠤ ᠰᠠᠢᠨ ᠰᠠᠢᠬᠠᠨ ᠨᠡᠢᠭᠡᠮ᠎ᠦᠨ ᠠᠭᠤᠷ ᠠᠮᠢᠰᠬᠤᠯ᠎ᠢ ᠪᠣᠶ ᠪᠣᠯᠭᠠᠬᠤ ᠵᠢ ᠴᠢᠬᠤᠯᠠᠴᠢᠯᠠᠪᠠ᠃

ᠬᠠᠮᠢᠶᠠᠷᠤᠯᠲᠠ᠎ᠶᠢᠨ ᠠᠷᠭ᠎ᠠ ᠨᠢ ᠨᠡᠶ᠋ᠢᠲᠡ 6 ᠪᠦᠯᠦᠭ 36 ᠵᠦᠢᠯ᠎ᠤᠨ ᠠᠭᠤᠯᠭ᠎ᠠ ᠵᠢ ᠪᠠᠭᠳᠠᠭᠠᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠬᠠᠨᠳᠤᠭᠤᠯᠤᠭᠰᠠᠨ ᠪᠥᠬᠥ ᠣᠷᠣᠨ᠎ᠤ ᠴᠢᠨᠠᠷᠲᠠᠢ ᠤᠷᠤᠯᠳᠤᠭᠠᠨ᠎ᠤ ᠠᠵᠢᠯᠯᠠᠭ᠎ᠠ᠎ᠶᠢ ᠥᠷᠨᠢᠭᠦᠯᠬᠦ ᠭᠣᠣᠯ ᠦᠨᠳᠦᠰᠦᠯᠡᠯ᠂ ᠬᠡᠪᠴᠢᠶ᠎ᠡ ᠪᠠ ᠰᠠᠯᠠᠭ᠎ᠠ ᠮᠥᠴᠢᠷ᠎ᠦᠨ ᠡᠭᠦᠷᠭᠡ ᠬᠠᠷᠢᠭᠤᠴᠠᠯᠭ᠎ᠠ ᠵᠢᠴᠢ ᠭᠣᠣᠯᠯᠠᠨ ᠡᠷᠭᠢᠯᠡᠬᠦ ᠲᠠᠯ᠎ᠠ᠎ᠶᠢᠨ ᠬᠢᠷᠢ ᠬᠡᠮ᠂ ᠤᠷᠤᠯᠳᠤᠭᠠᠨ᠎ᠳᠤ ᠣᠷᠣᠯᠴᠠᠬᠤ ᠡᠲᠡᠭᠡᠳ ᠵᠡᠷᠭᠡ ᠠᠭᠤᠯᠭ᠎ᠠ᠎ᠶᠢ ᠲᠣᠳᠣᠷᠬᠠᠢᠯᠠᠭᠰᠠᠨ᠎ᠤ ᠬᠠᠮᠲᠤ ᠤᠷᠤᠯᠳᠤᠭᠠᠨ᠎ᠤ ᠠᠵᠢᠯᠯᠠᠭ᠎ᠠ᠎ᠶᠢ ᠭᠤᠶᠤᠴᠢᠯᠠᠨ ᠮᠡᠳᠡᠭᠦᠯᠬᠦ᠂ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠢᠯᠡ ᠪᠡᠷ ᠨᠡᠢᠲᠡᠯᠡᠬᠦ ᠵᠡᠷᠭᠡ ᠳᠡᠰ ᠳᠠᠷᠠᠭᠠᠯᠠᠯ᠎ᠢ ᠵᠢᠷᠤᠮᠵᠢᠭᠤᠯᠵᠤ᠂ ᠤᠷᠤᠯᠳᠤᠭᠠᠨ᠎ᠤ ᠰᠡᠳᠦᠪ ᠭᠠᠷᠭᠠᠬᠤ᠂ ᠬᠢᠨᠠᠨ ᠲᠣᠭᠲᠠᠭᠠᠬᠤ ᠳᠦᠷᠢᠮ᠂ ᠦᠷ᠎ᠡ ᠳ᠋ᠦᠩ᠎ᠢ ᠢᠯᠡ ᠨᠡᠢᠲᠡᠯᠡᠬᠦ ᠵᠡᠷᠭᠡ ᠠᠭᠤᠯᠭ᠎ᠠ᠎ᠶᠢ ᠨᠠᠷᠢᠯᠢᠭ᠍ᠵᠢᠭᠤᠯᠪᠠ᠃

ᠬᠠᠮᠢᠶᠠᠷᠤᠯᠲᠠ᠎ᠶᠢᠨ ᠠᠷᠭ᠎ᠠ᠎ᠳᠤ ᠤᠷᠤᠯᠳᠤᠭᠠᠨ᠎ᠤ ᠠᠵᠢᠯᠯᠠᠭ᠎ᠠ᠎ᠶᠢᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠄ ᠨᠢᠭᠡ᠎ᠳᠦ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠬᠠᠨᠳᠤᠭᠤᠯᠤᠭᠰᠠᠨ ᠪᠥᠬᠥ ᠣᠷᠣᠨ᠎ᠤ ᠴᠢᠨᠠᠷᠲᠠᠢ ᠤᠷᠤᠯᠳᠤᠭᠠᠨ᠎ᠤ ᠠᠵᠢᠯᠯᠠᠭ᠎ᠠ᠎ᠶᠢᠨ ᠨᠠᠷᠢᠨ ᠳᠠᠩᠰᠠ᠎ᠳᠤ ᠬᠥᠳᠡᠯᠦᠩᠭᠦᠢ ᠬᠠᠮᠢᠶᠠᠷᠤᠯᠲᠠ ᠬᠢᠬᠦ᠎ᠶᠢ ᠬᠡᠷᠡᠭᠵᠢᠭᠦᠯᠵᠦ᠂ 3 ᠵᠢᠯ᠎ᠳᠦ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠠᠯᠪᠠᠨ᠎ᠤ ᠰᠦᠯᠵᠢᠶ᠎ᠡ ᠳᠡᠭᠡᠷ᠎ᠡ ᠨᠡᠢᠲᠡᠯᠡᠨ᠎ᠡ᠃ ᠬᠣᠶᠠᠷ᠎ᠲᠤ ᠥᠪᠡᠷᠲᠡᠭᠡᠨ ᠵᠠᠰᠠᠬᠤ ᠣᠷᠣᠨ ᠠ᠋ᠴᠠ ᠲᠣᠭᠲᠠᠭᠠᠭᠰᠠᠨ ᠤᠷᠤᠯᠳᠤᠭᠠᠨ᠎ᠤ ᠠᠵᠢᠯᠯᠠᠭ᠎ᠠ᠎ᠳᠤ᠂ ᠬᠡᠷᠪᠡ ᠬᠤᠪᠢᠶᠠᠷᠢ ᠤᠷᠤᠯᠳᠤᠭᠠᠨ᠎ᠤ ᠲᠣᠭᠣᠷᠢᠭ᠋᠎ᠢ ᠲᠣᠳᠣᠷᠬᠠᠢ ᠪᠠᠢᠭᠤᠯᠤᠭᠰᠠᠨ ᠦᠭᠡᠢ ᠪᠣᠯ᠂ ᠡᠯ᠎ᠡ ᠠᠢᠮᠠᠭ ᠬᠣᠲᠠ᠎ᠨᠤᠭᠤᠳ ᠬᠤᠪᠢᠶᠠᠷᠢ ᠤᠷᠤᠯᠳᠤᠭᠠᠨ᠎ᠤ ᠲᠣᠭᠣᠷᠢᠭ᠋᠎ᠤᠨ ᠤᠷᠤᠯᠳᠤᠭᠠᠨ᠎ᠤ ᠠᠵᠢᠯᠯᠠᠭ᠎ᠠ᠎ᠶᠢ ᠡᠷᠭᠢᠯᠡᠵᠦ ᠪᠣᠯᠬᠤ ᠦᠭᠡᠢ᠃ ᠭᠤᠷᠪᠠ᠎ᠳᠤ ᠡᠯ᠎ᠡ ᠠᠢᠮᠠᠭ ᠬᠣᠲᠠ᠎ᠶᠢᠨ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠡᠯ᠎ᠡ ᠲᠥᠷᠥᠯ᠎ᠦᠨ ᠰᠤᠷᠭᠠᠨ ᠬᠥᠮᠦᠵᠢᠯ᠎ᠦᠨ ᠪᠠᠢᠭᠤᠯᠤᠮᠵᠢ᠎ᠨᠤᠭᠤᠳ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠬᠠᠨᠳᠤᠭᠤᠯᠤᠭᠰᠠᠨ ᠡᠰᠡ ᠬᠢᠨᠠᠨ ᠵᠦᠪᠰᠢᠶᠡᠷᠡᠬᠦᠯᠦᠭᠰᠡᠨ ᠪᠥᠬᠥ ᠣᠷᠣᠨ᠎ᠤ ᠴᠢᠨᠠᠷᠲᠠᠢ ᠤᠷᠤᠯᠳᠤᠭᠠᠨ᠎ᠤ ᠠᠵᠢᠯᠯᠠᠭ᠎ᠠ᠎ᠵᠢ  ᠵᠣᠬᠢᠶᠠᠨ ᠪᠠᠶ᠋ᠢᠭᠤᠯᠬᠤ ᠡᠯ᠎ᠡ ᠵᠦᠢᠯ᠎ᠦᠨ᠎ᠠᠵᠢᠯ ᠳ᠋ᠤ ᠣᠷᠣᠯᠴᠠᠵᠤ ᠪᠣᠯᠬᠤ ᠦᠭᠡᠢ᠃ ᠰᠤᠷᠤᠭ᠍ᠴᠢᠳ᠎ᠢ ᠵᠣᠬᠢᠶᠠᠨ ᠪᠠᠢᠭᠤᠯᠤᠨ ᠡᠰᠡ ᠬᠢᠨᠠᠨ ᠵᠦᠪᠰᠢᠶᠡᠷᠡᠬᠦᠯᠦᠭᠰᠡᠨ ᠤᠷᠤᠯᠳᠤᠭᠠᠨ᠎ᠤ ᠠᠵᠢᠯᠯᠠᠭ᠎ᠠ᠎ᠳᠤ ᠣᠷᠣᠯᠴᠠᠭᠤᠯᠵᠤ ᠪᠤᠯᠬᠤ ᠦᠭᠡᠢ᠂ ᠭᠡᠷ᠎ᠦᠨ ᠠᠬᠠᠮᠠᠳ᠂ ᠰᠤᠷᠤᠭ᠍ᠴᠢᠳ᠎ᠲᠤ ᠤᠬᠠᠭᠤᠯᠤᠨ ᠲᠠᠨᠢᠯᠴᠠᠭᠤᠯᠵᠤ ᠪᠣᠯᠬᠤ ᠦᠭᠡᠢ᠃ ᠰᠣᠷᠣᠭ᠍ᠴᠢ᠂ ᠭᠡᠷ᠎ᠦᠨ ᠠᠬᠠᠮᠠᠳ ᠪᠤᠶᠤ ᠪᠠᠭ᠍ᠰᠢ᠎ᠶᠢ ᠵᠣᠬᠢᠶᠠᠨ ᠪᠠᠢᠭᠤᠯᠤᠨ ᠬᠣᠯᠪᠣᠭᠳᠠᠯ ᠪᠦᠬᠦᠢ ᠤᠷᠤᠯᠳᠤᠭᠠᠨ᠎ᠤ ᠪᠣᠯᠪᠠᠰᠤᠷᠠᠯ᠎ᠳᠤ ᠣᠷᠣᠯᠴᠠᠭᠤᠯᠵᠤ ᠪᠣᠯᠬᠤ ᠦᠭᠡᠢ᠂ ᠲᠣᠭᠲᠠᠭᠠᠯ ᠠ᠋ᠴᠠ ᠵᠥᠷᠢᠴᠡᠭᠰᠡᠨ ᠡᠰᠡ ᠬᠢᠨᠠᠨ ᠵᠦᠪᠰᠢᠶᠡᠷᠡᠬᠦᠯᠦᠭᠰᠡᠨ ᠤᠷᠤᠯᠳᠤᠭᠠᠨ᠎ᠤ ᠠᠵᠢᠯᠯᠠᠭ᠎ᠠ᠎ᠳᠤ ᠲᠠᠯᠠᠪᠤᠷ ᠭᠠᠵᠠᠷ᠂ ᠵᠠᠷᠤᠳᠠᠯ ᠵᠡᠷᠭᠡ ᠨᠥᠬᠥᠴᠡᠯ ᠬᠠᠩᠭᠠᠵᠤ ᠪᠣᠯᠬᠤ ᠦᠭᠡᠢ᠂ ᠣᠯᠵᠤ ᠮᠡᠳᠡᠪᠡᠯ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠲᠣᠭᠲᠠᠭᠠᠯ ᠠ᠋ᠴᠠ ᠵᠥᠷᠢᠴᠡᠭᠰᠡᠨ ᠤᠷᠤᠯᠳᠤᠭᠠᠨ᠎ᠤ ᠠᠵᠢᠯᠯᠠᠭ᠎ᠠ ᠵᠢ 《ᠬᠣᠶᠠᠷ᠎ᠢ ᠬᠦᠩᠬᠡᠷᠡᠬᠦᠯᠬᠦ》 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ᠂ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ ᠵᠢᠨ ᠲᠣᠭᠲᠠᠭᠠᠯ ᠠ᠋ᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠢᠯᠡᠴᠢᠯᠡᠨ ᠮᠡᠳᠡᠭᠦᠯᠬᠦ ᠲᠠᠪᠴᠠᠩ᠎ᠤᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ᠎ᠳᠦ ᠣᠷᠣᠭᠤᠯᠬᠤ᠎ᠶᠢᠨ ᠬᠠᠮᠲᠤ᠂ ᠪᠠᠢᠴᠠᠭᠠᠨ ᠰᠤᠳᠤᠯᠤᠯᠳᠠ ᠬᠢᠬᠦ᠂ ᠲᠣᠭᠣᠷᠢᠨ ᠪᠠᠢᠴᠠᠭᠠᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠨᠡᠢᠭᠡᠮ᠎ᠦᠨ ᠬᠢᠨᠠᠯᠲᠠ᠎ᠶᠢ ᠥᠷᠭᠡᠨ᠎ᠢᠶᠡᠷ ᠬᠦᠯᠢᠶᠡᠨ᠎ᠡ᠃ ᠰᠤᠷᠭᠠᠨ ᠬᠥᠮᠦᠵᠢᠯ᠂ ᠣᠷᠣᠨ ᠲᠣᠭ᠎ᠠ᠎ᠶᠢᠨ ᠠᠯᠪᠠᠨ ᠭᠡᠷ᠂ ᠠᠷᠠᠳ᠎ᠤᠨ ᠶᠠᠪᠤᠳᠠᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠬᠠᠤᠯᠢ ᠲᠣᠭᠲᠠᠭᠠᠯ ᠠ᠋ᠴᠠ ᠵᠥᠷᠢᠴᠡᠭᠰᠡᠨ ᠤᠷᠤᠯᠳᠤᠭᠠᠨ᠎ᠤ ᠠᠵᠢᠯᠯᠠᠭ᠎ᠠ ᠵᠢᠴᠢ ᠦᠶ᠋ᠯᠡ ᠠᠵᠢᠯᠯᠠᠭ᠎ᠠ᠎ᠳᠤ ᠬᠢᠨᠠᠯᠲᠠ ᠲᠠᠯᠪᠢᠵᠤ ᠪᠠᠢᠴᠠᠭᠠᠨ ᠰᠢᠢᠳᠪᠦᠷᠢᠯᠡᠬᠦ᠎ᠶᠢ ᠴᠢᠩᠭᠠᠳᠬᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号