ᠨᠤᠭᠤᠭᠠᠷᠡᠭᠤᠯᠤᠯᠳᠠ ᠵᠢᠨ ᠠᠵᠢᠯ᠎ᠢ ᠨᠢᠮᠪᠠᠢ ᠴᠡᠭᠴᠡ ᠳᠡᠢ ᠦᠷᠨᠢᠬᠦᠯᠰᠦᠬᠡᠢ
2026-07-17 17:05:27
ᠵᠣᠬᠢᠶᠠᠭ᠍ᠴᠢ᠄
ᠬᠠᠰᠪᠢᠯᠢᠭ᠌
ᠣᠩᠱᠢᠭ᠍ᠰᠠᠨ ᠣᠳᠠᠭ᠎ᠠ᠄
★★★☆☆

《ᠭᠤᠷᠪᠠᠨ ᠤᠮᠠᠷᠠᠲᠤ᠎ᠶᠢᠨ ᠵᠣᠷᠢᠭ᠋ ᠰᠠᠨᠠᠭ᠎ᠠ》 ᠎ᠨᠢ ᠤᠩᠨᠢᠭᠤᠳᠴᠤᠳ ᠤ᠋ᠨ ᠡᠯᠡᠰᠦ᠎ᠶᠢ ᠵᠠᠰᠠᠬᠤ ᠪᠡᠷᠬᠡ ᠬᠠᠲᠠᠭᠤᠵᠢᠯᠲᠠᠢ ᠬᠦᠳᠡᠯᠮᠥᠷᠢ ᠨᠢᠭᠡᠪᠦᠷᠢ᠎ᠳᠤ ᠭᠦᠨᠵᠡᠭᠡᠢ ᠠᠭᠤᠰᠤᠨ᠂ ᠡᠯ᠎ᠡ ᠲᠠᠯ᠎ᠠ ᠎ᠶᠢᠨ ᠬᠦᠴᠦᠨ᠎ᠢ ᠨᠢᠭ᠍ᠲᠠᠷᠠᠭᠤᠯᠬᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠭᠤ ᠵᠣᠷᠢᠭ᠋ ᠰᠠᠨᠠᠭᠠᠨ᠎ᠤ ᠲᠤᠭ ᠲᠡᠮᠳᠡᠭ ᠪᠤᠯᠤᠨ ᠨᠠᠮᠢᠷᠠᠵᠤ᠂ ᠡᠯᠡᠰᠦᠷᠬᠡᠭ ᠣᠷᠣᠨ᠎ᠤ ᠤᠨᠴᠠᠯᠢᠬ᠍ᠳᠤ ᠲᠠᠷᠢᠵᠤ ᠲᠡᠵᠢᠭᠡᠬᠦ ᠦᠢᠯᠡᠰ᠂ ᠠᠮᠢ ᠠᠬᠤᠢ᠎ᠶᠢᠨ ᠵᠢᠭᠤᠯᠴᠢᠯᠠᠯ ᠪᠣᠯᠤᠨ ᠰᠢᠨ᠎ᠡ ᠡᠨᠧᠷᠭᠢ ᠵᠡᠷᠭᠡ ᠠᠵᠤ ᠦᠢᠯᠡᠰ ᠢ᠋ ᠳᠠᠯᠠᠯᠤᠨ᠂ ᠬᠦᠭᠵᠢᠯᠳᠡ ᠶ᠋ᠢᠨ ᠳᠤᠮᠳᠠᠬᠢ ᠬᠥᠳᠡᠭᠡ ᠨᠤᠲᠤᠭ᠎ᠤᠨ ᠰᠢᠨ᠎ᠡ ᠦᠩᠭᠡ ᠦᠵᠡᠮᠵᠢ ᠶ᠋ᠢ ᠵᠢᠷᠤᠭᠯᠠᠵᠤ᠂ ᠯᠣᠣ ᠭᠠᠷᠤᠳᠢ ᠶ᠋ᠢᠨ ᠦᠯᠵᠡᠢᠳᠥ ᠨᠤᠲᠤᠭ ᠤ᠋ᠨ ᠠᠮᠢ ᠠᠬᠤᠢ᠎ᠶᠢᠨ ᠪᠣᠯᠪᠠᠰᠤᠨ ᠤ᠋ ᠴᠡᠴᠡᠭ ᠢ᠋  ᠳᠡᠯᠭᠡᠷᠡᠭᠥᠯᠥᠨᠡᠮ᠃


QQ20260717-170058.png


ᠠᠮᠢ ᠠᠬᠤᠢ ᠶ᠋ᠢ ᠲᠡᠷᠢᠭᠥᠨ ᠳ᠋ᠤ᠌ ᠲᠠᠯᠪᠢᠨ᠂ ᠡᠯᠡᠰᠥᠷᠬᠡᠭ ᠤᠷᠤᠨ ᠤ᠋ ᠲᠠᠷᠢᠶᠠᠯᠠᠩ ᠮᠠᠯᠵᠢᠯ ᠤ᠋ᠨ ᠦᠷ᠎ᠡ ᠠᠰᠢᠭ᠋ ᠢ᠋ ᠳᠡᠭᠡᠭᠰᠢᠯᠡᠭᠥᠯᠬᠥ ᠶ᠋ᠢᠨ ᠲᠦᠯᠥᠭᠡ᠂ ᠬᠤᠰᠢᠭᠤᠨ ᠤ᠋ ᠨᠠᠮ ᠵᠠᠰᠠᠭ ᠠ᠋ᠴᠠ ᠤᠢ ᠰᠢᠭᠤᠢ᠂ ᠭᠤᠤᠯ ᠮᠦᠷᠡᠨ᠂ ᠨᠠᠭᠤᠷ ᠴᠦᠬᠥᠷᠥᠮ᠂ ᠨᠤᠲᠤᠭ ᠪᠡᠯᠴᠢᠭᠡᠷ᠎ᠤᠨ ᠳᠠᠷᠣᠭ᠎ᠠ ᠶ᠋ᠢᠨ ᠲᠦᠷᠢᠮ ᠢ᠋ ᠲᠡᠭᠥᠯᠳᠡᠷᠵᠢᠭᠥᠯᠥᠨ ᠴᠢᠩᠭᠠᠳᠬᠠᠵᠤ᠂ ᠠᠯᠢ ᠡᠷᠲᠡ ᠠᠰᠢᠭ᠍ᠯᠠᠯᠳᠠ ᠳ᠋ᠤ᠌ ᠤᠷᠤᠭᠰᠠᠨ ᠮᠠᠩᠬᠠᠨ ᠲᠠᠷᠢᠶᠠᠯᠠᠩ ᠤ᠋ᠨ ᠬᠦᠭᠵᠢᠯᠳᠡ ᠶ᠋ᠢ ᠠᠩᠬᠠᠷᠤᠨ᠂ ᠦᠷᠭᠡᠳᠭᠡᠬᠥ ᠶ᠋ᠢ ᠬᠤᠷᠢᠭ᠍ᠯᠠᠨ ᠨᠤᠭᠤᠭᠠᠷᠠᠭᠤᠯᠬᠤ ᠶ᠋ᠢ ᠠᠳᠬᠤᠵᠤ᠂ ᠪᠠᠶᠠᠠᠲᠤᠬᠤᠢ᠂ ᠭᠡᠷᠰᠡᠩ᠂ ᠰᠢᠨᠡᠰᠦ᠋ᠮ᠎ᠡ ᠰᠤᠮᠤᠨ ᠤ᠋ ᠨᠢᠭᠡ ᠪᠦᠯᠥᠭ ᠤᠨᠴᠠᠯᠢᠭ᠍ᠳᠤ ᠡᠯᠡᠰᠥᠨ ᠲᠤᠳᠤᠷᠭ᠎ᠠ ᠶ᠋ᠢᠨ ᠬᠦᠭᠵᠢᠯᠳᠡ ᠶ᠋ᠢ ᠳᠡᠮᠵᠢᠵᠥ᠂ 《ᠡᠯᠡᠰᠥᠨ ᠪᠠᠭᠤᠴᠠ》 ᠳᠡᠮᠳᠡᠭᠳᠥ ᠵᠡᠷᠭᠡ ᠲᠤᠳᠤᠷᠭ᠎ᠠ ᠶ᠋ᠢ ᠳᠡᠰ ᠳᠡᠪᠰᠢᠭᠥᠯᠥᠨ᠂ ᠬᠤᠩ ᠱᠠᠨ ᠲᠤᠳᠤᠷᠭ᠎ᠠ ᠲᠠᠢ ᠮᠦᠷ ᠵᠡᠷᠭᠡᠴᠡᠭᠥᠯᠥᠨ ᠤᠬᠠᠭᠤᠯᠤᠨ ᠳᠡᠯᠭᠡᠷᠡᠭᠥᠯᠵᠥ᠂ ᠪᠦᠬᠥ ᠤᠷᠤᠨ ᠴᠢᠨᠠᠭᠰᠢᠯᠠᠪᠠᠯ ᠪᠦᠬᠥ ᠤᠯᠤᠰ ᠤ᠋ᠨ ᠬᠡᠪᠴᠢᠶᠡᠨ ᠳ᠋ᠤ᠌ ᠬᠡᠷᠡᠭᠯᠡᠭᠴᠢᠳ ᠲᠤ᠌ ᠬᠦᠷᠭᠡᠭᠰᠡᠨ ᠪᠠᠢᠨ᠎ᠠ᠃


QQ20260717-170747.png


ᠮᠠᠩᠬᠠᠨ ᠨᠤᠲᠤᠭ ᠤ᠋ᠨ ᠮᠠᠯᠵᠢᠯ ᠤ᠋ᠨ ᠬᠤᠪᠢ ᠳ᠋ᠤ᠌ ᠠᠪᠴᠤ ᠬᠡᠯᠡᠪᠡᠯ᠂ ᠪᠡᠯᠴᠢᠭᠡᠷᠯᠡᠭᠥᠯᠬᠥ ᠶ᠋ᠢ ᠴᠠᠭᠠᠵᠠᠯᠠᠨ ᠡᠯᠡᠰᠥᠷᠬᠡᠭᠵᠢᠬᠥ ᠶ᠋ᠢ ᠰᠡᠷᠭᠡᠢᠯᠡᠬᠥ᠂ ᠰᠡᠯᠬᠥᠨ ᠮᠠᠯᠵᠢᠬᠤ᠂ ᠬᠠᠰᠢᠶᠠᠯᠠᠬᠤ᠂ ᠪᠤᠷᠳᠤᠬᠤ᠂ ᠡᠭᠥᠯᠳᠡᠷ ᠰᠠᠢᠵᠢᠷᠠᠭᠤᠯᠬᠤ ᠵᠡᠷᠭᠡ ᠤᠯᠠᠨ ᠠᠷᠭ᠎ᠠ ᠵᠠᠮ ᠢ᠋ ᠬᠡᠷᠡᠭᠵᠢᠭᠥᠯᠵᠥ᠂ ᠵᠠᠬ᠎ᠠ ᠳᠡᠯᠭᠡᠭᠥᠷ ᠤ᠋ᠨ ᠬᠠᠨᠳᠤᠰᠢ ᠶ᠋ᠢ ᠠᠩᠬᠠᠷᠤᠨ᠂ ᠠᠷᠠᠴᠢᠯᠠᠵᠤ ᠲᠡᠵᠢᠭᠡᠬᠥ ᠲᠤᠭ᠎ᠠ ᠨᠤᠷᠮ᠎ᠠ᠂ ᠲᠦᠷᠥᠯ ᠵᠦᠢᠯ ᠵᠡᠷᠭᠡ ᠶ᠋ᠢ ᠪᠤᠳᠠᠳᠠᠢᠵᠢᠭᠤᠯᠵᠤ᠂ ᠱᠠᠩᠨᠠᠨ ᠲᠤᠷᠭᠠᠬᠤ᠂ ᠳᠡᠮᠵᠢᠨ ᠬᠠᠷᠠᠭᠠᠯᠵᠠᠬᠤ ᠲᠦᠷᠥ ᠶ᠋ᠢᠨ ᠪᠤᠳᠤᠯᠭ᠎ᠠ ᠠᠪᠴᠤ᠂ ᠠᠯᠠᠰᠢᠨ ᠤ᠋᠂ ᠰᠠᠭᠠᠯᠢ ᠶ᠋ᠢᠨ᠂ ᠨᠤᠤᠯᠤᠭᠤᠷ ᠤ᠋ᠨ ᠭᠡᠵᠥ ᠲᠦᠷᠥᠯ ᠢᠯᠭᠠᠨ ᠴᠠᠭ ᠤ᠋ᠨ ᠦᠩᠭᠡ ᠶ᠋ᠢ ᠦᠵᠡᠨ ᠲᠡᠵᠢᠭᠡᠬᠥ ᠬᠦᠳᠡᠯᠥᠩᠭᠥᠢ ᠠᠷᠭ᠎ᠠ ᠠᠪᠴᠠᠯ ᠬᠡᠷᠡᠭᠵᠢᠭᠥᠯᠥᠭᠰᠡᠨ ᠠ᠋ᠴᠠ ᠵᠠᠬ᠎ᠠ ᠳᠡᠯᠭᠡᠭᠥᠷ ᠤ᠋ᠨ ᠦᠨ᠎ᠡ ᠬᠠᠩᠰᠢ ᠶ᠋ᠢᠨ ᠨᠦᠯᠥᠭᠡ ᠠ᠋ᠴᠠ ᠴᠢᠳᠠᠬᠤ ᠶ᠋ᠢᠨ ᠬᠢᠷᠢ ᠪᠡᠷ ᠵᠠᠢᠯᠠᠭᠤᠯᠵᠤ᠂ ᠵᠠᠷᠤᠯᠭ᠎ᠠ ᠶ᠋ᠢ ᠪᠠᠭᠠᠰᠬᠠᠨ ᠤᠷᠤᠯᠭ᠎ᠠ ᠶ᠋ᠢ ᠨᠡᠮᠡᠭᠳᠡᠭᠥᠯᠥᠭᠰᠡᠨ ᠪᠠᠢᠨ᠎ᠠ᠃

ᠶᠡᠭᠡ ᠬᠡᠪᠴᠢᠶ᠎ᠡ᠎ᠪᠠᠷ ᠡᠯᠡᠰᠥ ᠶ᠋ᠢ ᠵᠠᠰᠠᠭᠰᠠᠨ ᠰᠠᠭᠤᠷᠢᠨ ᠳᠡᠭᠡᠷ᠎ᠡ᠂  ᠤᠩᠨᠢᠭᠤᠳ ᠬᠤᠰᠢᠭᠤ ᠨᠢ ᠠᠮᠢ ᠠᠬᠤᠢ᠎ᠶᠢ ᠪᠠᠬᠢᠵᠢᠭᠦᠯᠬᠦ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠲᠦᠷᠦᠯ ᠵᠦᠢᠯ᠎ᠤᠨ ᠲᠣᠭᠤᠷᠢᠭ᠋ ᠤ᠋ᠨ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠬᠠᠮᠠᠭᠠᠯᠠᠯᠲᠠ᠎ᠶᠢ ᠪᠦᠬᠦ ᠲᠠᠯ᠎ᠠ᠎ᠪᠠᠷ ᠠᠬᠢᠭᠤᠯᠵᠤ᠂ ᠪᠡᠯᠴᠢᠭᠡᠷᠯᠡᠬᠦᠯᠬᠦ ᠶ᠋ᠢ ᠴᠠᠭᠠᠵᠠᠯᠠᠬᠤ᠂ ᠦᠷᠳᠡᠭ ᠢ᠋ ᠨᠢ ᠨᠡᠮᠡᠭᠳᠡᠭᠦᠯᠦᠨ ᠨᠤᠭᠤᠭᠠᠷᠠᠭᠤᠯᠤᠯᠳᠠ ᠶ᠋ᠢ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠎ᠪᠠᠷ ᠤᠢ ᠰᠢᠭᠤᠢ ᠡᠪᠡᠰᠦ ᠪᠡᠯᠴᠢᠭᠡᠷ᠎ᠤᠨ ᠪᠦᠲᠦᠴᠡ᠎ᠶᠢ ᠦᠷᠭᠦᠯᠵᠢᠯᠡᠨ ᠰᠢᠯᠢᠳᠡᠭᠵᠢᠭᠦᠯᠵᠦ᠂ ᠤᠷᠭᠤᠮᠠᠯ᠎ᠤᠨ ᠬᠤᠴᠢᠯᠭ᠎ᠠ ᠪᠣᠯᠤᠨ ᠠᠮᠢᠵᠢᠷᠠᠯ᠎ᠤᠨ ᠬᠦᠴᠦᠨ᠎ᠢ ᠨᠢ ᠳᠡᠭᠡᠭᠰᠢᠯᠡᠭᠥᠯᠥᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号