ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤ᠄ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠢ᠋ ᠭᠦᠨᠵᠡᠭᠡᠢᠷᠡᠭᠦᠯᠦᠨ ᠰᠣᠶᠣᠯ᠎ᠤᠨ ᠢᠲᠡᠭᠡᠯ ᠢ᠋ ᠨᠡᠮᠡᠭᠳᠡᠭᠦᠯᠦᠨ᠎ᠡ
2026-07-17 10:52:41
ᠵᠣᠬᠢᠶᠠᠭ᠍ᠴᠢ᠄
ᠭᠦᠸᠧ ᠴᠢ ᠨᠠᠨ
ᠣᠩᠱᠢᠭ᠍ᠰᠠᠨ ᠣᠳᠠᠭ᠎ᠠ᠄
★★★☆☆

《ᠰᠤᠷᠤᠭᠴᠢ ᠨᠦᠬᠦᠳ ᠡ᠂ ᠡᠨᠡ ᠨᠢᠬᠡ ᠪᠠᠳᠠᠭ ᠦᠬᠡ ᠵᠢ ᠪᠢᠳᠡ ᠤᠷᠮ᠎ᠠ ᠰᠡᠳᠬᠢᠯᠬᠡ ᠳᠠᠢ ᠤᠩᠰᠢᠵᠠᠭᠠᠶ᠎ᠠ ᠁》 ᠲᠦᠷᠦᠭᠦᠬᠡᠨ᠂ ᠤᠯᠠᠭᠠᠨᠴᠠᠪ ᠬᠣᠲᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠵᠧᠩ ᠢ ᠪᠠᠭ᠎ᠠ ᠰᠤᠷᠭᠠᠭᠤᠯᠢ᠎ᠶᠢᠨ 《ᠨᠤᠮ᠎ᠤᠨ ᠦᠨᠦᠷ ᠬᠠᠩᠬᠤᠯᠤᠭᠰᠠᠨ ᠲᠠᠯ᠎ᠠ ᠨᠤᠲᠤᠭ·ᠨᠤᠮ ᠤᠩᠰᠢᠨ ᠦᠰᠦᠨ ᠪᠤᠢᠵᠢᠨ᠎ᠠ》 ᠭᠡᠬᠦ ᠨᠣᠮ᠎ᠤᠩᠰᠢᠯᠭ᠎ᠠ ᠵᠢᠨ ᠬᠤᠪᠢᠶᠠᠯᠴᠠᠬᠤ ᠬᠢᠴᠢᠶᠡᠯ ᠳᠡᠭᠡᠷ᠎ᠡ ᠰᠤᠷᠤᠭ᠍ᠴᠢᠳ ᠤᠷᠠᠨ ᠳᠤᠳᠤ ᠤᠩᠰᠢᠵᠠᠭᠠᠵᠤ ᠪᠠᠢᠯ᠎ᠠ᠃

ᠡᠨᠡ ᠵᠢᠯ᠎ᠡᠴᠡ ᠨᠠᠭᠠᠰᠢ᠂ ᠵᠧᠩ ᠢ ᠪᠠᠭ᠎ᠠ ᠰᠤᠷᠭᠠᠭᠤᠯᠢ ᠶᠣᠰᠣ᠌ ᠰᠤᠷᠲᠠᠬᠤᠨ ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠲᠠᠢ ᠨᠢᠭ᠍ᠲᠠ ᠤᠶᠠᠯᠳᠤᠭᠤᠯᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠢ ᠡᠳᠦᠷ ᠳᠤᠳᠤᠮ᠎ᠤᠨ ᠵᠢᠭᠠᠨ ᠰᠤᠷᠭᠠᠯᠲᠠ᠎ᠳᠤ ᠠᠭᠤᠰᠤᠯᠴᠠᠭᠤᠯᠵᠤ᠂ ᠨᠣᠮ ᠤᠩᠰᠢᠨ ᠬᠤᠪᠢᠶᠠᠯᠴᠠᠬᠤ ᠬᠥᠮᠥᠨ᠎ᠢ ᠬᠥᠮᠥᠵᠢᠭᠦᠯᠬᠦ ᠰᠢᠰᠲ᠋ᠧᠮ᠎ᠢ ᠪᠠᠢᠭᠤᠯᠪᠠ᠃ ᠵᠢᠯ ᠪᠦᠷᠢ  ᠶ᠋ᠢᠨ 4 ᠰᠠᠷ᠎ᠠ ᠶ᠋ᠢ 《ᠨᠣᠮ ᠤᠩᠰᠢᠬᠤ ᠰᠠᠷ᠎ᠠ》 ᠪᠣᠯᠭᠠᠨ ᠪᠠᠢᠷᠢᠯᠠᠭᠤᠯᠵᠤ᠂ ᠨᠣᠮ ᠪᠢᠴᠢᠭ ᠵᠢᠡᠨ ᠰᠤᠯᠢᠯᠴᠠᠨ ᠤᠩᠰᠢᠬᠤ᠂ ᠡᠴᠢᠭᠡ ᠡᠬᠡ ᠪᠠ ᠦᠷ᠎ᠡ ᠬᠡᠦᠬᠡᠳ ᠬᠠᠮᠲᠤ᠎ᠪᠠᠷ ᠨᠤᠮ ᠤᠩᠰᠢᠬᠤ᠂ ᠰᠤᠩᠭᠤᠳᠠᠭ ᠵᠤᠬᠢᠶᠠᠯ᠎ᠤᠨ ᠤᠷᠠᠨ ᠤᠩᠰᠢᠯᠭ᠎ᠠ᠂ ᠵᠣᠬᠢᠶᠠᠯ ᠡᠯᠰᠡᠬᠦ ᠵᠣᠬᠢᠶᠠᠨ ᠪᠢᠴᠢᠬᠦ ᠵᠡᠷᠭᠡ ᠥᠪᠡᠷᠮᠢᠴᠡ ᠣᠨᠴᠠᠯᠢᠭ᠋᠎ᠲᠠᠢ ᠠᠵᠢᠯᠯᠠᠭ᠎ᠠ ᠶ᠋ᠢ ᠪᠠᠢᠩᠭᠤ ᠥᠷᠨᠢᠭᠦᠯᠬᠦ ᠶ᠋ᠢᠨ ᠬᠠᠮᠲᠤ ᠠᠩᠭᠢ ᠶ᠋ᠢᠨ ᠨᠣᠮ᠎ᠤᠨ ᠵᠢᠶᠠᠰᠠ ᠵᠢᠨ ᠪᠠᠢᠭᠤᠯᠤᠯᠲᠠ ᠶ᠋ᠢ ᠲᠡᠭᠦᠯᠳᠡᠷᠵᠢᠭᠦᠯᠵᠦ᠂ ᠰᠤᠷᠤᠭ᠍ᠴᠢᠳ᠎ᠤᠨ ᠴᠠᠭ ᠢᠮᠠᠭᠲᠠ ᠨᠤᠮ ᠤᠩᠰᠢᠬᠤ᠎ᠳᠤ ᠲᠥᠬᠥᠮ ᠦᠵᠡᠭᠦᠯᠪᠡ᠃ ᠨᠣᠮ ᠤᠩᠰᠢᠬᠤ ᠰᠠᠷ᠎ᠠ᠎ᠪᠡᠷ ᠠᠴᠢᠶᠠᠯᠠᠪᠤᠷᠢ ᠪᠤᠯᠭᠠᠨ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠤᠯᠴᠠᠯᠭ᠎ᠠ᠎ᠶᠢ ᠤᠩᠰᠢᠯᠭ᠎ᠠ᠎ᠶᠢᠨ ᠪᠦᠬᠦ ᠶᠠᠪᠤᠴᠠ᠎ᠳᠤ ᠠᠭᠤᠰᠬᠠᠵᠤ᠂ ᠰᠤᠷᠤᠭ᠍ᠴᠢᠳ᠎ᠤᠨ ᠨᠡᠢᠲᠡᠯᠢᠭ ᠬᠡᠯᠡ᠎ᠪᠡᠷ ᠰᠠᠢᠲᠤᠷ ᠶᠠᠷᠢᠵᠤ᠂ ᠳᠦᠷᠢᠮᠵᠢᠭᠰᠡᠨ ᠦᠰᠦᠭ᠎ᠢ ᠰᠠᠢᠲᠤᠷ ᠪᠢᠴᠢᠭᠦ ᠵᠢ ᠬᠦᠳᠦᠯᠦᠨ ᠵᠢᠯᠤᠭᠤᠳᠪᠠ᠃

ᠡᠳᠡᠭᠡᠷ ᠠᠯᠢ ᠣᠯᠠᠨ ᠠᠷᠭ᠎ᠠ ᠬᠡᠮᠵᠢᠶ᠎ᠡ ᠨᠢ ᠢᠯᠡᠳᠲᠡ ᠦᠷ᠎ᠡ ᠪᠦᠲᠦᠮᠵᠢ ᠣᠯᠵᠤ᠂ ᠤᠯᠠᠭᠠᠨ᠎ᠪᠠᠭ᠍ᠰᠢ᠎ᠶᠢᠨ ᠪᠢᠴᠢᠭᠰᠡᠨ ᠥᠭᠦᠯᠡᠯ ᠨᠢ 《ᠳᠤᠮᠳᠠᠳᠤ ᠤᠯᠤᠰ᠎ᠤᠨ ᠦᠭᠡ ᠬᠡᠯᠡ ᠥᠰᠥᠭ ᠪᠢᠴᠢᠭ᠎ᠤᠨ ᠰᠣᠨᠢᠨ》 ᠳᠡᠭᠡᠷ᠎ᠡ ᠨᠡᠢᠲᠡᠯᠡᠭᠳᠡᠵᠦ᠂ ᠲᠡᠭᠦᠨ᠎ᠦ  ᠠᠩᠭᠢ ᠨᠢ ᠬᠣᠲᠠ᠎ᠶᠢᠨ ᠲᠠᠰ᠎ᠤᠨ 《ᠨᠤᠮ᠎ᠤᠨ ᠰᠤᠷᠪᠤᠯᠵᠢᠳᠤ ᠠᠩᠭᠢ》 ᠪᠠᠷ ᠦᠨᠡᠯᠡᠭᠳᠡᠨ᠂ ᠰᠤᠷᠭᠠᠭᠤᠯᠢ ᠵᠢᠨ ᠬᠢᠨ ᠪᠥᠬᠥ ᠤᠯᠤᠰ᠎ᠤᠨ ᠪᠥᠬᠥᠯᠢ ᠨᠣᠮ᠎ᠤᠩᠰᠢᠯᠭ᠎ᠠ ᠵᠢᠨ ᠰᠢᠯᠢᠳᠡᠭ ᠦᠷ᠎ᠡ ᠪᠦᠲᠦᠭᠡᠯ᠎ᠦᠨ ᠱᠠᠩᠨᠠᠯ᠎ᠢ ᠭᠥᠷᠳᠡᠪᠡ᠃

《ᠪᠢᠳᠡ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠢ᠋ ᠵᠢᠭᠠᠨ ᠰᠤᠷᠭᠠᠯᠲᠠ ᠶ᠋ᠢᠨ ᠪᠦᠬᠦ ᠶᠠᠪᠤᠴᠠ᠎ᠳᠤ ᠠᠭᠤᠰᠬᠠᠬᠤ ᠶ᠋ᠢ ᠪᠠᠷᠢᠮᠲᠠᠯᠠᠵᠤ᠂ ᠤᠩᠰᠢᠯᠭ᠎ᠠ ᠶ᠋ᠢᠨ ᠣᠷᠴᠢᠨ ᠨᠥᠬᠥᠴᠡᠯ ᠢ᠋ ᠪᠤᠶ ᠪᠣᠯᠭᠠᠬᠤ᠎ᠪᠠᠷ ᠳᠠᠮᠵᠢᠭᠤᠯᠤᠨ᠂ ᠤᠷᠠᠨ ᠤᠩᠰᠢᠯᠭ᠎ᠠ᠂ ᠨᠤᠮ ᠬᠤᠪᠢᠶᠠᠯᠴᠠᠬᠤ ᠪᠠ ᠡᠴᠢᠭᠡ ᠡᠬᠡ ᠦᠷ᠎ᠡ ᠬᠡᠦᠬᠡᠳ ᠬᠠᠮᠲᠤ᠎ᠪᠠᠷ ᠤᠩᠰᠢᠬᠤ ᠪᠠᠶᠠᠯᠢᠭ᠋ ᠰᠠᠢᠬᠠᠨ ᠠᠵᠢᠯᠯᠠᠭ᠎ᠠ ᠥᠷᠨᠢᠭᠦᠯᠵᠦ  ᠬᠡᠦᠬᠡᠳ᠎ᠦᠳ᠎ᠲᠦ ᠦᠭᠡ ᠬᠡᠯᠡ ᠦᠰᠦᠭ ᠪᠢᠴᠢᠭ᠎ᠦᠨ ᠷᠢᠳᠢ ᠰᠢᠳᠢ  ᠶ᠋ᠢ ᠦᠨᠡᠨ ᠬᠦ᠌ ᠮᠡᠳᠡᠷᠡᠭᠦᠯᠵᠦ ᠪᠠᠢᠨ᠎ᠠ》 ᠭᠡᠵᠦ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠵᠧᠩ ᠢ ᠪᠠᠭ᠎ᠠ ᠰᠤᠷᠭᠠᠭᠤᠯᠢ᠎ᠶᠢᠨ ᠳᠡᠳ᠋ ᠵᠠᠬᠢᠷᠤᠯ ᠶᠠᠩ ᠹᠠᠨ ᠶᠠᠷᠢᠯ᠎ᠠ᠃

ᠣᠢᠷ᠎ᠠ᠎ᠶᠢᠨ ᠵᠢᠯ᠎ᠦᠳ᠎ᠲᠦ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠲᠦᠭᠡᠮᠡᠯᠵᠢᠬᠦᠯᠬᠦ ᠬᠢᠷᠢ ᠲᠦᠪᠰᠢᠨ ᠪᠠ ᠶᠠᠰᠤ ᠴᠢᠨᠠᠷ᠎ᠢ ᠳᠡᠭᠡᠭᠰᠢᠯᠡᠭᠦᠯᠪᠡ᠃ ᠨᠢᠭᠡ ᠲᠠᠯ᠎ᠠ᠎ᠪᠠᠷ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠦᠨ ᠨᠡᠢᠲᠡᠯᠢᠭ ᠬᠡᠯᠡ᠎ᠶᠢ ᠰᠤᠷᠴᠤ ᠡᠵᠡᠮᠰᠢᠬᠦ ᠲᠥᠯᠥᠪᠯᠡᠭᠡ᠎ᠶᠢ ᠯᠠᠪᠳᠠᠭᠤᠨ᠎ᠢᠶᠠᠷ ᠠᠬᠢᠭᠤᠯᠵᠤ᠂ ᠰᠦᠯᠵᠢᠶᠡᠨ᠎ᠲᠡᠭᠡᠷ᠎ᠡ ᠲᠤᠰᠬᠠᠢ ᠰᠡᠳᠦᠪᠲᠦ ᠲᠠᠢᠯᠤᠮᠵᠢ ᠪᠠ ᠲᠤᠰᠬᠠᠢ ᠲᠦᠷᠦᠯ᠎ᠦᠨ ᠰᠤᠷᠤᠯᠴᠠᠯᠭ᠎ᠠ ᠥᠷᠨᠢᠭᠦᠯᠵᠦ᠂ ᠪᠠᠭ᠍ᠰᠢ ᠰᠤᠷᠤᠭ᠍ᠴᠢᠳ᠎ᠤᠨ ᠦᠭᠡ ᠬᠡᠯᠡᠨ᠎ᠦ ᠲᠦᠪᠰᠢᠨ᠎ᠢ ᠦᠨᠡᠨ ᠬᠦ᠌ ᠳᠡᠬᠡᠭᠰᠢᠯᠡᠬᠦᠯᠪᠡ; ᠨᠥᠭᠥᠭᠡ ᠲᠠᠯ᠎ᠠ᠎ᠪᠠᠷ᠂ ᠪᠠᠶᠠᠷ ᠳᠤᠷᠠᠰᠬᠠᠯ᠎ᠤᠨ ᠡᠳᠦᠷ᠎ᠢᠶᠡᠷ ᠠᠵᠠ ᠲᠣᠬᠢᠶᠠᠯ ᠪᠣᠯᠭᠠᠵᠤ᠂ ᠳᠤᠮᠳᠠᠳᠤ᠎ᠶᠢᠨ ᠰᠣᠩᠭᠣᠳᠠᠭ ᠵᠣᠬᠢᠶᠠᠯ᠎ᠢ ᠤᠩᠰᠢᠬᠤ ᠤᠷᠤᠯᠳᠤᠭᠠᠨ᠂ ᠳᠦᠷᠢᠮᠵᠢᠭᠰᠡᠨ ᠬᠢᠲᠠᠳ ᠦᠰᠦᠭ᠎ᠦᠨ ᠪᠢᠴᠢᠯᠭᠡ᠎ᠶᠢᠨ ᠦᠵᠡᠭᠦᠯᠭᠡ᠂ ᠡᠷᠳᠡᠨ᠎ᠤ ᠰᠢᠯᠦᠭ ᠳᠠᠭᠤᠯᠠᠯ᠎ᠤᠨ ᠰᠣᠨᠣᠰᠴᠤ ᠪᠢᠴᠢᠬᠦ ᠤᠷᠤᠯᠳᠤᠭᠠᠨ ᠵᠡᠷᠭᠡ ᠰᠢᠷᠢᠰ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠵᠦ᠂ ᠪᠥᠬᠥ ᠬᠣᠰᠢᠭᠤᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠳᠦᠷᠢᠮᠵᠢᠭᠰᠡᠨ ᠦᠰᠦᠭ ᠪᠢᠴᠢᠭ᠎ᠤᠨ ᠤᠬᠠᠮᠰᠠᠷ᠎ᠢ ᠪᠦᠲᠦᠮᠵᠢᠲᠡᠶ ᠳᠡᠭᠡᠭᠰᠢᠯᠡᠭᠦᠯᠵᠦ᠂ ᠨᠠᠩ ᠴᠤ᠌ ᠨᠡᠢᠭᠡᠮ ᠳᠠᠶᠠᠭᠠᠷ᠎ᠲᠤ ᠰᠣᠩᠭᠣᠳᠠᠭ ᠵᠣᠬᠢᠶᠠᠯ᠎ᠢ ᠤᠯᠠᠮᠵᠢᠯᠠᠨ ᠵᠠᠯᠭᠠᠮᠵᠢᠯᠠᠬᠤ᠂ ᠦᠬᠡ ᠦᠰᠦᠭ᠎ᠢ ᠲᠦᠷᠢᠮᠵᠢᠬᠦᠨ ᠬᠡᠷᠡᠭᠯᠡᠬᠦ ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号