ᠰᠢ ᠵᠢᠨ ᠫᠢᠩ ᠺᠠᠽᠠᠬᠰᠲ᠋ᠠᠠ ᠤ᠋ ᠶᠡᠷᠦᠩᠬᠡᠶ᠋ᠢᠯᠡᠭᠴᠢ ᠲᠦᠸᠸᠺᠠᠶᠸᠹ᠎ᠲᠠᠶ ᠠᠭᠤᠯᠵᠠᠪᠠ
2026-07-17 09:15:04
ᠵᠣᠬᠢᠶᠠᠭ᠍ᠴᠢ᠄
ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠴᠧᠨ ᠭᠦᠸᠧ ᠵᠢᠶᠦ᠋ᠨ ᠮᠠ ᠵᠦᠸᠸ ᠶᠠᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 16 ᠤ᠋ ᠦᠳᠡ᠎ᠶᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠠᠩᠬᠠᠢ᠎ᠶᠢᠨ ᠰᠢ ᠵᠢᠶᠤᠤ ᠵᠣᠴᠢᠳ᠎ᠤᠨ ᠪᠠᠭᠤᠳᠠᠯ᠎ᠳᠤ 2026 ᠳᠡᠯᠡᠬᠡᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠶᠡᠬᠡ ᠬᠤᠷᠠᠯ ᠵᠢᠴᠢ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ᠌ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠡᠰ᠎ᠤᠨ ᠬᠤᠷᠠᠯ᠎ᠳᠤ ᠣᠷᠣᠯᠴᠠᠬᠤ᠎ᠪᠠᠷ ᠲᠤᠮᠳᠠᠳᠤ ᠤᠯᠤᠰ ᠲᠤ᠌ ᠢᠷᠡᠭᠰᠡᠨ ᠺᠠᠽᠠᠭᠰᠲ᠋ᠠᠨ᠎ᠤ ᠶᠡᠷᠦᠩᠬᠡᠶ᠋ᠢᠯᠡᠭᠴᠢ ᠲᠦᠸᠸᠺᠠᠶ᠍ᠸᠹ ᠲᠠᠢ ᠠᠭᠤᠯᠵᠠᠪᠠ᠃


c24e1ba7-8245-4721-a094-be25e0639228.png


7 ᠰᠠᠷ᠎ᠠ᠎ᠶᠢᠨ 16 ᠤ᠋ ᠦᠳᠡ᠎ᠶᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠠᠩᠬᠠᠢ᠎ᠶᠢᠨ ᠰᠢ ᠵᠢᠶᠤᠤ ᠵᠣᠴᠢᠳ᠎ᠤᠨ ᠪᠠᠭᠤᠳᠠᠯ᠎ᠳᠤ 2026 ᠳᠡᠯᠡᠬᠡᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠶᠡᠬᠡ ᠬᠤᠷᠠᠯ ᠵᠢᠴᠢ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ᠌ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠡᠰ᠎ᠤᠨ ᠬᠤᠷᠠᠯ᠎ᠳᠤ ᠣᠷᠣᠯᠴᠠᠬᠤ᠎ᠪᠠᠷ ᠲᠤᠮᠳᠠᠳᠤ ᠤᠯᠤᠰ ᠲᠤ᠌ ᠢᠷᠡᠭᠰᠡᠨ ᠺᠠᠽᠠᠭᠰᠲ᠋ᠠᠨ᠎ᠤ ᠶᠡᠷᠦᠩᠬᠡᠶ᠋ᠢᠯᠡᠭᠴᠢ ᠲᠦᠸᠸᠺᠠᠶ᠍ᠸᠹ ᠲᠠᠢ ᠠᠭᠤᠯᠵᠠᠪᠠ᠃

ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ   ᠵᠠᠢ ᠵᠢᠶᠠᠨ ᠯᠠᠨ  ᠰᠡᠭᠦᠳᠡᠷᠯᠡᠪᠡ


ᠰᠢ ᠵᠢᠨ ᠫᠢᠩ᠂ ᠳᠡᠯᠡᠬᠡᠢ᠎ᠳ᠋ᠠᠬᠢᠨ ᠤ᠋ ᠵᠠᠭᠤᠨ ᠵᠢᠯ᠎ᠳ᠋ᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠭᠦᠨᠵᠡᠭᠡᠢ ᠪᠥᠭᠡᠳ ᠨᠠᠷᠢᠨ ᠪᠤᠳᠤᠯᠢᠶᠠᠨᠲᠠᠢ᠎ᠪᠠᠷ ᠤᠯᠠᠷᠢᠨ ᠬᠤᠪᠢᠷᠠᠵᠤ᠂ ᠳᠤᠮᠳᠠᠳᠤ ᠺᠠᠽᠠᠭᠰᠲ᠋ᠠᠨ᠎ᠤ ᠬᠠᠷᠢᠯᠴᠠᠭ᠎ᠠ ᠰᠢᠯᠭᠠᠯᠲᠠ ᠪᠠ ᠳᠠᠪᠲᠠᠯᠲᠠ᠎ᠶᠢᠨ ᠳᠤᠮᠳᠠ ᠶᠠᠪᠤᠬᠤ ᠳᠤᠳᠤᠮ ᠪᠡᠬᠢᠵᠢᠵᠦ᠍᠂ ᠬᠣᠶᠠᠷ ᠤᠯᠤᠰ᠎ᠤᠨ ᠥᠨᠢᠳᠡ᠎ᠶᠢᠨ ᠪᠦᠬᠦ᠌ ᠲᠠᠯ᠎ᠠ᠎ᠶᠢᠨ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ᠎ᠤ ᠬᠠᠷᠢᠯᠴᠠᠭ᠎ᠠ ᠥᠨᠳᠥᠷ ᠲᠦᠪᠰᠢᠨ ᠪᠦᠬᠦᠢ ᠠᠵᠢᠯᠯᠠᠭᠠᠨ᠎ᠢᠶᠠᠨ ᠪᠠᠲᠤᠯᠠᠵᠤ᠂ ᠯᠤᠲᠤ᠌ ᠶᠡᠬᠡ ᠬᠠᠮᠲᠤᠷᠠᠯᠴᠠᠭᠠᠨ᠎ᠤ ᠳᠠᠯᠳᠠ ᠬᠦᠴᠦᠨ ᠪᠠ ᠥᠷᠭᠡᠨ ᠠᠭᠤᠳᠠᠮ ᠬᠥᠭᠵᠢᠯᠲᠡ᠎ᠶᠢᠨ ᠣᠷᠣᠨ ᠵᠠᠢ᠎ᠶᠢ ᠢᠯᠡᠷᠡᠭᠦᠯᠪᠡ᠃ ᠳᠤᠮᠳᠠᠳᠤ ᠤᠯᠤᠰ ᠰᠠᠶᠢᠬᠠᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠪᠡ᠃ ᠳᠤᠮᠳᠠᠳᠤ ᠤᠯᠤᠰ᠎ᠤᠨ ᠡᠪ ᠬᠠᠮᠲᠤ᠌ ᠨᠠᠮ ᠲᠡᠮᠡᠴᠡᠯ᠎ᠦᠨ ᠶᠠᠪᠤᠴᠠ ᠳ᠋ᠤ ᠬᠡᠷᠡᠯ ᠰᠠᠴᠤᠷᠠᠩᠭᠤᠢ ᠠᠮᠵᠢᠯᠲᠠ᠎ᠶᠢ ᠲᠠᠰᠤᠷᠠᠯᠳᠠ ᠦᠭᠡᠢ ᠤᠯᠵᠤ ᠴᠢᠳᠠᠭᠰᠠᠨ ᠵᠢᠴᠢ ᠲᠡᠦᠬᠡ ᠪᠣᠯᠤᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ᠌ ᠨᠠᠮ᠎ᠢ ᠰᠣᠩᠭᠣᠭᠰᠠᠨ᠎ᠤ ᠦᠨᠳᠦᠰᠦᠨ ᠰᠢᠯᠲᠠᠭᠠᠨ ᠨᠢ ᠳᠤᠮᠳᠠᠳᠤ ᠤᠯᠤᠰ᠎ᠤᠨ ᠡᠪ ᠬᠠᠮᠲᠤ᠌ ᠨᠠᠮ ᠴᠦᠬᠦᠷᠡᠰᠢ ᠦᠬᠡᠢ ᠦᠨᠡᠨ ᠶᠣᠰᠣ᠎ᠶᠢ ᠬᠥᠭᠡᠭᠡᠴᠡᠯᠳᠦᠵᠦ᠍᠂ ᠠᠷᠠᠳ ᠲᠦᠮᠡᠨ᠎ᠦ ᠳᠤᠮᠳᠠ ᠭᠦᠨ ᠦᠨᠳᠦᠰᠦᠯᠡᠵᠦ᠍᠂ ᠲᠡᠦᠬᠡᠲᠦ᠍ ᠡᠭᠦᠷᠭᠡ᠎ᠶᠢ ᠵᠣᠷᠢᠭᠲᠠᠢ ᠡᠭᠦᠷᠭᠡᠯᠡᠵᠦ᠍᠂ ᠬᠥᠭᠵᠢᠯᠲᠡ᠎ᠶᠢᠨ ᠬᠠᠨᠳᠤᠰᠢ ᠵᠢ ᠲᠠᠭᠠᠵᠤ᠂ ᠵᠣᠷᠢᠭᠲᠠᠢ ᠪᠥᠭᠡᠳ ᠴᠢᠳᠠᠮᠠᠭᠠᠢ ᠲᠡᠮᠡᠴᠡᠵᠦ᠍᠂ ᠥᠪᠡᠷ᠎ᠢ᠎ᠪᠡᠨ ᠴᠢᠬᠢᠷᠠᠭᠵᠢᠭᠤᠯᠬᠤ᠎ᠶᠢ ᠴᠢᠬᠤᠯᠠᠴᠢᠯᠠᠭᠰᠠᠨ ᠵᠡᠷᠭᠡ ᠰᠢᠯᠢᠳᠡᠭ ᠣᠨᠴᠠᠯᠢᠭ᠎ᠰᠢᠨᠵᠢ ᠲᠠᠶ ᠪᠠᠶ᠋ᠢᠬᠤ᠎ᠳᠤ ᠤᠷᠤᠰᠢᠨ᠎ᠠ᠃ ᠡᠨᠡ ᠪᠣᠯ ᠳᠤᠮᠳᠠᠳᠤ ᠤᠯᠤᠰ᠎ᠤ᠋ᠨ ᠡᠪ ᠬᠠᠮᠲᠤ᠌ ᠨᠠᠮ᠎ᠤᠨ ᠶᠠᠭᠠᠬᠢᠭᠠᠳ ᠬᠢᠵᠤ ᠳᠡᠢᠯᠦᠭᠰᠡᠨ ᠤ᠋ ᠵᠠᠩᠭᠢᠯᠠᠭ᠎ᠠ᠎ᠶᠢᠨ ᠨᠢᠭᠤᠴᠠ ᠨᠣᠮᠧᠷ ᠪᠤᠯᠤᠨ᠎ᠠ᠃ ᠺᠠᠽᠠᠭᠰᠲ᠋ᠠᠨ ᠶᠠᠭ ᠪᠦᠬᠦ᠌ ᠲᠠᠯ᠎ᠠ᠎ᠶᠢᠨ ᠥᠭᠡᠷᠡᠴᠢᠯᠡᠯᠲᠡ᠎ᠶᠢ ᠶᠡᠬᠡ᠎ᠪᠡᠷ ᠠᠬᠢᠭᠤᠯᠵᠤ ᠪᠠᠶ᠋ᠢᠨ᠎ᠠ᠂ ᠡᠨᠡ ᠪᠣᠯ ᠤᠯᠤᠰ᠎ᠤᠨ ᠵᠢᠡᠨ ᠢᠷᠡᠭᠡᠳᠦᠢ᠎ᠳᠦ ᠬᠠᠨᠳᠤᠭᠤᠯᠤᠨ ᠲᠣᠭᠲᠠᠭᠠᠭᠰᠠᠨ ᠪᠠᠶ᠋ᠢᠯᠳᠤᠬᠤ ᠪᠤᠳᠤᠯᠭ᠎ᠠ᠎ᠶᠢᠨ ᠲᠥᠯᠥᠪᠵᠢᠭᠦᠯᠭᠡ ᠪᠣᠯᠤᠨ᠎ᠠ᠃ ᠳᠤᠮᠳᠠᠳᠤ ᠺᠠᠽᠠᠭᠰᠲ᠋ᠠᠨ ᠬᠣᠶᠠᠷ ᠲᠠᠯ᠎ᠠ᠎ᠪᠠᠷ᠎ᠢᠶᠠᠨ ᠬᠥᠭᠵᠢᠯᠲᠡ᠎ᠶᠢᠨ ᠪᠠᠶ᠋ᠢᠯᠳᠤᠬᠤ ᠪᠤᠳᠤᠯᠭ᠎ᠠ ᠪᠣᠯᠤᠨ ᠲᠦᠷᠦ᠎ᠶᠢᠨ ᠪᠤᠳᠤᠯᠭ᠎ᠠ᠎ᠶᠢᠨ ᠵᠣᠯᠭᠠᠯᠴᠠᠭ᠎ᠠ᠎ᠪᠠᠨ ᠴᠢᠩᠭᠠᠳᠬᠠᠵᠤ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭᠠᠨ᠎ᠤ ᠲᠦᠪᠰᠢᠨ᠎ᠢᠶᠡᠨ ᠲᠠᠰᠤᠷᠠᠯᠳᠡ ᠦᠭᠡᠢ ᠳᠡᠭᠡᠭᠰᠢᠯᠡᠭᠦᠯᠵᠦ᠍᠂ ᠬᠠᠮᠲᠤ᠎ᠶᠢᠨ ᠬᠥᠭᠵᠢᠯᠲᠡ᠎ᠳᠦ ᠬᠦᠴᠦᠨ ᠨᠡᠮᠡᠷᠢᠯᠡᠵᠦ᠍᠂ ᠳᠤᠮᠳᠠᠳᠤ ᠺᠠᠽᠠᠭᠰᠲ᠋ᠠᠨ᠎ᠤ ᠪᠠᠶ᠋ᠢᠯᠳᠤᠬᠤ ᠪᠤᠳᠤᠯᠭ᠎ᠠ᠎ᠶᠢᠨ ᠬᠠᠮᠵᠢᠯᠴᠠᠭ᠎ᠠ ᠲᠠᠰᠤᠷᠠᠯᠳᠡ ᠦᠭᠡᠢ ᠰᠢᠨ᠎ᠡ ᠳᠡᠭᠲᠡᠷ᠎ᠲᠦ᠍ ᠭᠠᠷᠴᠤ᠌᠂ ᠰᠢᠨ᠎ᠡ ᠦᠷ᠎ᠡ ᠪᠦᠲᠦᠭᠡᠯ ᠤᠯᠬᠤ᠎ᠶᠢ ᠠᠬᠢᠭᠤᠯᠤᠶ᠎ᠠ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠳᠤᠮᠳᠠᠳᠤ ᠺᠠᠽᠠᠭᠰᠲ᠋ᠠᠨ᠎ᠤ ᠪᠦᠬᠦ᠌ ᠲᠠᠯ᠎ᠠ᠎ᠶᠢᠨ ᠬᠠᠮᠲᠤᠷᠠᠯᠴᠠᠭ᠎ᠠ᠎ᠶᠢ ᠡᠷᠡᠰ ᠠᠬᠢᠭᠤᠯᠬᠤ ᠨᠢ ᠬᠣᠶᠠᠷ ᠤᠯᠤᠰ ᠪᠣᠯᠤᠨ ᠬᠣᠶᠠᠷ ᠤᠯᠤᠰ᠎ᠤᠨ ᠠᠷᠠᠳ ᠲᠦᠮᠡᠨ᠎ᠦ ᠦᠨᠳᠦᠰᠦᠨ ᠠᠰᠢᠭ ᠲᠤᠰᠠ᠎ᠲᠠᠢ ᠨᠡᠶ᠋ᠢᠴᠡᠨ᠎ᠡ᠃ ᠬᠣᠶᠠᠷ ᠲᠠᠯ᠎ᠠ᠎ᠪᠠᠷ᠎ᠢᠶᠠᠨ ᠠᠷᠠᠯᠵᠢᠶᠠᠨ᠎ᠤ ᠰᠢᠨ᠎ᠡ᠎ᠶᠢ ᠡᠭᠦᠳᠬᠦ᠌ ᠬᠥᠭᠵᠢᠯᠲᠡ᠎ᠶᠢ ᠠᠬᠢᠭᠤᠯᠵᠤ᠂ ᠠᠷᠠᠯᠵᠢᠶᠠᠨ᠎ᠤ ᠪᠦᠲᠦᠴᠡ᠎ᠶᠢ ᠰᠢᠯᠢᠳᠡᠭᠵᠢᠭᠦᠯᠵᠦ᠍᠂ ᠬᠢᠯᠢ ᠠᠯᠤᠰᠯᠠᠭᠰᠠᠨ ᠡᠯᠧᠺᠲ᠋ᠷᠣᠨ ᠬᠤᠳᠠᠯᠳᠤᠭ᠎ᠠ᠂ ᠦᠢᠯᠡᠴᠢᠯᠡᠭᠡᠨ᠎ᠦ ᠠᠷᠠᠯᠵᠢᠶᠠᠨ᠎ᠤ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠪᠣᠶ᠋ᠢᠵᠢᠭᠤᠯᠤᠶ᠎ᠠ; ᠡᠨᠧᠷᠭᠢ ᠠᠭᠤᠷᠬᠠᠢ᠎ᠶᠢᠨ ᠲᠠᠯ᠎ᠠ ᠵᠢᠨ ᠬᠠᠮᠲᠤᠷᠠᠯᠴᠠᠭ᠎ᠠ᠎ᠪᠠᠨ ᠥᠷᠭᠡᠳᠬᠡᠵᠦ᠍᠂ ᠭᠣᠣᠯᠳᠠᠯᠭ᠎ᠠ᠎ᠲᠠᠶ ᠲᠦᠷᠦᠯ ᠵᠦᠢᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ ᠵᠢ ᠲᠦᠷᠭᠡᠳᠬᠡᠨ ᠠᠬᠢᠭᠤᠯᠤᠶ᠎ᠠ; ᠬᠣᠯᠪᠣᠯᠳᠤᠨ ᠨᠡᠪᠲᠡᠷᠡᠯᠴᠡᠬᠦ᠌ ᠪᠠᠶ᠋ᠢᠭᠤᠯᠤᠯᠲᠠ᠎ᠶᠢ ᠠᠬᠢᠭᠤᠯᠵᠤ᠂ ᠨᠡᠩ ᠤᠯᠠᠨ ᠰᠢᠭᠤᠳ ᠬᠦᠷᠬᠦ᠌ ᠡᠭᠡᠯᠵᠢ᠎ᠶᠢᠨ ᠨᠢᠰᠬᠡᠯ᠎ᠢ ᠨᠡᠮᠡᠵᠦ᠍᠂ ᠤᠯᠠᠨ ᠤᠯᠤᠰ᠎ᠤᠨ ᠵᠠᠮ ᠲᠡᠭᠡᠭᠡᠪᠦᠷᠢ᠎ᠶᠢᠨ ᠳᠥᠭᠥᠮ ᠳᠦᠳᠡᠴᠢᠯᠡᠭᠰᠡᠨ ᠲᠦᠪᠰᠢᠨ᠎ᠢ ᠳᠡᠭᠡᠭᠰᠢᠯᠡᠭᠦᠯᠦᠶ᠎ᠠ; ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠶ᠋ᠢᠵᠢᠭᠤᠯᠵᠤ᠂ ᠳᠤᠮᠳᠠᠳᠤ ᠤᠯᠤᠰ ᠳᠤᠷᠠᠲᠠᠶ᠎ᠠ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠮᠡᠷᠭᠡᠵᠢᠯ᠎ᠢ ᠬᠤᠪᠢᠶᠠᠯᠴᠠᠵᠤ᠂ ᠺᠠᠽᠠᠭᠰᠲ᠋ᠠᠨ᠎ᠤ ᠲᠣᠭᠠᠴᠢᠯᠠᠯᠳᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠪᠡᠶᠡᠯᠡᠭᠦᠯᠬᠦ᠌᠎ᠳᠦ ᠬᠦᠴᠦᠨ ᠨᠡᠮᠡᠷᠢᠯᠡᠨ᠎ᠡ; 《ᠳᠤᠮᠳᠠᠳᠤ ᠺᠠᠽᠠᠭᠰᠲ᠋ᠠᠨ᠎ᠤ ᠰᠣᠶᠣᠯ᠎ᠤᠨ ᠰᠣᠯᠢᠯᠴᠠᠭᠠᠨ᠎ᠤ ᠣᠨ》 ᠢ᠋ ᠰᠠᠶ᠋ᠢᠲᠤᠷ ᠡᠷᠬᠢᠯᠡᠵᠦ᠍᠂ ᠰᠤᠷᠭᠠᠨ ᠬᠥᠮᠦᠵᠢᠯ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠪᠡᠶ᠎ᠡ᠎ᠶᠢᠨ ᠲᠠᠮᠢᠷ᠂ ᠵᠠᠭᠤᠴᠢᠯᠠᠭᠤᠷ ᠵᠡᠷᠭᠡ᠎ᠶᠢᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠦᠶ᠎ᠡ᠎ᠶᠢᠨ ᠦᠶ᠎ᠡ᠎ᠳᠡᠭᠡᠨ ᠨᠥᠬᠥᠷᠰᠡᠭ ᠪᠠᠶ᠋ᠢᠬᠤ ᠰᠠᠭᠤᠷᠢ᠎ᠶᠢ ᠪᠡᠬᠢᠵᠢᠭᠦᠯᠦᠨ᠎ᠡ᠃ ᠳᠤᠮᠳᠠᠳᠤ᠎ᠤᠯᠤᠰ ᠳᠤᠷᠠᠲᠠᠶ᠎ᠠ ᠺᠠᠽᠠᠭᠰᠲ᠋ᠠᠨ᠎ᠤ ᠬᠢᠨ᠎ᠲᠠᠶ ᠬᠠᠮᠲᠤ᠎ᠪᠠᠷ ᠳᠦᠷᠪᠡᠨ ᠶᠡᠬᠡ ᠪᠦᠬᠦ᠌ ᠪᠥᠮᠪᠥᠷᠴᠡᠭ᠎ᠦᠨ ᠰᠠᠨᠠᠭᠠᠴᠢᠯᠠᠭ᠎ᠠ᠎ᠶᠢ ᠦᠢᠯᠡᠳᠦᠯᠭᠡᠵᠢᠭᠦᠯᠵᠦ᠍᠂ ᠤᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠂ ᠳᠤᠮᠳᠠᠳᠤ ᠤᠯᠤᠰ — ᠳᠤᠮᠳᠠ ᠠᠽᠢᠶ᠎ᠠ᠎ᠶᠢᠨ ᠲᠣᠭᠲᠠᠴᠠ ᠵᠡᠷᠭᠡ ᠤᠯᠠᠨ ᠲᠠᠯᠠᠲᠤ᠌ ᠲᠣᠭᠲᠠᠴᠠ ᠳᠣᠲᠣᠷ᠎ᠠ ᠵᠣᠬᠢᠴᠠᠭᠤᠯᠭ᠎ᠠ ᠪᠠ ᠬᠠᠮᠵᠢᠯᠴᠠᠭ᠎ᠠ᠎ᠪᠠᠨ ᠴᠢᠩᠭᠠᠳᠬᠠᠵᠤ᠂ ᠳᠡᠯᠡᠬᠡᠢ᠎ᠶᠢᠨ ᠲᠥᠪ ᠭᠣᠣᠯᠴᠢ ᠰᠢᠳᠤᠷᠭᠤ ᠶᠣᠰᠣ᠎ᠶᠢ ᠬᠠᠮᠲᠤ᠎ᠪᠠᠷ ᠬᠠᠮᠠᠭᠠᠯᠠᠨ᠎ᠠ ᠭᠡᠵᠦ᠍ ᠴᠢᠬᠤᠯᠠᠴᠢᠯᠠᠪᠠ᠃

ᠲᠦᠸᠸᠺᠠᠶ᠍ᠸᠹ᠂ ᠡᠨᠡ᠎ᠬᠦ ᠰᠢᠨ᠎ᠡ᠎ᠶᠢ ᠡᠭᠦᠳᠬᠦ᠌ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠱᠠᠩᠬᠠᠢ᠎ᠬᠤᠳᠠ᠎ᠳᠤ ᠢᠷᠡᠵᠦ᠍ ᠳᠡᠯᠡᠬᠡᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠶᠡᠬᠡ ᠬᠤᠷᠠᠯ᠎ᠳᠤ ᠣᠷᠣᠯᠴᠠᠬᠤ ᠪᠤᠯᠤᠭᠰᠠᠨ᠎ᠳᠠᠭᠠᠨ ᠮᠠᠰᠢ ᠪᠠᠶᠠᠷᠯᠠᠵᠤ ᠪᠠᠶ᠋ᠢᠨ᠎ᠠ᠃ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠳᠤ ᠬᠠᠯᠠᠭᠤᠨ ᠪᠠᠶᠠᠷ ᠬᠦᠷᠭᠡᠵᠦ᠍᠂ ᠳᠤᠮᠳᠠᠳᠤ ᠤᠯᠤᠰ ᠲᠡᠷᠢᠭᠦᠯᠡᠭᠴᠢ ᠰᠢ ᠵᠢᠨ ᠫᠢᠩ᠎ᠦᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠬᠥᠭᠵᠢᠯᠲᠡ᠎ᠶᠢᠨ ᠠᠮᠵᠢᠯᠲᠠ ᠪᠦᠲᠦᠮᠵᠢ ᠣᠯᠤᠭᠰᠠᠨ᠎ᠳᠤ ᠪᠠᠶᠠᠷ ᠬᠦᠷᠭᠡᠶ᠎ᠠ᠃ ᠺᠠᠽᠠᠭᠰᠲ᠋ᠠᠨ᠎ᠤ ᠬᠢᠨ ᠳᠤᠮᠳᠠᠳᠤ ᠤᠯᠤᠰ᠎ᠯᠤᠭ᠎ᠠ᠎ᠶᠢᠨ ᠬᠠᠷᠢᠯᠴᠠᠭ᠎ᠠ᠎ᠶᠢ ᠺᠠᠽᠠᠭᠰᠲ᠋ᠠᠨ᠎ᠤ ᠭᠠᠳᠠᠭᠠᠳᠤ ᠬᠠᠷᠢᠯᠴᠠᠭᠠᠨ᠎ᠤ ᠲᠡᠷᠢᠭᠦᠨ ᠴᠢᠬᠤᠯᠠ ᠴᠢᠭᠯᠡᠯ᠎ᠢᠶᠡᠷ ᠦᠵᠡᠵᠦ᠍᠂ ᠳᠤᠮᠳᠠᠳᠤ ᠤᠯᠤᠰ᠎ᠯᠤᠭ᠎ᠠ᠎ᠶᠢᠨ ᠥᠨᠢᠳᠡ᠎ᠶᠢᠨ ᠪᠦᠬᠦ᠌ ᠲᠠᠯ᠎ᠠ᠎ᠶᠢᠨ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠪᠠᠨ ᠲᠠᠰᠤᠷᠠᠯᠳᠠ ᠦᠭᠡᠢ ᠴᠢᠩᠭᠠᠳᠬᠠᠬᠤ᠎ᠪᠠᠷ ᠴᠢᠷᠮᠠᠶ᠋ᠢᠵᠤ ᠪᠠᠶ᠋ᠢᠨ᠎ᠠ᠃ ᠺᠠᠽᠠᠭᠰᠲ᠋ᠠᠨ᠎ᠤ ᠬᠢᠨ ᠲᠡᠷᠢᠭᠦᠯᠡᠭᠴᠢ ᠰᠢ ᠵᠢᠨ ᠫᠢᠩ᠎ᠦᠨ ᠬᠣᠶᠠᠷ ᠲᠠᠯ᠎ᠠ᠎ᠶᠢᠨ ᠬᠠᠷᠢᠯᠴᠠᠭ᠎ᠠ᠎ᠶᠢ ᠬᠥᠭᠵᠢᠭᠦᠯᠬᠦ᠌ ᠲᠤᠬᠠᠢ ᠴᠢᠬᠤᠯᠠ ᠰᠠᠨᠠᠯ᠎ᠢ ᠪᠦᠷᠢᠮᠦᠰᠦᠨ ᠵᠦᠪᠰᠢᠶᠡᠷᠡᠵᠤ ᠪᠠᠢᠬᠤ ᠪᠦᠬᠡᠳ ᠳᠤᠮᠳᠠᠳᠤ ᠤᠯᠤᠰ᠎ᠯᠤᠭ᠎ᠠ ᠬᠠᠮᠲᠤ ᠪᠡᠷ ᠢᠳᠡᠪᠬᠢᠲᠡᠢ ᠨᠠᠶ᠋ᠢᠳᠠᠪᠤᠷᠢᠵᠢᠭᠤᠯᠵᠤ᠂ ᠳᠤᠮᠳᠠᠳᠤ ᠤᠯᠤᠰ᠎ᠯᠤᠭ᠎ᠠ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠨᠢᠭᠲᠠᠷᠠᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠵᠠᠮ ᠬᠠᠷᠢᠯᠴᠠᠭ᠎ᠠ᠂ ᠡᠨᠧᠷᠭᠢ᠂ ᠬᠥᠳᠡᠭᠡ ᠠᠵᠤ ᠠᠬᠤᠢ᠂ ᠲᠣᠭᠠᠴᠢᠯᠠᠭᠰᠠᠨ ᠠᠵᠤ ᠠᠬᠤᠢ ᠵᠡᠷᠭᠡ ᠲᠠᠯ᠎ᠠ᠎ᠶᠢᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠠᠬᠢᠭᠤᠯᠵᠤ᠂ ᠬᠣᠶᠠᠷ ᠤᠯᠤᠰ᠎ᠤᠨ ᠬᠠᠷᠢᠯᠴᠠᠭ᠎ᠠ᠎ᠶᠢᠨ ᠬᠥᠭᠵᠢᠯᠲᠡ᠎ᠳᠦ ᠨᠡᠩ ᠤᠯᠠᠨ ᠦᠨᠡᠨ ᠪᠣᠳᠠᠲᠠᠢ ᠦᠷ᠎ᠡ ᠪᠦᠲᠦᠭᠡᠯ ᠤᠯᠬᠤ᠎ᠶᠢ ᠬᠦᠰᠡᠵᠦ᠍ ᠪᠠᠶ᠋ᠢᠨ᠎ᠠ᠃ ᠺᠠᠽᠠᠭᠰᠲ᠋ᠠᠨ᠎ᠤ ᠬᠢᠨ ᠲᠡᠷᠢᠭᠦᠯᠡᠭᠴᠢ ᠰᠢ ᠵᠢᠨ ᠫᠢᠩ᠎ᠦᠨ ᠳᠤᠷᠠᠳᠤᠭᠰᠠᠨ ᠲᠦᠷᠪᠡᠨ ᠶᠡᠬᠡ ᠪᠦᠬᠦ᠌ ᠪᠥᠮᠪᠥᠷᠴᠡᠭ᠎ᠦᠨ ᠰᠠᠨᠠᠭᠠᠴᠢᠯᠠᠭ᠎ᠠ ᠪᠣᠯᠤᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠣᠶ᠋ᠢᠯᠠᠭᠠᠭᠳᠠᠬᠤᠨ᠎ᠢ ᠳᠡᠭᠡᠳᠦ ᠬᠡᠮᠵᠢᠶ᠎ᠡ᠎ᠪᠡᠷ ᠮᠠᠭᠲᠠᠨ ᠰᠠᠶ᠋ᠢᠰᠢᠶᠠᠵᠤ ᠳᠡᠮᠵᠢᠵᠦ ᠪᠠᠢᠨ᠎ᠠ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠂ ᠳᠤᠮᠳᠠᠳᠤ ᠤᠯᠤᠰ — ᠳᠤᠮᠳᠠ ᠠᠽᠢᠶ᠎ᠠ᠎ᠶᠢᠨ ᠲᠣᠭᠲᠠᠴᠠ᠂ ᠠᠽᠢᠶ᠎ᠠ ᠲᠢᠪ᠎ᠦᠨ ᠬᠠᠷᠢᠯᠴᠠᠨ ᠬᠠᠮᠵᠢᠯᠴᠠᠬᠤ ᠪᠠ ᠢᠲᠡᠭᠡᠯᠴᠡᠬᠦ᠌ ᠠᠷᠭ᠎ᠠ ᠬᠡᠮᠵᠢᠶ᠎ᠡ᠎ᠶᠢᠨ ᠬᠤᠷᠠᠯ ᠵᠡᠷᠭᠡ ᠤᠯᠠᠨ ᠲᠠᠯ᠎ᠠ᠎ᠶᠢᠨ ᠲᠠᠪᠴᠠᠩ᠎ᠳᠤ ᠦᠷᠭᠦᠯᠵᠢᠯᠡᠨ ᠥᠨᠳᠥᠷ ᠲᠦᠪᠰᠢᠨ ᠪᠦᠬᠦᠢ ᠬᠠᠮᠵᠢᠯᠴᠠᠭ᠎ᠠ᠎ᠪᠠᠨ ᠪᠠᠲᠤᠯᠠᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ᠌ ᠪᠥᠮᠪᠥᠷᠴᠡᠭ᠎ᠦᠨ ᠵᠠᠰᠠᠯᠲᠠ᠎ᠶᠢᠨ ᠬᠠᠮᠲᠤᠷᠠᠯᠴᠠᠭ᠎ᠠ᠎ᠶᠢ ᠢᠳᠡᠪᠬᠢᠲᠡᠢ ᠥᠷᠨᠢᠭᠦᠯᠵᠦ᠍᠂ ᠪᠦᠬᠦ᠌ ᠪᠥᠮᠪᠥᠷᠴᠡᠭ᠎ᠦᠨ ᠦᠷᠭᠦᠯᠵᠢᠯᠡᠬᠦ᠌ ᠬᠥᠭᠵᠢᠯᠲᠡ ᠪᠣᠯᠤᠨ ᠡᠩᠬᠡ ᠲᠠᠶ᠋ᠢᠪᠤᠩ ᠲᠣᠭᠲᠠᠭᠤᠨ᠎ᠢ ᠬᠠᠮᠲᠤ᠎ᠪᠠᠷ ᠠᠬᠢᠭᠤᠯᠤᠨ᠎ᠠ ᠭᠡᠵᠦ ᠢᠯᠡᠳᠭᠡᠪᠡ᠃

ᠠᠭᠤᠯᠵᠠᠯᠲᠠ᠎ᠶᠢᠨ ᠳᠠᠷᠠᠭ᠎ᠠ ᠬᠣᠶᠠᠷ ᠤᠯᠤᠰ᠎ᠤᠨ ᠲᠡᠷᠢᠭᠦᠨ ᠠᠵᠤ ᠠᠬᠤᠢ ᠠᠷᠠᠯᠵᠢᠶ᠎ᠠ᠂ ᠵᠠᠮ ᠬᠠᠷᠢᠯᠴᠠᠭ᠎ᠠ᠂ ᠡᠳ᠋᠎ᠦᠨ ᠵᠠᠰᠠᠭ᠂ ᠵᠠᠭᠤᠴᠢᠯᠠᠭᠤᠷ ᠵᠡᠷᠭᠡ ᠬᠦᠷᠢᠶᠡᠨ ᠳ᠋ᠡᠬᠢ ᠤᠯᠠᠨ ᠵᠦᠢᠯ᠎ᠦᠨ ᠬᠠᠮᠲᠤᠷᠠᠯᠴᠠᠭᠠᠨ᠎ᠤ ᠪᠢᠴᠢᠭ ᠮᠠᠲ᠋ᠧᠷᠢᠶᠠᠯ᠎ᠳᠤ ᠭᠠᠷ᠎ᠤᠨ ᠦᠰᠦᠭ ᠵᠢᠷᠤᠬᠤ ᠪᠠ ᠨᠡᠶ᠋ᠢᠲᠡᠯᠡᠬᠦ᠌᠎ᠶᠢ ᠬᠠᠮᠲᠤ᠎ᠪᠠᠷ ᠭᠡᠷᠡᠴᠢᠯᠡᠪᠡ᠃

ᠼᠠᠢ ᠴᠢ᠂ ᠳ᠋ᠢᠩ ᠰᠢᠤᠸᠠᠢ ᠰᠢᠶᠠᠩ᠂ ᠸᠠᠩ ᠢ᠂ ᠴᠧᠨ ᠵᠶ᠋ᠢ ᠨᠢᠩ᠎ᠨᠡᠷ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃

(ᠰᠢᠨᠬᠤᠸᠠ ᠬᠣᠷᠢᠶ᠎ᠠ ᠵᠢᠨ ᠱᠠᠩᠬᠠᠢ᠎ᠶᠢᠨ 7 ᠰᠠᠷ᠎ᠠ᠎ᠶᠢᠨ 16 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号