《ᠨᠢᠭᠡ ᠬᠥᠮᠥᠨ》 ᠡᠴᠡ 《ᠨᠢᠭᠡ ᠪᠦᠯᠦᠭ ᠬᠥᠮᠦᠰ》 ᠬᠦᠷᠲᠡᠯ᠎ᠡ
2026-07-17 10:32:43
ᠵᠣᠬᠢᠶᠠᠭ᠍ᠴᠢ᠄
ᠼᠠᠢ ᠳ᠋ᠦᠩ ᠮᠧᠶ
ᠣᠩᠱᠢᠭ᠍ᠰᠠᠨ ᠣᠳᠠᠭ᠎ᠠ᠄
★★★☆☆

— ᠪᠦᠬᠦ ᠤᠯᠤᠰ᠎ᠤᠨ ᠰᠢᠯᠢᠳᠡᠭ ᠨᠠᠮ᠎ᠤᠨ ᠠᠵᠢᠯᠲᠠᠨ ᠡᠦ ᠰᠢᠤ ᠹᠧᠩ᠎ᠢ ᠰᠤᠷᠪᠤᠯᠵᠢᠯᠠᠭᠰᠠᠨ ᠨᠢ

 

ᠬᠡᠦᠬᠡᠳ᠎ᠦᠨ ᠴᠡᠴᠡᠷᠯᠢᠭ ᠪᠣᠯᠣᠨ ᠬᠥᠭᠵᠢᠶᠡᠨ ᠨᠠᠷᠭᠢᠶᠠᠨᠲᠤ ᠴᠤᠭᠯᠠᠭ᠎ᠠ ᠮᠠᠢᠮᠠᠢ ᠪᠡᠷ ᠥᠩᠭᠡᠷᠡᠨ ᠪᠤᠭᠤᠲᠤ ᠬᠣᠲᠠ᠎ᠶᠢᠨ ᠬᠥᠨᠳᠡᠯᠡᠨ ᠲᠣᠭᠣᠷᠢᠭ᠋᠎ᠤᠨ ᠬᠠᠲᠤᠨ ᠭᠣᠣᠯ ᠪᠠᠷᠠᠭᠤᠨ ᠵᠠᠮ᠎ᠤᠨ ᠵᠡᠭᠡᠯᠢ ᠭᠤᠳᠤᠮᠵᠢ᠎ᠶᠢᠨ ᠨᠥᠬᠥᠷᠯᠡᠯ 19 ᠬᠤᠷᠢᠶᠠᠯᠠᠯ᠎ᠤᠨ ᠵᠡᠭᠦᠨ ᠡᠮᠦᠨ᠎ᠡ ᠥᠨᠴᠥᠭ ᠲᠦ᠍ ᠦᠪᠡᠷ ᠵᠢᠡᠨ ᠪᠠᠷᠢᠬᠰᠠᠨ ᠰᠡᠷᠡᠯᠵᠢᠳᠦ ᠬᠦᠷᠢᠶ᠎ᠡ ᠵᠢᠨ ᠭᠠᠳᠠᠨ᠎ᠠ᠂ ᠰᠤᠷᠪᠤᠯᠵᠢᠯᠠᠭ᠍ᠴᠢ ᠨᠦᠬᠦᠷᠯᠡᠯ 19 ᠬᠤᠷᠢᠶᠠᠯᠠᠯ᠎ᠤᠨ ᠲᠦᠷᠪᠡᠳᠦᠭᠡᠷ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶᠠᠨ᠎ᠤ ᠱᠦᠵᠢ᠂ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭᠴᠢ ᠡᠦ  ᠰᠢᠤ ᠹᠧᠩ᠎ᠲᠠᠢ ᠠᠭᠤᠯᠵᠠᠪᠠ᠃

《ᠴᠧᠩ ᠠᠪᠠᠭ᠎ᠠ ᠡ᠂ ᠬᠡᠷᠪᠡ ᠨᠢᠭᠡ ᠠᠰᠠᠷ᠎ᠲᠤ ᠠᠢᠯ ᠡᠷᠦᠬᠡ ᠪᠣᠯᠭᠠᠨ ᠭᠠᠵᠠᠷ ᠬᠦᠷᠢᠶᠡᠯᠡᠵᠦ ᠨᠣᠭᠣᠭ᠎ᠠ ᠲᠠᠷᠢᠵᠤ᠂ ᠡᠯᠳᠡᠪ ᠶᠠᠭᠤᠮ᠎ᠠ ᠣᠪᠣᠭᠠᠯᠠᠬᠤ᠎ᠳᠤ ᠬᠦᠷᠪᠡᠯ᠂ ᠮᠠᠨ᠎ᠤ ᠰᠠᠭᠤᠭᠠᠯᠢ ᠠᠷᠠᠳ᠎ᠤᠨ ᠲᠤᠭᠤᠷᠢᠬ ᠲᠦ᠍  ᠪᠠᠰᠠ ᠨᠡᠶ᠋ᠢᠲᠡ᠎ᠶᠢᠨ ᠵᠦᠯᠬᠡ ᠭᠠᠵᠠᠷ ᠦᠯᠡᠳᠡᠵᠦ ᠴᠢᠳᠠᠨ᠎ᠠ ᠬᠡᠵᠢ᠎ᠦᠦ?》  ᠭᠡᠵᠦ ᠦ᠋ ᠰᠢᠤ ᠹᠸᠩ ᠰᠠᠭᠤᠭᠠᠯᠢ ᠠᠷᠠᠳ᠎ᠲᠤ ᠦᠵᠠᠯ ᠰᠠᠨᠠᠭᠠᠨ᠎ᠤ ᠠᠵᠢᠯ ᠬᠢᠨ᠎ᠠ᠃ ᠨᠥᠬᠥᠷᠯᠡᠯ 19 ᠬᠤᠷᠢᠶᠠᠯᠠᠯ᠎ᠢ ᠳᠡᠭᠡᠷ᠎ᠡ ᠵᠠᠭᠤᠨ᠎ᠤ ᠶᠡᠷᠡᠭᠡᠳ ᠣᠨ᠎ᠤ ᠡᠬᠢ᠎ᠪᠡᠷ ᠪᠠᠢᠭᠤᠯᠤᠭᠰᠠᠨ ᠶᠤᠮ᠂ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠦᠨ ᠪᠦᠲᠦᠭᠡᠨ ᠪᠠᠢᠭᠤᠯᠤᠭᠰᠠᠨ ᠠᠵᠢᠯᠲᠠᠨ ᠠᠵᠢᠯᠴᠢᠨ᠎ᠤ ᠠᠰᠠᠷᠠᠮᠵᠢ᠎ᠶᠢᠨ ᠣᠷᠣᠨ ᠰᠠᠭᠤᠴᠠ ᠪᠣᠯᠣᠨ᠎ᠠ᠂ ᠮᠥᠨᠴᠦ ᠣᠳᠣᠬᠠᠨ᠎ᠳᠤ ᠪᠤᠭᠤᠲᠤ ᠬᠤᠳᠠ᠎ᠶᠢᠨ ᠣᠷᠣᠰᠢᠨ ᠰᠠᠭᠤᠭ᠎ᠠ ᠬᠥᠮᠥᠨ ᠠᠮᠠ᠎ᠪᠠᠷ ᠬᠠᠮᠤᠭ᠎ᠤᠨ ᠤᠯᠠᠨ ᠲᠣᠮᠣ᠌ ᠬᠡᠯᠪᠡᠷᠢ᠎ᠶᠢᠨ ᠰᠠᠭᠤᠭᠠᠯᠢ ᠠᠷᠠᠳ᠎ᠤᠨ ᠲᠣᠭᠣᠷᠢᠭ᠋ ᠪᠣᠯᠣᠨ᠎ᠠ᠃ ᠥᠨᠥᠳᠥᠷ ᠪᠣᠯᠲᠠᠯ᠎ᠠ ᠰᠠᠭᠤᠭᠠᠯᠢ ᠠᠷᠠᠳ᠎ᠤᠨ ᠲᠣᠭᠣᠷᠢᠭ᠋᠎ᠤᠨ 12412 ᠡᠷᠦᠬᠡ ᠰᠠᠭᠤᠭᠠᠯᠢ ᠠᠷᠠᠳ᠎ᠤᠨ ᠳᠣᠲᠣᠷ᠎ᠠ᠂ ᠭᠤᠷᠪᠠᠨ᠎ᠤ ᠬᠣᠶᠠᠷ ᠬᠤᠪᠢ ᠨᠢ ᠮᠦᠨ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠦᠨ ᠠᠵᠢᠯ᠎ᠡᠴᠨ ᠎ᠪᠠᠨ ᠠᠮᠠᠷᠠᠭᠰᠠᠨ ᠠᠵᠢᠯᠲᠠᠨ ᠠᠵᠢᠯᠴᠢᠨ ᠪᠠᠢᠵᠤ᠂ ᠬᠥᠷᠰᠢ ᠵᠡᠷᠭᠡᠯᠡᠳᠡᠭᠡ᠎ᠶᠢᠨ ᠬᠠᠢᠷ᠎ᠠ ᠰᠡᠳᠬᠢᠯᠭᠡ ᠬᠦᠨ ᠵᠤᠵᠠᠭᠠᠨ᠂ ᠠᠮᠢᠳᠤᠷᠠᠯ ᠤ᠋ᠨ ᠠᠭᠤᠷ ᠠᠮᠢᠰᠬᠤᠯ ᠵᠢᠡᠷ ᠪᠢᠯᠬᠠᠮ᠎ᠠ ᠬᠡᠳᠡᠭ ᠪᠤᠯᠪᠠᠴᠤ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋᠎ᠤᠨ ᠵᠠᠰᠠᠯᠲᠠ ᠵᠢᠨ ᠭᠡᠮ ᠰᠤᠭᠤᠭ ᠪᠠᠰᠠ ᠤᠯᠠᠨ ᠪᠤᠢ᠃

《2022 ᠣᠨ᠎ᠳᠤ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋᠎ᠢ ᠥᠭᠡᠷᠡᠴᠢᠯᠡᠨ ᠰᠢᠨᠡᠳᠬᠡᠬᠦ ᠠᠵᠢᠯ᠎ᠢ ᠲᠠᠭᠤᠰᠬᠠᠨ᠂ 2024 ᠣᠨ᠎ᠳᠤ ᠨᠡᠢᠭᠡᠮ ᠲᠣᠭᠣᠷᠢᠭ᠋᠎ᠤᠨ ᠬᠣᠭᠣᠯᠠᠨ ᠲᠢᠩᠬᠢᠮ᠎ᠢ ᠠᠰᠢᠭ᠍ᠯᠠᠯᠲᠠ᠎ᠳᠤ ᠣᠷᠣᠭᠤᠯᠵᠤ᠂ 2025 ᠣᠨ᠎ᠳᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠥᠪ᠎ᠢ ᠠᠵᠢᠯᠯᠠᠭᠤᠯᠵᠤ᠂ ᠰᠠᠭᠤᠷᠢ ᠲᠦᠬᠦᠭᠡᠷᠦᠮᠵᠢ ᠪᠠᠨ ᠰᠠᠢᠵᠢᠷᠠᠭᠤᠯᠪᠠ》 ᠭᠡᠵᠦ ᠡᠦ ᠰᠢᠦ ᠹᠸᠩ ᠴᠧᠩ ᠠᠪᠠᠭ᠎ᠠ᠎ᠳ᠋ᠤ ᠬᠦᠯᠢᠴᠡᠩᠬᠦᠢ ᠪᠡᠷ ᠲᠠᠢᠯᠪᠦᠷᠢᠯᠠᠬᠰᠡᠨ ᠡᠴᠠ ᠪᠤᠯᠵᠦ ᠲᠠᠷᠠ ᠪᠠᠢᠳᠠᠯ᠎ᠢ ᠤᠢᠯᠠᠭᠠᠨ ᠬᠠᠰᠢᠶ᠎ᠠ ᠪᠠᠨ ᠠᠷᠢᠯᠭᠠᠨ ᠴᠠᠪᠠᠷᠯᠡᠪᠡ᠃

ᠴᠧᠩ ᠠᠪᠠᠭ᠎ᠠ ᠴᠤ᠌ 2001 ᠣᠨ᠎ᠳᠤ᠂ ᠲᠤᠬᠠᠢ᠎ᠶᠢᠨ ᠦᠶ᠎ᠡ᠎ᠳᠦ 40 ᠨᠠᠰᠤᠲᠠᠢ ᠪᠠᠢᠬᠰᠠᠨ ᠡᠦ ᠰᠢᠤ ᠹᠸᠩ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠡᠴᠡ ᠠᠵᠢᠯ᠎ᠤᠨ ᠪᠠᠢᠷᠢ᠎ᠡᠴᠨ ᠪᠠᠨ ᠪᠠᠭᠤᠵᠤ᠂ ᠨᠥᠬᠥᠷᠯᠡᠯ 19 ᠬᠤᠷᠢᠶᠠᠯᠠᠯ᠎ᠤᠨ ᠲᠦᠷᠪᠡᠳᠦᠭᠡᠷ ᠨᠡᠢᠭᠡᠮ ᠲᠣᠭᠣᠷᠢᠭ᠋᠎ᠲᠤ ᠢᠷᠡᠵᠤ᠂ ᠦᠨᠳᠦᠰᠦᠨ ᠱᠠᠲᠤᠨ᠎ᠤ ᠨᠢᠭᠡᠨ ᠠᠵᠢᠯᠲᠠᠨ᠎ᠪᠤᠯᠵᠤ᠂ 25 ᠬᠠᠪᠤᠷ ᠨᠠᠮᠤᠷ᠎ᠢ ᠥᠩᠭᠡᠷᠡᠭᠦᠯᠵᠡᠢ᠃

ᠲᠡᠷᠡ ᠰᠠᠶᠢ ᠡᠳᠡᠬᠡᠷ ᠠᠵᠢᠯ ᠎ᠢ ᠬᠦᠯᠢᠶᠡᠨ ᠠᠪᠬᠤ ᠦᠶᠡᠰ ᠨᠡᠢᠭᠡᠮ ᠲᠣᠭᠣᠷᠢᠭ᠋᠎ᠤᠨ ᠨᠠᠮ᠎ᠤᠨ ᠭᠡᠰᠢᠭᠦᠨ᠎ᠦ ᠬᠦᠴᠦᠨ ᠪᠠᠭᠤᠷᠠᠢ ᠪᠠᠢᠪᠠ᠃ ᠡᠢᠮᠦ ᠶᠡᠬᠡ ᠬᠤᠷᠢᠶᠠᠯᠠᠯ᠎ᠢ ᠬᠠᠷᠠᠭᠠᠳ ᠡᠦ ᠰᠢᠦ ᠹᠸᠩ᠄ 《ᠵᠥᠪᠬᠡᠨ ᠬᠡᠳᠦᠭᠡᠨ ᠨᠡᠢᠭᠡᠮ ᠲᠣᠭᠣᠷᠢᠭ᠋᠎ᠤᠨ ᠺᠠᠳ᠋ᠷ᠎ᠲᠤ ᠲᠦᠰᠢᠭᠯᠡᠭᠡᠳ ᠪᠤᠯᠳᠠᠭ ᠪᠢᠰᠢ》 ᠬᠡᠳᠡᠭ᠎ᠢ ᠲᠡᠷᠡ ᠲᠤᠳᠤᠷᠬᠠᠢ ᠮᠡᠳᠡᠵᠡᠢ᠃  ᠡᠭᠦᠨ᠎ᠦ ᠲᠤᠯᠠᠳᠠ᠂ ᠲᠡᠷᠡ 《ᠨᠢᠭᠡ ᠲᠡᠩᠭᠡᠯᠢᠭ ᠳᠥᠷᠪᠡᠨ ᠬᠦᠷᠳᠦ》 ᠎ᠵᠢᠨ ᠨᠡᠢᠭᠡᠮ ᠲᠣᠭᠣᠷᠢᠭ᠋᠎ᠤᠨ ᠵᠠᠰᠠᠯᠲᠠ ᠦᠢᠯᠡᠴᠢᠯᠡᠭᠡ᠎ᠵᠢᠨ ᠲᠣᠭᠲᠠᠴᠠ᠎ᠶᠢ ᠡᠭᠦᠳᠦᠨ ᠬᠡᠷᠡᠭᠵᠢᠬᠦᠯᠵᠦ᠂ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶ᠎ᠠ᠎ᠪᠠᠷ ᠲᠡᠩᠭᠡᠯᠢᠭ ᠪᠣᠯᠭᠠᠵᠤ᠂ 《ᠬᠤᠪᠢᠰᠬᠠᠯ᠎ᠤᠨ ᠲᠦᠷᠦᠭᠦᠴᠢ ᠭᠠᠯᠠᠭᠤ》 ᠎ᠪᠠᠷ ᠬᠥᠳᠡᠯᠭᠡᠬᠦ ᠬᠦᠴᠦᠨ᠎ᠦ ᠬᠦᠷᠳᠦ ᠪᠣᠯᠭᠠᠵᠤ᠂ 《ᠶᠡᠷᠦᠩᠬᠡᠢᠯᠡᠨ ᠬᠠᠤᠯᠢ ᠬᠡᠷᠡᠭᠵᠢᠭᠦᠯᠬᠦ》 ᠪᠠᠷ ᠪᠠᠲᠤᠯᠠᠭ᠎ᠠ᠎ᠶᠢᠨ ᠬᠦᠷᠳᠦ ᠪᠣᠯᠭᠠᠵᠤ᠂ 《ᠬᠠᠮᠲᠤ᠎ᠪᠠᠷ ᠪᠦᠲᠦᠭᠡᠨ ᠪᠠᠶ᠋ᠢᠭᠤᠯᠬᠤ ᠨᠢᠭᠡᠴᠢ》 ᠎ᠪᠠᠷ ᠲᠤᠯᠭᠠᠭᠤᠷᠢᠯᠠᠬᠤ ᠬᠦᠷᠳᠦ ᠪᠣᠯᠭᠠᠵᠤ᠂ 《ᠨᠠᠷᠢᠨ ᠭᠤᠳᠤᠮᠵᠢ᠎ᠶᠢᠨ ᠵᠣᠬᠢᠶᠠᠨ ᠪᠠᠢᠭᠤᠯᠤᠯᠲᠠ》 ᠪᠠᠷ ᠲᠤᠰᠠᠯᠠᠬᠤ ᠬᠦᠷᠳᠦ ᠪᠣᠯᠭᠠᠵᠤ᠂ ᠨᠡᠢᠭᠡᠮ ᠲᠣᠭᠣᠷᠢᠭ᠋᠎ᠤᠨ ᠨᠠᠮ᠎ᠤᠨ ᠭᠡᠰᠢᠭᠦᠨ᠎ᠢ ᠰᠠᠢᠨ ᠳᠤᠷ᠎ᠠ᠎ᠶᠢᠨ ᠦᠢᠯᠡᠴᠢᠯᠡᠭᠡ᠂ ᠵᠥᠷᠢᠴᠡᠯ᠎ᠢ ᠡᠶᠡᠳᠡᠭᠦᠯᠬᠦ ᠵᠡᠷᠭᠡ 10 ᠰᠠᠯᠠᠭ᠎ᠠ ᠣᠨᠴᠠᠯᠢᠭ᠍ᠲᠤ ᠡᠩᠨᠡᠭᠡ᠎ᠳᠦ ᠣᠷᠣᠭᠤᠯᠵᠤ᠂ ᠵᠠᠰᠠᠯᠲᠠ᠎ᠶᠢᠨ ᠬᠦᠴᠦᠨ᠎ᠢ ᠲᠣᠣᠷᠵᠢᠯ᠂ ᠠᠰᠠᠷ᠎ᠲᠤ ᠬᠦᠷᠲᠡᠯ᠎ᠡ ᠨᠠᠢᠳᠠᠪᠤᠷᠢᠵᠢᠭᠤᠯᠪᠠ᠃ 《ᠪᠤᠭᠤᠲᠦ ᠵᠢᠨ ᠬᠣᠰᠢᠭᠤᠴᠢ》 ᠣᠶᠤᠨᠲᠤ ᠲᠠᠪᠴᠠᠩ᠎ᠢ ᠠᠰᠢᠭ᠍ᠯᠠᠨ᠂ 240 ᠲᠤᠰᠢᠶᠠᠯ᠎ᠳᠤ ᠪᠠᠢᠭ᠎ᠠ ᠨᠠᠮ᠎ᠤᠨ ᠭᠡᠰᠢᠭᠦᠨ᠎ᠢ ᠳᠠᠶ᠋ᠢᠴᠢᠯᠠᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠦᠯᠵᠦ᠂ ᠪᠤᠳᠠᠳᠤ ᠴᠤᠭᠴᠠ ᠳ᠋ᠤ ᠦᠢᠯᠡᠴᠢᠯᠡᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠣᠯᠠᠨ ᠲᠦᠮᠡᠨ᠎ᠦ ᠢᠲᠡᠭᠡᠯ᠎ᠢ ᠣᠯᠪᠠ᠃ ᠡᠭᠦᠨ᠎ᠦ ᠬᠠᠮᠲᠤ ᠬᠠᠷᠢᠶ᠎ᠠ ᠣᠷᠣᠨ᠎ᠤ 34 ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠲᠠᠢ ᠲᠦᠷᠦᠭᠦᠯᠡᠨ ᠬᠣᠯᠪᠣᠭᠠᠯᠠᠵᠤ᠂ ᠬᠠᠮᠲᠤᠷᠠᠭᠰᠠᠨ ᠨᠠᠮ᠎ᠤᠨ ᠬᠣᠷᠢᠶᠠᠨ᠎ᠤ ᠬᠡᠷᠡᠭ ᠵᠥᠪᠯᠡᠬᠦ ᠥᠷᠲᠡᠭᠡ ᠪᠠᠢᠭᠤᠯᠵᠤ᠂ ᠣᠯᠠᠨ ᠲᠠᠯ᠎ᠠ᠎ᠶᠢᠨ ᠬᠦᠴᠦᠨ᠎ᠢ ᠨᠢᠭᠡᠳᠬᠡᠨ᠂ ᠨᠡᠢᠭᠡᠮ ᠲᠣᠭᠣᠷᠢᠭ᠋᠎ᠤᠨ ᠵᠠᠰᠠᠯᠲᠠ᠎ᠶᠢᠨ ᠦᠷ᠎ᠡ ᠪᠦᠲᠦᠮᠵᠢ᠎ᠶᠢ ᠲᠠᠰᠤᠷᠠᠯᠲᠠ ᠦᠭᠡᠢ ᠥᠷᠭᠡᠳᠬᠡᠪᠡ᠃

《ᠠᠰᠠᠷ᠎ᠤᠨ ᠬᠣᠩᠭᠢᠯ᠎ᠳᠠᠬᠢ ᠰᠦᠯᠵᠢᠶᠡᠨ ᠤᠲᠠᠰᠤ  ᠡᠷᠦᠢ ᠬᠤᠷᠤᠢ ᠦᠭᠡᠢ ᠪᠠᠢᠨ᠎ᠠ᠂ ᠬᠣᠯᠪᠣᠭᠳᠠᠯ ᠪᠦᠬᠦᠢ ᠨᠢᠭᠡᠴᠢ᠎ᠲᠠᠢ ᠬᠠᠷᠢᠯᠴᠠᠵᠤ ᠡᠮᠬᠢᠯᠡᠨ ᠲᠢᠭᠯᠡᠵᠦ ᠪᠣᠯᠣᠨ᠎ᠠ ᠦᠦ ᠦᠭᠡᠢ ᠦᠦ?》᠂ 《ᠮᠠᠨ᠎ᠤ ᠰᠠᠭᠤᠭᠠᠯᠢ ᠠᠷᠠᠳ᠎ᠤᠨ ᠲᠣᠭᠣᠷᠢᠭ᠋᠎ᠲᠤ ᠮᠠᠰᠢᠨ ᠲᠡᠷᠭᠡᠨ᠎ᠦ ᠣᠷᠣ᠌ ᠨᠡᠯᠢᠶᠡᠳ ᠣᠯᠠᠨ᠂ ᠲᠤᠭᠤᠢ ᠲᠡᠷᠭᠡᠨ᠎ᠦ ᠣᠷᠣ᠌ ᠴᠥᠭᠡᠨ ᠪᠠᠢᠨ᠎ᠠ》 ᠁ ᠠᠯᠢ ᠣᠯᠠᠨ ᠠᠰᠠᠭᠤᠳᠠᠯ ᠵᠠᠯᠭᠠᠭ᠎ᠠ᠎ᠪᠠᠷ ᠢᠯᠡᠷᠡᠵᠦ᠂ ᠬᠠᠮᠲᠤ᠎ᠪᠠᠷ ᠪᠠᠶ᠋ᠢᠭᠤᠯᠬᠤ ᠨᠢᠭᠡᠴᠢ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤ᠎ᠪᠠᠷ ᠰᠢᠢᠳᠪᠦᠷᠢᠯᠡᠬᠦ ᠲᠥᠰᠥᠯ᠎ᠢ ᠵᠥᠪᠳᠡᠯᠴᠡᠪᠡ᠃

ᠤᠳᠤ᠂ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶᠠᠨ᠎ᠤ ᠳᠠᠭᠠᠭᠤᠯᠭ᠎ᠠ ᠳᠣᠣᠷ᠎ᠠ᠂ ᠬᠠᠮᠲᠤ ᠪᠠᠷ ᠪᠠᠶ᠋ᠢᠭᠤᠯᠬᠤ ᠨᠢᠭᠡᠴᠢ ᠨᠤᠬᠦᠳ ᠰᠠᠨᠠᠭᠠᠴᠢᠯᠠᠭ᠎ᠠ᠎ᠠᠴᠠ᠎ᠪᠠᠨ ᠬᠣᠰᠢᠭᠤᠷᠠᠨ ᠤᠷᠤᠭᠰᠢᠯᠠᠵᠤ᠂ ᠬᠦᠴᠦ᠎ᠪᠡᠨ ᠬᠠᠮᠲᠤᠳᠬᠠᠨ ᠪᠣᠭᠣᠮᠲᠠ ᠰᠢᠪᠲᠤᠯᠵᠤ᠂ ᠤᠯᠠᠨ ᠲᠦᠮᠡᠨ᠎ᠦ ᠪᠠᠴᠢᠮᠳᠠᠵᠦ ᠬᠦᠴᠢᠷᠳᠡᠵᠦ ᠵᠤᠪᠠᠨᠢᠵᠦ ᠬᠦᠰᠡᠵᠦ ᠪᠠᠢᠭ᠎ᠠ 689 ᠠᠰᠠᠭᠤᠳᠠᠯ᠎ᠢ ᠴᠤᠭᠯᠠᠭᠤᠯᠤᠨ ᠰᠢᠢᠳᠪᠦᠷᠢᠯᠡᠪᠡ; ᠬᠡᠳᠦᠨ ᠬᠥᠮᠥᠨ᠎ᠡᠴᠡ 700 ᠭᠠᠷᠤᠢ ᠬᠥᠮᠥᠨ᠎ᠲᠠᠢ ᠨᠡᠢᠭᠡᠮ ᠲᠣᠭᠣᠷᠢᠭ᠋᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ ᠪᠣᠯᠣᠨ ᠪᠤᠵᠠᠭᠠᠢᠷᠠᠬᠰᠡᠨ ᠡᠴᠡ ᠨᠡᠢᠭᠡᠮ ᠲᠣᠭᠣᠷᠢᠭ᠋᠎ᠤᠨ 3200 ᠭᠠᠷᠤᠢ ᠪᠣᠳᠠᠲᠠᠢ ᠶᠠᠪᠤᠳᠠᠯ᠎ᠢ ᠰᠢᠢᠳᠪᠦᠷᠢᠯᠡᠪᠡ᠃

ᠠᠷᠠᠳ᠎ᠤᠨ ᠰᠠᠨᠠᠭ᠎ᠠ᠎ᠶᠢ ᠨᠡᠩ ᠰᠢᠭᠤᠳ ᠰᠢᠯᠤᠭᠤᠨ ᠢᠯᠡᠳᠬᠡᠵᠦ᠂ ᠬᠦᠰᠡᠯ ᠱᠠᠭᠠᠷᠳᠠᠯᠭ᠎ᠠ᠎ᠶᠢ ᠨᠡᠩ ᠥᠨᠳᠥᠷ ᠪᠦᠲᠦᠮᠵᠢᠲᠡᠢ ᠰᠢᠢᠳᠪᠦᠷᠢᠯᠡᠬᠦ᠎ᠶᠢᠨ ᠲᠥᠯᠥᠭᠡ᠂ ᠦ᠋ ᠰᠢᠤ ᠹᠸᠩ 《ᠵᠤᠤᠬ᠎ᠠ ᠪᠠᠨ ᠬᠦᠷᠢᠶᠡᠯᠡᠵᠦ ᠰᠠᠭᠤᠭᠠᠳ ᠵᠤᠭᠤᠬᠳᠠᠬᠤ》 ᠠᠷᠠᠳᠴᠢᠯᠠᠯ᠎ᠢᠶᠠᠷ ᠵᠥᠪᠯᠡᠬᠦ ᠲᠠᠪᠴᠠᠩ᠎ᠢ ᠪᠠᠢᠭᠤᠯᠵᠤ᠂ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠲᠠᠢ ᠬᠠᠮᠲᠤ ᠰᠠᠭᠤᠯᠴᠠᠨ ᠠᠷᠠᠳ᠎ᠤᠨ ᠠᠮᠢᠳᠤᠷᠠᠯ᠎ᠤᠨ ᠲᠤᠬᠠᠢ ᠶᠠᠷᠢᠯᠴᠠᠵᠤ᠂ ᠬᠥᠭᠵᠢᠯᠲᠡ᠎ᠶᠢ ᠵᠥᠪᠯᠡᠪᠡ; ᠰᠦᠯᠵᠢᠶᠡᠨ ᠳᠡᠭᠡᠷ᠎ᠡ 《ᠱᠦᠵᠢ ᠲᠠᠨ᠎ᠤ ᠬᠡᠯᠡᠬᠦ᠎ᠶᠢ ᠰᠣᠨᠣᠰᠤᠶ᠎ᠠ》 ᠰᠢᠭᠤᠳ ᠨᠡᠪᠲᠡᠷᠡᠭᠦᠯᠭᠡ᠎ᠶᠢᠨ ᠲᠠᠰᠤᠭ ᠭᠠᠷᠭᠠᠵᠤ᠂ ᠰᠠᠭᠤᠭᠠᠯᠢ ᠠᠷᠠᠳ᠎ᠤᠨ ᠬᠦᠰᠡᠯ ᠱᠠᠭᠠᠷᠳᠠᠯᠭ᠎ᠠ᠎ᠪᠠᠨ ᠢᠯᠡᠳᠬᠡᠬᠦ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠪᠡ᠃ ᠰᠠᠷ᠎ᠠ ᠪᠦᠷᠢ ᠲᠣᠭᠲᠠᠮᠠᠯ ᠬᠤᠭᠤᠴᠠᠭ᠎ᠠ᠎ᠲᠠᠢ᠎ᠪᠠᠷ ᠠᠷᠠᠳ᠎ᠤᠨ ᠪᠠᠢᠳᠠᠯ᠎ᠢ ᠦᠨᠡᠨᠴᠢ᠎ᠪᠡᠷ ᠶᠠᠷᠢᠯᠴᠠᠬᠤ ᠬᠤᠷᠠᠯ ᠬᠢᠵᠦ᠂ ᠰᠠᠭᠤᠭᠠᠯᠢ ᠠᠷᠠᠳ᠎ᠤᠨ ᠲᠥᠯᠥᠭᠡᠯᠡᠭᠴᠢ᠂ ᠬᠠᠮᠲᠤ᠎ᠪᠠᠷ ᠪᠠᠶ᠋ᠢᠭᠤᠯᠬᠤ ᠨᠢᠭᠡᠴᠢ᠎ᠶᠢ ᠤᠷᠢᠵᠤ ᠨᠢᠭᠤᠷᠲᠠᠨ ᠵᠥᠪᠯᠡᠭᠦᠯᠵᠦ᠂ ᠠᠰᠠᠭᠤᠳᠠᠯ᠎ᠢ ᠶᠠᠷᠢᠵᠤ᠂ ᠰᠡᠵᠢᠭ᠎ᠢ ᠠᠯᠳᠠᠷᠠᠭᠠᠪᠠ᠃ ᠲᠡᠭᠦᠨ᠎ᠦ ᠳᠠᠭᠠᠭᠤᠯᠭ᠎ᠠ᠎ᠪᠠᠷ ᠨᠡᠢᠭᠡᠮ ᠲᠣᠭᠣᠷᠢᠭ᠋᠎ᠲᠤ ᠰᠠᠢᠨ ᠳᠤᠷ᠎ᠠ᠎ᠶᠢᠨ ᠠᠵᠢᠯᠯᠠᠭ᠍ᠰᠠᠳ ᠪᠦᠯᠦᠭ ᠪᠦᠯᠦᠭ᠎ᠢᠶᠡᠷ ᠴᠣᠯᠭᠣᠷᠠᠨ ᠭᠠᠷᠴᠤ᠂ ᠬᠥᠮᠥᠨ ᠪᠦᠷᠢ 《ᠦ᠋ ᠰᠢᠸ᠋ ᠹᠧᠩ ᠮᠠᠶᠢᠭ᠋》 ᠤ᠋ᠨ ᠰᠡᠳᠬᠢᠯ᠎ᠢ ᠳᠤᠯᠠᠭᠠᠴᠠᠭᠤᠯᠤᠭ᠍ᠴᠢ ᠪᠣᠯᠬᠤ᠎ᠪᠠᠷ ᠮᠡᠷᠡᠢᠨ ᠴᠢᠷᠮᠠᠢᠵᠠᠭᠠᠪᠠ᠃ 92 ᠨᠠᠰᠤᠲᠠᠢ ᠠᠬᠠᠮᠠᠳ ᠨᠠᠮ᠎ᠤᠨ ᠭᠡᠰᠢᠭᠦᠨ ᠯᠢ ᠭᠦᠸᠧ ᠴᠢᠩ ᠦᠷᠭᠦᠯᠵᠢ ᠰᠢᠭᠤᠳ ᠨᠡᠪᠲᠡᠷᠡᠭᠦᠯᠭᠡ᠎ᠶᠢᠨ ᠳᠠᠰᠤᠭ᠎ᠲᠤ ᠣᠷᠣᠵᠤ ᠭᠡᠷ᠎ᠦᠨ ᠰᠤᠷᠲᠠᠯ᠎ᠤᠨ ᠦᠯᠢᠭᠡᠷ᠎ᠢᠶᠡᠨ ᠬᠤᠪᠢᠶᠠᠯᠴᠠᠳᠠᠭ᠃ ᠲᠡᠷᠡ ᠦᠷᠭᠦᠯᠵᠢ᠄《ᠨᠡᠢᠭᠡᠮ ᠲᠣᠭᠣᠷᠢᠭ᠋ ᠪᠣᠯ ᠮᠢᠨᠤ ᠭᠡᠷ᠂ ᠬᠠᠪᠰᠤᠷᠬᠤ ᠨᠢ ᠵᠦᠢᠲᠡᠢ》 ᠭᠡᠵᠦ ᠬᠡᠯᠡᠳᠡᠭ᠃

《ᠪᠢ ᠠᠵᠢᠯ᠎ᠠᠴᠠ᠎ᠪᠠᠨ ᠲᠠᠷᠬᠠᠯᠠᠭᠳᠠᠭᠰᠠᠨ ᠪᠤᠯᠪᠠᠴᠦ ᠪᠤᠭᠤᠲᠤ᠎ᠶᠢᠨ ᠪᠣᠯᠣᠳ ᠲᠡᠮᠦᠷ᠎ᠦᠨ ᠦᠢᠯᠡᠳᠪᠦᠷᠢ᠎ᠶᠢᠨ ᠲᠠᠰᠤᠭ᠎ᠲᠤ ᠴᠠᠭᠠᠷᠠᠭᠰᠠᠨ ᠤᠷ᠎ᠠ ᠮᠡᠷᠭᠡᠵᠢᠯ᠎ᠢᠶᠡᠨ ᠠᠯᠳᠠᠭᠰᠠᠨ ᠦᠭᠡᠢ》 ᠭᠡᠵᠦ 69 ᠨᠠᠰᠤᠲᠠᠢ ᠨᠠᠮ᠎ᠤᠨ ᠭᠡᠰᠢᠭᠦᠨ ᠰᠠᠢᠨ ᠳᠤᠷ᠎ᠠ᠎ᠶᠢᠨ ᠠᠵᠢᠯᠯᠠᠭ᠍ᠴᠢ ᠶᠠᠨ ᠰᠢᠸ᠋ ᠬᠤᠸᠠ ᠵᠡᠭᠡᠯᠢ ᠭᠤᠳᠤᠮᠵᠢ᠎ᠪᠠᠷ ᠲᠤᠭᠤᠷᠢᠨ ᠰᠠᠭᠤᠭᠠᠯᠢ ᠠᠷᠠᠳ᠎ᠤᠨ  ᠭᠡᠷ᠎ᠦᠨ ᠴᠠᠬᠢᠯᠭᠠᠨ ᠬᠡᠷᠡᠭᠰᠡᠯ᠎ᠢ ᠰᠡᠯᠪᠢᠨ ᠵᠠᠰᠠᠵᠤ ᠥᠭᠳᠡᠭ᠃

ᠣᠢᠷ᠎ᠠ᠎ᠶᠢᠨ ᠵᠢᠯ᠎ᠡᠴᠡ᠂ ᠦ᠋ ᠰᠢᠸ᠋ ᠹᠸᠩ ᠤᠷᠢᠳ ᠬᠣᠵᠢᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠡᠶ᠎ᠡ ᠵᠣᠬᠢᠴᠠᠩᠭᠤᠢ ᠨᠡᠢᠭᠡᠮ ᠲᠣᠭᠣᠷᠢᠭ᠋᠎ᠢ ᠪᠠᠶ᠋ᠢᠭᠤᠯᠬᠤ·ᠬᠠᠮᠤᠭ᠎ᠤᠨ ᠭᠤᠶᠤ ᠵᠢᠵᠢᠭ ᠭᠤᠳᠤᠮᠵᠢ᠎ᠶᠢᠨ ᠶᠡᠷᠦᠩᠬᠡᠢ ᠰᠠᠢᠳ》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠲᠡᠷᠢᠭᠦᠨ᠎ᠦ ᠬᠢ᠎ᠶᠢ ᠡᠭᠦᠳᠴᠦ ᠰᠢᠯᠢᠳᠡᠭ ᠪᠣᠯᠬᠤ᠎ᠪᠠᠷ ᠴᠢᠷᠮᠠᠢᠬᠤ ᠰᠢᠯᠢᠳᠡᠭ ᠡᠪ ᠬᠠᠮᠲᠤ ᠨᠠᠮ᠎ᠤᠨ ᠭᠡᠰᠢᠭᠦᠨ》᠂ 《ᠪᠦᠬᠦ ᠤᠯᠤᠰ᠎ᠤᠨ ᠨᠠᠮ᠎ᠤᠨ ᠠᠵᠢᠯ᠎ᠤᠨ ᠰᠢᠯᠢᠳᠡᠭ ᠠᠵᠢᠯᠲᠠᠳ》 ᠵᠡᠷᠭᠡ ᠢᠷᠠᠭᠤ ᠠᠯᠳᠠᠷ᠎ᠢ ᠬᠦᠷᠲᠡᠵᠡᠢ᠃

ᠲᠠᠪᠤᠨ ᠰᠠᠷ᠎ᠠ  ᠶ᠋ᠢᠨ ᠰᠢᠨ᠎ᠡ  ᠶ᠋ᠢᠨ ᠲᠠᠪᠤᠨ ᠠ᠋ᠴᠠ ᠡᠮᠦᠨᠡᠬᠡᠨ ᠰᠤᠷᠪᠤᠯᠵᠢᠯᠠᠭ᠍ᠴᠢ ᠨᠦᠬᠦᠷᠯᠡᠯ 19 ᠬᠣᠷᠢᠶᠠᠯᠠᠯ᠎ᠳᠤ ᠳᠠᠬᠢᠨ ᠰᠤᠷᠪᠤᠯᠵᠢᠯᠠᠬᠤ ᠳ᠋ᠦ᠂ ᠨᠡᠢᠭᠡᠮ ᠲᠣᠭᠣᠷᠢᠭ᠋᠎ᠤᠨ ᠬᠢᠨ ᠲᠠᠪᠤᠨ ᠰᠠᠷ᠎ᠠ᠎ᠶᠢᠨ ᠰᠢᠨ᠎ᠡ᠎ᠶᠢᠨ ᠲᠠᠪᠤᠨ᠎ᠤ  ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ ᠪᠠᠢᠯ᠎ᠠ᠃

《ᠰᠠᠢᠨ ᠳᠤᠷ᠎ᠠ ᠶ᠋ᠢᠨ ᠦᠢᠯᠡᠴᠢᠯᠡᠭᠴᠢᠳ ᠠ᠋᠂ ᠨᠠᠷᠠ ᠬᠠᠯᠬᠠᠯᠠᠬᠤ ᠰᠢᠬᠦᠷ ᠢ᠋ ᠴᠥᠮ ᠪᠣᠰᠬᠠᠵᠤ ᠲᠠᠯᠪᠢᠭᠠᠴᠢ》 ᠭᠡᠬᠦ ᠦ᠋ ᠰᠢᠸ᠋ ᠹᠧᠩ᠎ᠤᠨ ᠦᠭᠡ ᠳᠠᠭᠤᠰᠬᠤ᠎ᠠᠴᠠ ᠡᠮᠦᠨ᠎ᠡ ᠬᠦᠮᠦᠰ ᠦᠳᠲᠡᠷ ᠲᠦᠷᠭᠡᠨ ᠬᠥᠳᠡᠯᠦᠯᠴᠡᠵᠦ᠂ 10 ᠮᠢᠨᠦ᠋ᠲ ᠪᠣᠯᠣᠯ ᠦᠭᠡᠢ᠎ᠪᠡᠷ 18 ᠲᠣᠮᠣ᠌ ᠬᠡᠯᠪᠡᠷᠢ᠎ᠶᠢᠨ ᠨᠠᠷᠠ ᠬᠠᠯᠬᠠᠯᠠᠬᠤ ᠰᠢᠬᠦᠷ᠎ᠢ ᠪᠦᠬᠦᠨ᠎ᠢ ᠳᠡᠯᠭᠡᠨ ᠪᠡᠬᠢᠯᠡᠵᠦ ᠳᠠᠭᠤᠰᠬᠠᠪᠠ᠃ 《ᠮᠠᠰᠢ ᠤᠯᠠᠨ ᠬᠥᠮᠥᠨ ᠨᠠᠮᠠᠶ᠋ᠢ ᠠᠵᠢᠯ ᠶᠠᠪᠤᠳᠠᠯ ᠬᠢᠬᠦ᠎ᠳᠦ  ᠪᠤᠰᠢᠭᠤ ᠱᠠᠯᠠᠮᠠᠭᠠᠢ ᠭᠡᠳᠡᠭ᠂ ᠭᠡᠲᠡᠯ᠎ᠡ ᠨᠡᠢᠭᠡᠮ ᠲᠣᠭᠣᠷᠢᠭ᠋ ᠡᠢᠮᠦ ᠶᠡᠬᠡ᠂ ᠤᠴᠢᠷ ᠶᠠᠪᠤᠳᠠᠯ ᠡᠢᠮᠦ ᠤᠯᠠᠨ᠂ ᠭᠠᠭᠴᠠ ᠪᠢ ᠰᠠᠢᠨ ᠠᠵᠢᠯᠯᠠᠭᠠᠳ ᠲᠤᠰᠠ ᠪᠤᠯᠳᠠᠭ ᠦᠭᠡᠢ ᠱᠢᠦ》 ᠭᠡᠵᠦ ᠦ᠋ ᠰᠢᠸ᠋ ᠹᠸᠩ ᠢᠨᠢᠶᠡᠮᠰᠦᠭᠯᠡᠨ ᠶᠠᠷᠢᠨ᠎ᠠ᠃

ᠬᠡᠳᠦᠨ ᠡᠳᠦᠷ᠎ᠦᠨ ᠳᠠᠷᠠᠭ᠎ᠠ᠂ ᠦ᠋ ᠰᠢᠸ᠋ ᠹᠧᠩ ᠪᠡᠭᠡᠵᠢᠩ᠎ᠳᠦ ᠬᠦᠷᠴᠦ ᠳᠠᠬᠢᠨ ᠡᠷᠡᠬᠦᠯ᠎ᠤᠨ ᠪᠠᠢᠴᠠᠭᠠᠯᠳᠠ ᠬᠢᠯᠭᠡᠬᠦ ᠭᠡᠨ᠎ᠡ᠃ 《ᠪᠢ ᠰᠠᠨᠠᠭ᠎ᠠ ᠠᠮᠤᠷ ᠪᠦᠭᠡᠳ  ᠪᠠᠰᠠ ᠰᠠᠨᠠᠭ᠎ᠠ ᠠᠮᠠᠷ ᠴᠤ᠌ ᠦᠭᠡᠢ ᠪᠠᠢᠨ᠎ᠠ》  ᠭᠡᠵᠦ ᠲᠡᠷᠡ ᠰᠤᠷᠪᠤᠯᠵᠢᠯᠠᠭ᠍ᠴᠢ᠎ᠳᠤ ᠶᠠᠷᠢᠨ᠎ᠠ᠃ ᠰᠠᠨᠠᠭ᠎ᠠ ᠠᠮᠤᠷ ᠦᠭᠡᠢ ᠪᠠᠢᠬᠤ ᠨᠢ ᠤᠯᠠᠨ ᠵᠢᠯ᠎ᠦᠨ ᠲᠤᠷᠰᠢ ᠨᠡᠢᠭᠡᠮ ᠲᠣᠭᠣᠷᠢᠭ᠋᠎ᠤᠨ ᠠᠵᠢᠯ᠎ᠳᠤ ᠰᠠᠨᠠᠭᠠᠰᠢᠷᠠᠬᠤ ᠲᠠᠳᠬᠠᠯ ᠲᠠᠢ᠎ᠡᠴᠡ ᠪᠣᠯᠤᠭᠰᠠᠨ ᠶᠤᠮ᠂ ᠰᠠᠨᠠᠭ᠎ᠠ ᠠᠮᠤᠷ ᠪᠠᠢᠬᠤ ᠨᠢ ᠨᠡᠢᠭᠡᠮ ᠲᠣᠭᠣᠷᠢᠭ᠋᠎ᠤᠨ ᠨᠢᠭᠡ ᠪᠦᠯᠦᠭ ᠬᠥᠮᠥᠰ ᠲᠡᠭᠦᠨ᠎ᠲᠠᠢ ᠠᠳᠠᠯᠢ᠎ᠪᠠᠷ ᠦᠨᠡᠨ ᠰᠡᠳᠬᠢᠯ᠎ᠡᠴᠡ᠎ᠪᠡᠨ ᠨᠡᠢᠭᠡᠮ ᠲᠣᠭᠣᠷᠢᠭ᠋᠎ᠤᠨ ᠠᠵᠢᠯ᠎ᠳᠤ ᠦᠢᠯᠡᠴᠢᠯᠡᠬᠦ᠎ᠠᠴᠠ ᠪᠣᠯᠤᠭᠰᠠᠨ ᠶᠤᠮ ᠭᠡᠵᠦ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号