ᠥᠪᠥᠷ ᠮᠣᠩᠭᠣᠯ ᠨᠢ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭᠳᠠᠭᠰᠠᠨ ᠴᠥᠭᠡᠨ ᠲᠣᠭᠠᠲᠤ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠬᠤᠪᠢ᠎ᠳᠤ᠂ ᠡᠯᠪᠡᠭ ᠪᠠᠶᠠᠯᠢᠭ᠋ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠡᠬᠢ ᠪᠠᠶᠠᠯᠢᠭ᠋᠎ᠲᠠᠢ ᠪᠠᠢᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭᠰᠡᠨ ᠬᠠᠮᠲᠤ᠎ᠶᠢᠨ ᠳᠤᠷᠠᠳᠬᠠᠯᠢ ᠠᠴᠢᠶᠠᠯᠠᠵᠤ᠂ 《ᠳᠤᠮᠳᠠᠳᠤ᠎ᠶᠢᠨ ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ᠌᠂ ᠰᠡᠳᠬᠢᠯ ᠨᠢᠭᠡᠳᠦᠨ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠬᠦ》 ᠠᠭᠤᠯᠤᠭᠳᠠᠬᠤᠨ᠎ᠢ ᠭᠦᠨᠵᠡᠭᠡᠢ ᠢᠯᠡᠷᠡᠭᠦᠯᠵᠡᠢ ᠃
ᠵᠣᠷᠢᠭ᠋ ᠰᠠᠨᠠᠭᠠᠨ᠎ᠤ ᠨᠢᠭ᠍ᠲᠠᠷᠠᠯ᠎ᠤᠨ ᠬᠠᠷᠠᠭᠠᠰᠤ ᠡᠴᠨ ᠦᠵᠡᠪᠡᠯ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ ᠨᠢ ᠤᠯᠤᠰ ᠵᠢᠡᠨ ᠬᠠᠢᠷᠠᠯᠠᠬᠤ ᠦᠵᠡᠯ᠂ ᠦᠨᠳᠦᠰᠦᠲᠡᠨ᠎ᠦ ᠪᠦᠯᠬᠦᠮᠳᠡᠯ᠎ᠦᠨ ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠬᠤ 《ᠠᠴᠢᠶᠠᠯᠠᠭ᠍ᠴᠢ》 ᠮᠦᠨ
ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ ᠨᠢ ᠲᠡᠦᠬᠡ᠎ᠶᠢᠨ ᠭᠡᠷᠡᠴᠢ ᠪᠤᠯᠬᠤ᠎ᠪᠠᠷ ᠪᠠᠷᠠᠬᠤ ᠦᠭᠡᠢ᠂ ᠨᠡᠩ ᠴᠤ᠌ ᠠᠭᠤᠤ ᠶᠡᠬᠡ ᠬᠤᠪᠢᠰᠬᠠᠯᠲᠤ ᠵᠣᠷᠢᠭ᠋ ᠰᠠᠨᠠᠭ᠎ᠠ᠎ᠶᠢ ᠠᠴᠢᠶᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠵᠣᠷᠢᠭ᠋ ᠰᠠᠨᠠᠭᠠᠨ᠎ᠤ ᠰᠢᠮ᠎ᠡ ᠪᠣᠯᠣᠨ᠎ᠠ᠃ ᠤᠯᠠᠭᠠᠨᠬᠦᠦ ᠨᠥᠬᠥᠷ᠎ᠦᠨ 《ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠢᠯᠦᠭᠡᠯᠡᠯᠲᠡ ᠪᠣᠯᠣᠨ ᠵᠣᠯ ᠵᠢᠷᠭᠠᠯ᠎ᠤᠨ ᠲᠥᠯᠥᠭᠡ ᠲᠡᠮᠡᠴᠡᠨ᠎ᠡ》 ᠭᠡᠬᠦ ᠬᠤᠪᠢᠰᠬᠠᠯᠲᠤ ᠢᠲᠡᠭᠡᠯ ᠵᠣᠷᠢᠭ᠋᠎ᠠᠴᠠ ᠲᠠᠯᠠᠨ ᠬᠠᠷ᠎ᠠ ᠠᠭᠤᠯᠠ᠎ᠶᠢᠨ ᠫᠠᠷᠲ᠋ᠢᠽᠠᠨ ᠠᠩᠭᠢ᠎ᠶᠢᠨ《ᠦᠷᠡᠭᠳᠡᠬᠦ᠎ᠡᠴᠡ ᠠᠶᠤᠬᠤ ᠦᠭᠡᠢ᠂ ᠨᠤᠭᠤᠷᠠᠰᠢ ᠦᠭᠡᠢ ᠲᠡᠮᠡᠴᠡᠬᠦ 》 ᠲᠠᠢᠴᠢᠨ ᠵᠣᠷᠢᠭ᠋ ᠰᠠᠨᠠᠭ᠎ᠠ ᠭᠦᠷᠲᠡᠯ᠎ᠡ᠂ 《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠦᠷᠡᠴᠢᠯᠡᠨ ᠲᠡᠵᠢᠭᠡᠭᠰᠡᠨ》 ᠦᠯᠡᠮᠵᠢ᠎ᠶᠢᠨ ᠬᠠᠢᠷ᠎ᠠ᠎ᠠᠴᠠ 《ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠪᠤᠭᠤᠲᠤ᠎ᠶᠢᠨ ᠪᠣᠯᠣᠳ ᠲᠡᠮᠦᠷ᠎ᠦᠨ ᠦᠢᠯᠡᠳᠪᠦᠷᠢ᠎ᠶᠢ ᠪᠠᠢᠭᠤᠯᠤᠭᠰᠠᠨ》 ᠪᠦᠯᠬᠦᠮᠳᠡᠯ ᠡᠭᠦᠷᠭᠡᠯᠡᠯ ᠭᠦᠷᠲᠡᠯ᠎ᠡ᠂ ᠡᠳᠡᠭᠡᠷ ᠵᠣᠷᠢᠭ᠋ ᠰᠠᠨᠠᠭᠠᠨ᠎ᠤ ᠣᠣᠷ ᠴᠢᠨᠠᠷ ᠨᠢ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠢᠶᠡᠷ ᠲᠠᠮᠵᠢᠨ ᠪᠣᠳᠠᠲᠠᠢᠵᠢᠭ᠍ᠰᠠᠨ ᠪᠠᠢᠨ᠎ᠠ᠃ ᠡᠳᠡᠭᠡᠷ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠠᠴᠢᠶᠠᠯᠠᠭᠰᠠᠨ ᠠᠭᠤᠤ ᠶᠡᠬᠡ ᠵᠣᠷᠢᠭ᠋ ᠰᠠᠨᠠᠭ᠎ᠠ ᠨᠢ ᠴᠠᠭ ᠬᠤᠭᠤᠴᠠᠭ᠎ᠠ ᠣᠷᠣᠨ ᠵᠠᠢ᠎ᠶᠢ ᠠᠯᠤᠰᠯᠠᠵᠤ᠂ ᠰᠢᠨ᠎ᠡ ᠠᠮᠢᠵᠢᠷᠠᠯ᠎ᠤᠨ ᠬᠦᠴᠦᠨ ᠪᠢᠯᠬᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠢᠷ᠎ᠠ ᠰᠡᠳᠬᠢᠯᠭᠡ᠎ᠶᠢᠨ ᠴᠤᠤᠷᠢᠶᠠᠲᠤᠯ ᠪᠣᠯᠣᠨ ᠦᠷᠳᠡᠭ᠎ᠦᠨ ᠲᠤᠬᠠᠢ ᠬᠠᠮᠲᠤ᠎ᠶᠢᠨ ᠲᠠᠨᠢᠯᠲᠠ ᠶ᠋ᠢ ᠨᠡᠮᠡᠭᠳᠡᠭᠦᠯᠵᠦ᠂ ᠬᠢᠲᠠᠳ ᠦᠨᠳᠦᠰᠦᠲᠡᠨ᠎ᠦ ᠤᠯᠠᠨ ᠲᠦᠮᠡᠨ᠎ᠳᠦ ᠴᠥᠭᠡᠨ ᠲᠣᠭᠠᠲᠤ ᠦᠨᠳᠦᠰᠦᠲᠡᠨ᠎ᠦ ᠤᠯᠠᠨ ᠲᠦᠮᠡᠨ᠎ᠦ ᠡᠬᠡ ᠤᠯᠤᠰ᠎ᠤᠨ ᠨᠢᠭᠡᠳᠦᠯ᠎ᠦᠨ ᠲᠤᠬᠠᠢ ᠡᠷᠡᠰ ᠪᠠᠲᠤ ᠳᠡᠮᠵᠢᠯᠭᠡ᠎ᠶᠢ ᠮᠡᠳᠡᠷᠡᠭᠦᠯᠵᠦ᠂ ᠴᠥᠭᠡᠨ ᠲᠣᠭᠠᠲᠤ ᠦᠨᠳᠦᠰᠦᠲᠡᠨ᠎ᠦ ᠤᠯᠠᠨ ᠲᠦᠮᠡᠨ᠎ᠳᠦ ᠬᠢᠲᠠᠳ ᠦᠨᠳᠦᠰᠦᠲᠡᠨ᠎ᠦ ᠤᠯᠠᠨ ᠲᠦᠮᠡᠨ᠎ᠦ ᠦᠨᠳᠦᠰᠦᠲᠡᠨ᠎ᠦ ᠭᠠᠵᠠᠷ ᠣᠷᠣᠨ᠎ᠤ ᠬᠥᠭᠵᠢᠯᠲᠡ᠎ᠳᠦ ᠦᠵᠡᠭᠦᠯᠦᠭᠰᠡᠨ ᠬᠦᠴᠦᠲᠡᠢ ᠬᠠᠪᠰᠤᠷᠤᠯᠭ᠎ᠠ᠎ᠶᠢ ᠮᠡᠳᠡᠷᠡᠭᠦᠯᠵᠦ᠂ ᠡᠭᠦᠨ᠎ᠦ ᠤᠯᠠᠮ᠎ᠢᠶᠠᠷ ᠠᠭᠤᠤ ᠶᠡᠬᠡ ᠡᠬᠡ ᠤᠯᠤᠰ᠂ ᠳᠤᠮᠳᠠᠳᠤ᠎ᠶᠢᠨ ᠦᠨᠳᠦᠰᠦᠲᠡᠨ᠂ ᠳᠤᠮᠳᠠᠳᠤ᠎ᠶᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠲᠤᠬᠠᠢ ᠬᠠᠮᠲᠤ᠎ᠶᠢᠨ ᠲᠠᠨᠢᠯᠲᠠ᠎ᠶᠢ ᠨᠡᠮᠡᠭᠳᠡᠭᠦᠯᠤᠨ᠂ 《ᠳᠤᠮᠳᠠᠳᠤ᠎ᠶᠢᠨ ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ᠌》 ᠪᠠᠢᠬᠤ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠵᠤ ᠴᠢᠳᠠᠨ᠎ᠠ᠃
ᠰᠣᠶᠣᠯ᠎ᠤᠨ ᠲᠤᠬᠠᠢ ᠬᠠᠮᠲᠤ᠎ᠶᠢᠨ ᠲᠠᠨᠢᠯᠲᠠ᠎ᠶᠢᠨ ᠬᠠᠷᠠᠭᠠᠰᠤ ᠡᠴᠨ ᠦᠵᠡᠪᠡᠯ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ ᠨᠢ ᠳᠤᠮᠳᠠᠳᠤ᠎ᠶᠢᠨ ᠰᠣᠶᠣᠯ᠎ᠤᠨ ᠠᠭᠤᠯᠤᠭᠳᠠᠬᠤᠨ᠎ᠢ ᠪᠠᠶᠠᠯᠢᠭ᠍ᠵᠢᠭᠤᠯᠬᠤ᠂ ᠰᠣᠶᠣᠯ᠎ᠤᠨ ᠢᠲᠡᠭᠡᠯ᠎ᠢ ᠨᠡᠮᠡᠭᠳᠡᠭᠦᠯᠬᠦ 《ᠡᠯᠧᠮᠧᠨ᠋ᠲ》 ᠮᠦᠨ
ᠳᠤᠮᠳᠠᠳᠤ᠎ᠶᠢᠨ ᠰᠣᠶᠣᠯ ᠪᠣᠯ ᠦᠨᠳᠦᠰᠦᠲᠡᠨ᠎ᠨᠦᠭᠦᠳ᠎ᠦᠨ ᠰᠣᠶᠣᠯ᠎ᠤᠨ ᠬᠤᠷᠠᠮᠠᠯ ᠪᠠᠢᠵᠤ᠂ ᠬᠤᠪᠢᠰᠬᠠᠯ ᠤ᠋ᠨ ᠰᠤᠶᠤᠯ ᠨᠢ ᠳᠤᠮᠳᠠᠳᠤ᠎ᠶᠢᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠃ ᠵᠢᠱ᠌ᠢᠶᠡᠯᠡᠪᠡᠯ᠂ ᠲᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠫᠠᠷᠲ᠋ᠢᠽᠠᠨ ᠠᠡᠭᠬᠢ ᠵᠢᠨ ᠰᠠᠭᠤᠷᠢᠨ ᠭᠠᠵᠠᠷ᠎ᠤᠨ ᠮᠣᠩᠭᠣᠯ ᠦᠨᠳᠦᠰᠦᠲᠡᠨ᠎ᠦ ᠤᠯᠠᠨ ᠲᠦᠮᠡᠨ 《ᠨᠠᠭᠠᠳᠤᠮ 》᠎ᠤ᠋ᠨ ᠶᠡᠬᠡ ᠬᠤᠷᠠᠯ᠎ᠢᠶᠡᠨ ᠶᠠᠫᠤᠨ᠎ᠢ ᠡᠰᠡᠷᠭᠦᠴᠡᠬᠦ ᠤᠬᠠᠭᠤᠯᠭ᠎ᠠ᠎ᠲᠠᠢ ᠤᠶᠠᠯᠳᠤᠭᠤᠯᠵᠤ᠂ ᠮᠣᠷᠢᠨ ᠬᠤᠭᠤᠷ᠎ᠢᠶᠠᠷ ᠶᠠᠫᠤᠨ᠎ᠢ ᠡᠰᠡᠷᠭᠦᠴᠡᠬᠦ ᠠᠶ᠎ᠠ ᠳᠠᠭᠤᠤ᠎ᠶᠢ ᠬᠤᠭᠤᠷᠳᠠᠵᠤ᠂ ᠮᠣᠩᠭᠣᠯ ᠭᠡᠯᠡ᠎ᠪᠡᠷ ᠬᠤᠪᠢᠰᠬᠠᠯ᠎ᠤᠨ ᠤᠷᠢᠶ᠎ᠠ᠎ᠶᠢ ᠪᠢᠴᠢᠵᠦ᠂ 《ᠬᠤᠪᠢᠰᠬᠠᠯ ᠤ᠋ᠨ ᠰᠤᠶᠤᠯ + ᠦᠨᠳᠦᠰᠦᠲᠡᠨ᠎ᠦ ᠰᠣᠶᠣᠯ》᠎ᠤ᠋ᠨ ᠥᠪᠡᠷᠮᠢᠴᠡ ᠭᠡᠯᠪᠡᠷᠢ᠎ᠶᠢ ᠪᠦᠷᠢᠯᠳᠦᠭᠦᠯᠵᠡᠢ ; ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭᠳᠠᠬᠤ ᠦᠶ᠎ᠡ᠎ᠳᠦ ᠬᠡᠷᠡᠭᠯᠡᠭᠰᠡᠨ ᠮᠣᠩᠭᠣᠯ ᠬᠢᠲᠠᠳ ᠬᠣᠣᠰ ᠬᠡᠯᠡᠨ᠎ᠦ ᠪᠢᠴᠢᠭ ᠮᠠᠲᠧᠷᠢᠶᠠᠯ ᠂ ᠲᠠᠮᠠᠭ᠎ᠠ ᠨᠢ ᠦᠨᠳᠦᠰᠦᠲᠡᠨ᠎ᠨᠦᠭᠦᠳ᠎ᠦᠨ ᠦᠭᠡ ᠭᠡᠯᠡ ᠥᠰᠥᠭ ᠪᠢᠴᠢᠭ᠎ᠢ ᠭᠦᠨᠳᠦᠳᠭᠡᠵᠦ᠂ 《ᠦᠨᠳᠦᠰᠦᠲᠡᠨ᠎ᠨᠦᠭᠦᠳ᠎ᠦᠨ ᠰᠣᠶᠣᠯ ᠥᠩᠭᠡ ᠢᠯᠭᠠᠷᠠᠨ ᠳᠡᠯᠭᠡᠷᠡᠵᠦ᠂ ᠬᠠᠮᠲᠤ᠎ᠪᠠᠷ ᠴᠡᠴᠡᠭᠯᠡᠨ ᠬᠥᠭᠵᠢᠬᠦ》 ᠣᠢᠯᠠᠭᠠᠭᠳᠠᠬᠤᠨ᠎ᠢ ᠢᠯᠡᠷᠡᠭᠦᠯᠪᠡ᠃ ᠥᠪᠥᠷ ᠮᠣᠩᠭᠣᠯ᠎ᠤᠨ ᠬᠤᠪᠢᠰᠬᠠᠯ ᠤ᠋ᠨ ᠰᠤᠶᠤᠯ ᠪᠣᠯ ᠭᠠᠭᠴᠠᠭᠠᠷᠳᠠᠮᠠᠯ ᠪᠢᠰᠢ ᠂ ᠬᠠᠷᠢᠨ ᠳᠤᠮᠳᠠᠳᠤ᠎ᠶᠢᠨ ᠰᠣᠶᠣᠯ᠎ᠤᠨ ᠴᠢᠬᠤᠯᠠ ᠰᠠᠯᠪᠤᠷᠢ ᠮᠥᠨ; ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠤᠪᠢᠰᠬᠠᠯ᠎ᠤᠨ ᠦᠢᠯᠡᠳᠦᠯᠭᠡ ᠳᠤᠮᠳᠠ ᠪᠦᠷᠢᠯᠳᠦᠭᠦᠯᠦᠭᠰᠡᠨ ᠰᠣᠶᠣᠯ᠎ᠤᠨ ᠦᠷ᠎ᠡ ᠪᠦᠲᠦᠭᠡᠯ ᠨᠢ ᠳᠤᠮᠳᠠᠳᠤ᠎ᠶᠢᠨ ᠰᠣᠶᠣᠯ᠎ᠤᠨ ᠠᠭᠤᠯᠤᠭᠳᠠᠬᠤᠨ᠎ᠢ ᠪᠠᠶᠠᠯᠢᠭ᠍ᠵᠢᠭᠤᠯᠪᠠ ᠭᠡᠳᠡᠭ᠎ᠢ ᠡᠳᠡᠭᠡᠷ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠤᠢᠯᠡᠰ ᠭᠡᠷᠡᠴᠢᠯᠡᠵᠦ ᠪᠠᠢᠨ᠎ᠠ᠃ ᠳᠤᠮᠳᠠᠳᠤ᠎ᠶᠢᠨ ᠰᠣᠶᠣᠯ ᠪᠣᠯ ᠦᠨᠳᠦᠰᠦᠲᠡᠨ᠎ᠨᠦᠭᠦᠳ᠎ᠦᠨ ᠬᠠᠮᠲᠤ᠎ᠪᠠᠷ ᠡᠭᠦᠳᠦᠨ ᠪᠦᠲᠦᠭᠡᠵᠦ᠂ ᠬᠠᠮᠲᠤ᠎ᠪᠠᠷ ᠡᠳ᠋ᠯᠡᠬᠦ ᠰᠣᠶᠣᠯ ᠮᠥᠨ᠂ ᠦᠨᠳᠦᠰᠦᠲᠡᠨ᠎ᠨᠦᠭᠦᠳ᠎ᠦᠨ ᠰᠣᠶᠣᠯ ᠪᠣᠯ ᠴᠥᠮ ᠳᠤᠮᠳᠠᠳᠤ᠎ᠶᠢᠨ ᠰᠣᠶᠣᠯ᠎ᠤᠨ ᠦᠨᠡᠲᠦ ᠡᠷᠳᠡᠨᠢ ᠮᠥᠨ᠃ ᠭᠠᠭᠴᠠ ᠬᠦ᠌ ᠲᠤᠰ ᠦᠨᠳᠦᠰᠦᠲᠡᠨ᠎ᠦ ᠰᠣᠶᠣᠯ᠎ᠢ ᠳᠤᠮᠳᠠᠳᠤ᠎ᠶᠢᠨ ᠰᠣᠶᠣᠯ᠎ᠳ᠋ᠤ ᠠᠭᠤᠰᠬᠠᠨ ᠨᠡᠢᠯᠡᠭᠦᠯᠪᠡᠯ ᠰᠠᠶᠢ ᠰᠣᠶᠣᠯ᠎ᠤᠨ ᠤᠯᠠᠮᠵᠢᠯᠠᠯ ᠪᠠ ᠬᠥᠭᠵᠢᠯᠲᠡ᠎ᠶᠢ ᠪᠡᠶᠡᠯᠡᠭᠦᠯᠵᠦ᠂ ᠡᠭᠦᠨ᠎ᠦ ᠤᠯᠠᠮ᠎ᠠᠴᠠ ᠳᠤᠮᠳᠠᠳᠤ᠎ᠶᠢᠨ ᠰᠣᠶᠣᠯ᠎ᠤᠨ ᠲᠤᠬᠠᠢ ᠬᠠᠮᠲᠤ᠎ᠶᠢᠨ ᠲᠠᠨᠢᠯᠲᠠ ᠪᠠ ᠢᠲᠡᠭᠡᠯ᠎ᠢᠶᠡᠨ ᠨᠡᠮᠡᠭᠳᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳᠤ ᠰᠣᠶᠣᠯ᠎ᠤᠨ ᠰᠠᠭᠤᠷᠢ᠎ᠶᠢ ᠲᠠᠯᠪᠢᠵᠤ ᠴᠢᠳᠠᠨ᠎ᠠ ᠭᠡᠳᠡᠭ᠎ᠢ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠳᠡᠯᠭᠡᠨ ᠦᠵᠡᠭᠦᠯᠭᠦ ᠪᠠ ᠲᠠᠢᠯᠪᠦᠷᠢᠯᠡᠬᠤ ᠪᠡᠷ ᠳᠠᠮᠵᠢᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠤ ᠲᠠᠨᠢᠭᠤᠯᠵᠤ ᠪᠣᠯᠣᠨ᠎ᠠ᠃
ᠰᠤᠷᠭᠠᠨ ᠬᠥᠮᠦᠵᠢᠯ᠎ᠦᠨ ᠦᠢᠯᠡᠳᠦᠯᠭᠡ᠎ᠶᠢᠨ ᠬᠠᠷᠠᠭᠠᠰᠤ ᠡᠴᠨ ᠦᠵᠡᠪᠡᠯ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ ᠨᠢ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠬᠥᠮᠦᠵᠢᠯ᠎ᠢ ᠥᠷᠨᠢᠭᠦᠯᠬᠦ᠂ ᠴᠠᠭ ᠦᠶ᠎ᠡ᠎ᠶᠢᠨ ᠰᠢᠨ᠎ᠡ ᠬᠥᠮᠥᠨ᠎ᠢ ᠬᠥᠮᠥᠵᠢᠭᠦᠯᠬᠦ 《ᠬᠢᠴᠢᠶᠡᠯ᠎ᠦᠨ ᠲᠠᠩᠬᠢᠮ》 ᠮᠦᠨ
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢᠨ ᠵᠠᠩᠭᠢᠯᠠᠭ᠎ᠠ ᠨᠢ ᠰᠤᠷᠭᠠᠨ ᠬᠥᠮᠦᠵᠢᠯ᠎ᠳᠦ ᠪᠤᠢ᠂ ᠭᠣᠣᠯᠳᠠᠯᠭ᠎ᠠ ᠨᠢ ᠵᠠᠯᠠᠭᠤᠴᠤᠳ ᠪᠠᠭᠠᠴᠤᠳ᠎ᠲᠤ ᠪᠤᠢ᠃ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠤᠢᠯᠡᠰ ᠨᠢ ᠰᠢᠭᠤᠳ ᠦᠵᠡᠭᠦᠯᠭᠦ ᠴᠢᠨᠠᠷ᠂ ᠨᠥᠯᠥᠭᠡᠯᠡᠬᠦ ᠬᠦᠴᠦᠨ᠎ᠢᠶᠡᠷ ᠴᠢᠩᠭ᠎ᠠ ᠪᠠᠢᠳᠠᠭ ᠣᠨᠴᠠᠯᠢᠭ᠋᠎ᠢᠶᠠᠷ᠎ᠢᠶᠠᠨ ᠡᠬᠡ ᠣᠷᠣᠨᠴᠢ ᠦᠵᠡᠯ᠎ᠦᠨ ᠬᠥᠮᠦᠵᠢᠯ ᠵᠢᠴᠢ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠢ ᠥᠷᠨᠢᠭᠦᠯᠬᠦ᠎ᠳᠤ ᠠᠮᠢᠳᠤᠯᠢᠭ᠋ ᠵᠢᠭᠠᠬᠤ ᠮᠠᠲᠧᠷᠢᠶᠠᠯ ᠪᠣᠯᠵᠤ᠂ ᠬᠡᠢᠰᠪᠦᠷᠢ 《ᠬᠠᠮᠲᠤ᠎ᠶᠢᠨ ᠴᠣᠭᠴᠠ᠎ᠶᠢᠨ ᠤᠬᠠᠮᠰᠠᠷ》 ᠢ᠋ ᠪᠣᠳᠠᠲᠠᠢ ᠲᠡᠦᠬᠡ᠎ᠶᠢᠨ ᠲᠠᠨᠢᠨ ᠮᠡᠳᠡᠬᠦᠢ ᠪᠠ ᠬᠠᠢᠷ᠎ᠠ ᠰᠡᠳᠬᠢᠯᠭᠡ᠎ᠶᠢᠨ ᠬᠠᠮᠲᠤ᠎ᠶᠢᠨ ᠲᠠᠨᠢᠯᠲᠠ ᠪᠣᠯᠭᠠᠨ ᠬᠤᠪᠢᠷᠠᠭᠤᠯᠵᠤ ᠴᠢᠳᠠᠨ᠎ᠠ᠃ ᠣᠢᠷ᠎ᠠ᠎ᠶᠢᠨ ᠵᠢᠯ᠎ᠡᠴᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠡᠬᠢ ᠪᠠᠶᠠᠯᠢᠭ᠋᠎ᠲᠤ ᠲᠦᠰᠢᠭᠯᠡᠨ ᠥᠷᠨᠢᠭᠦᠯᠦᠭᠰᠡᠨ 《ᠬᠤᠪᠢᠰᠬᠠᠯ ᠤ᠋ᠨ ᠰᠤᠶᠤᠯ᠎ᠢ ᠰᠤᠳᠤᠯᠤᠨ ᠰᠤᠷᠤᠯᠴᠠᠬᠤ》ᠠᠵᠢᠯᠯᠠᠭ᠎ᠠ ᠨᠢ ᠬᠡᠳᠦᠨ ᠠᠷᠪᠠᠨ ᠲᠦᠮᠡᠨ ᠵᠠᠯᠠᠭᠤᠴᠤᠳ ᠪᠠᠭᠠᠴᠤᠳ᠎ᠢ ᠬᠥᠲᠦᠯ᠎ᠤᠨ ᠳᠠᠭᠠᠭᠤᠯᠵᠦ ᠦᠢᠯᠡᠳᠦᠯᠭᠡ᠎ᠶᠢᠨ ᠳᠤᠮᠳᠠ ᠲᠡᠦᠬᠡ᠎ᠶᠢ ᠣᠢᠯᠠᠭᠠᠭᠤᠯᠵᠤ᠂ ᠬᠤᠪᠢᠰᠬᠠᠯᠲᠤ ᠵᠣᠷᠢᠭ᠋ ᠰᠠᠨᠠᠭ᠎ᠠ᠎ᠶᠢ ᠨᠢ ᠣᠢᠯᠠᠭᠠᠭᠤᠯᠪᠠ᠃ ᠥᠷᠭᠡᠨ ᠣᠯᠠᠨ ᠺᠠᠳ᠋ᠷ ᠣᠯᠠᠨ ᠲᠦᠮᠡᠨ᠎ᠳᠦ ᠠᠪᠴᠤ ᠬᠡᠯᠡᠪᠡᠯ᠂ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ ᠪᠣᠯ 《ᠤᠭ ᠰᠠᠨᠠᠭ᠎ᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠵᠣᠷᠢᠭ᠋ ᠰᠠᠨᠠᠭᠠᠨ᠎ᠤ ᠪᠠᠷᠢᠮᠵᠢᠶᠠᠯᠠᠯ ᠮᠥᠨ᠂ ᠬᠤᠪᠢᠰᠬᠠᠯ᠎ᠤᠨ ᠬᠠᠭᠤᠴᠢᠨ ᠪᠠᠭᠤᠷᠢ᠎ᠳᠤ ᠭᠣᠣᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠥᠷᠨᠢᠭᠦᠯᠬᠦ᠎ᠪᠡᠷ ᠳᠠᠮᠵᠢᠨ ᠂ ᠨᠠᠮ᠎ᠤᠨ ᠭᠡᠰᠢᠭᠦᠨ ᠺᠠᠳ᠋ᠷᠴᠤᠳ ᠨᠠᠮ᠎ᠳᠤ ᠣᠷᠣᠬᠤ ᠲᠠᠩᠭᠠᠷᠢᠭ᠋᠎ᠤᠨ ᠦᠭᠡᠰ᠎ᠢ ᠳᠠᠭᠢᠨ ᠡᠷᠭᠢᠴᠡᠭᠦᠯᠵᠦ᠂ ᠬᠤᠪᠢᠰᠬᠠᠯ᠎ᠤᠨ ᠠᠬᠠᠮᠠᠳ ᠨᠢᠭᠡ ᠦᠶ᠎ᠡ᠎ᠶᠢᠨ ᠭᠢᠨ᠎ᠦ 《ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠶᠢᠨ ᠲᠥᠯᠥᠭᠡ ᠲᠡᠮᠡᠴᠡᠭᠰᠡᠨ》 ᠤᠭ ᠰᠠᠨᠠᠭ᠎ᠠ᠎ᠶᠢ ᠤᠬᠠᠵᠤ᠂ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢᠨ ᠲᠥᠯᠥᠭᠡ ᠲᠡᠮᠡᠴᠡᠬᠦ》 ᠬᠠᠷᠢᠭᠤᠴᠠᠯᠭᠠᠲᠤ ᠰᠡᠳᠬᠢᠯᠭᠡ᠎ᠪᠡᠨ ᠴᠢᠩᠭᠠᠳᠬᠠᠵᠤ ᠪᠣᠯᠣᠨ᠎ᠠ ; ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠨᠡᠢᠭᠡᠮ ᠲᠣᠭᠣᠷᠢᠭ᠋᠎ᠲᠤ ᠣᠷᠣᠭᠤᠯᠬᠤ᠂ ᠮᠠᠯᠵᠢᠬᠤ ᠣᠷᠣᠨ᠎ᠳᠤ ᠣᠷᠣᠭᠤᠯᠬᠤ ᠠᠵᠢᠯᠯᠠᠭ᠎ᠠ᠎ᠪᠠᠷ ᠳᠠᠮᠵᠢᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠤ᠋ ᠳᠡᠷᠭᠡᠳᠡᠬᠢ ᠬᠤᠪᠢᠰᠬᠠᠯ᠎ᠤᠨ ᠥᠯᠢᠭᠡᠷ᠎ᠡᠴᠡ 《 ᠪᠦᠯᠬᠦᠮᠳᠡᠯ ᠨᠢ ᠬᠥᠭᠵᠢᠯᠲᠡ᠎ᠶᠢ ᠠᠪᠴᠢᠷᠠᠵᠤ᠂ ᠬᠠᠭᠠᠴᠠᠯ ᠨᠢ ᠭᠠᠢ ᠭᠠᠮᠰᠢᠭ᠋᠎ᠢ ᠪᠤᠶ ᠪᠤᠯᠭᠠᠬᠤ》 ᠶᠣᠰᠣ᠌ ᠤᠴᠢᠷ᠎ᠢ ᠣᠢᠯᠠᠭᠠᠭᠤᠯᠵᠤ᠂ ᠦᠨᠳᠦᠰᠦᠲᠡᠨ᠎ᠦ ᠪᠦᠯᠬᠦᠮᠳᠡᠯ ᠪᠠ ᠤᠯᠤᠰ ᠣᠷᠣᠨ᠎ᠤ ᠨᠢᠭᠡᠳᠦᠯ᠎ᠢ ᠤᠬᠠᠮᠰᠠᠷ᠎ᠠᠴᠠ᠎ᠪᠠᠨ ᠬᠠᠮᠠᠭᠠᠯᠠᠬᠤ ᠪᠣᠯᠣᠨ᠎ᠠ᠃
ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ ᠪᠣᠯ ᠲᠡᠦᠬᠡ᠎ᠶᠢᠨ ᠦᠨᠡᠳᠦ ᠡᠷᠳᠡᠨᠢᠰ ᠪᠠᠢᠵᠤ ᠪᠠᠰᠠ ᠴᠦ ᠵᠣᠷᠢᠭ᠋ ᠰᠠᠨᠠᠭᠠᠨ᠎ᠤ 《ᠭᠠᠯ ᠪᠠᠮᠪᠠᠷ》 ᠮᠦᠨ
ᠰᠢᠨ᠎ᠡ ᠲᠡᠦᠬᠡ᠎ᠶᠢᠨ ᠭᠠᠷᠤᠭ᠎ᠠ ᠡᠴᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠠᠵᠢᠯ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠥᠭᠦᠯᠡᠯᠲᠡ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠡᠬᠢ ᠪᠠᠶᠠᠯᠢᠭ᠋᠎ᠢ ᠦᠨᠡᠨ ᠬᠦ᠌ ᠰᠠᠢᠲᠤᠷ ᠬᠠᠮᠠᠭᠠᠯᠠᠵᠤ ᠂ ᠰᠠᠢᠲᠤᠷ ᠠᠰᠢᠭ᠍ᠯᠠᠵᠤ᠂ ᠰᠠᠢᠲᠤᠷ ᠤᠯᠠᠮᠵᠢᠯᠠᠵᠤ᠂ ᠬᠤᠪᠢᠰᠬᠠᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠠᠴᠢᠶᠠᠯᠠᠵᠤ ᠪᠠᠢᠭ᠎ᠠ ᠬᠤᠪᠢᠰᠬᠠᠯᠲᠤ ᠤᠳᠤᠮᠰᠢᠯ ᠪᠣᠯᠣᠨ ᠦᠨᠳᠦᠰᠦᠲᠡᠨ᠎ᠦ ᠪᠦᠯᠬᠦᠮᠳᠡᠯ᠎ᠦᠨ ᠵᠣᠷᠢᠭ᠋ ᠰᠠᠨᠠᠭ᠎ᠠ᠎ᠶᠢ ᠦᠶ᠎ᠡ᠎ᠶᠢᠨ ᠦᠶ᠎ᠡ᠎ᠳᠦ ᠤᠯᠠᠮᠵᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠪᠦᠯᠬᠦᠮᠳᠡᠯ᠎ᠲᠠᠢ ᠡᠶ᠎ᠡ ᠵᠣᠬᠢᠴᠠᠩᠭᠤᠢ᠂ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ᠂ ᠪᠣᠯᠪᠠᠰᠤᠨ ᠲᠠᠪᠰᠢᠭᠰᠠᠨ᠂ ᠠᠮᠤᠷ ᠲᠠᠢᠪᠤᠩ ᠠᠵᠤ ᠲᠦᠷᠦᠭᠰᠡᠨ᠂ ᠠᠮᠢ ᠠᠬᠤᠢ ᠦᠵᠡᠰᠬᠦᠯᠡᠩ᠎ᠳᠤ ᠰᠠᠢᠬᠠᠨ᠂ ᠨᠡᠢᠭᠡᠮ ᠵᠢᠷᠦᠮᠲᠦ ᠣᠳᠣᠬᠢᠴᠢᠯᠠᠭᠰᠠᠨ ᠥᠪᠥᠷ ᠮᠣᠩᠭᠣᠯ᠎ᠢ ᠪᠦᠲᠦᠭᠡᠨ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ᠎ᠳᠦ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠃
(ᠵᠣᠬᠢᠶᠠᠭ᠍ᠴᠢ᠎ᠶᠢᠨ ᠬᠠᠶᠢᠭ᠋ ᠄ ᠲᠤᠮᠳᠠᠳᠦ ᠤᠯᠤᠰ ᠤᠨ ᠡᠪ ᠬᠠᠮᠳᠦ ᠨᠠᠮ ᠤ᠋ᠨ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶᠠᠨ᠎ᠤ ᠨᠠᠮ᠎ᠤᠨ ᠰᠤᠷᠭᠠᠭᠤᠯᠢ᠎ᠶᠢᠨ ᠨᠠᠮ᠎ᠤᠨ ᠳᠡᠤᠬᠡ ᠨᠠᠮ᠎ᠤᠨ ᠪᠠᠢᠭᠤᠯᠤᠯᠲᠠ ᠵᠢᠭᠠᠨ ᠰᠤᠷᠭᠠᠯᠲᠠ᠎ᠶᠢᠨ ᠲᠠᠰᠤᠭ)