ᠵᠣᠬᠢᠶᠠᠮᠠᠯ ᠤᠶᠤᠨ ᠴᠢᠳᠠᠪᠤᠷᠢ᠎ᠪᠠᠷ ᠪᠦᠬᠦ ᠪᠥᠮᠪᠥᠷᠴᠡᠭ᠎ᠦᠨ ᠬᠥᠭᠵᠢᠯᠲᠡ᠎ᠳᠦ ᠦᠢᠯᠡᠴᠢᠯᠡᠵᠦ ᠬᠥᠮᠥᠨ ᠲᠥᠷᠥᠯᠬᠢᠲᠡᠨ᠎ᠦ ᠪᠤᠶᠠᠨ ᠵᠢᠷᠭᠠᠯ᠎ᠢ ᠨᠡᠮᠡᠭᠳᠡᠬᠦᠯᠬᠦ ᠵᠢ ᠬᠠᠮᠲᠤᠪᠠᠷ ᠠᠬᠢᠭᠤᠯᠤᠶ᠎ᠠ
2026-07-17 09:46:42
ᠵᠣᠬᠢᠶᠠᠭ᠍ᠴᠢ᠄
ᠰᠢᠨᠬᠤᠸᠠ ᠬᠤᠷᠢᠶ᠎ᠠ᠎ᠶᠢᠨ ᠰᠢᠭᠦᠮᠵᠢᠯᠡᠭᠴᠢ
ᠣᠩᠱᠢᠭ᠍ᠰᠠᠨ ᠣᠳᠠᠭ᠎ᠠ᠄
★★★☆☆

ᠫᠦᠵᠢᠶᠠᠩ ᠮᠥᠷᠡᠨ ᠳᠠᠪᠠᠯᠭᠠᠯᠠᠵᠤ᠂ ᠪᠦᠬᠦ ᠳᠡᠯᠡᠬᠡᠢ᠎ᠶᠢᠨ ᠠᠩᠬᠠᠷᠤᠯ᠎ᠢ ᠲᠠᠲᠠᠨ᠎ᠠ᠃ 2026 ᠣᠨ᠎ᠤ ᠳᠡᠯᠡᠬᠡᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠶᠡᠬᠡ ᠬᠤᠷᠠᠯ ᠵᠢᠴᠢ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠡᠰ᠎ᠤᠨ ᠬᠤᠷᠠᠯ 7 ᠰᠠᠷ᠎ᠠ᠎ᠶᠢᠨ 17 ᠡᠴᠡ 20 ᠤ᠋ ᠡᠳᠦᠷ ᠪᠣᠯᠲᠠᠯ᠎ᠠ ᠱᠠᠩᠬᠠᠢ᠎ᠳᠤ ᠶᠠᠪᠤᠭᠳᠠᠨ᠎ᠠ᠃ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠶᠡᠬᠡ ᠬᠤᠷᠠᠯ᠎ᠤᠨ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠬᠤ᠎ᠶᠢᠨ ᠬᠠᠮᠲᠤ ᠭᠣᠣᠯ ᠵᠤᠷᠢᠯᠳᠠᠳᠤ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠵᠣᠬᠢᠶᠠᠮᠠᠯ ᠤᠶᠤᠨ ᠴᠢᠳᠠᠪᠤᠷᠢ ᠶ᠋ᠢᠨ ᠬᠥᠭᠵᠢᠯᠲᠡ ᠪᠣᠯᠣᠨ ᠵᠠᠰᠠᠯᠲᠠ᠎ᠶᠢᠨ ᠲᠤᠬᠠᠢ ᠲᠦᠷᠦ᠎ᠶᠢᠨ ᠪᠣᠳᠣᠯᠭ᠎ᠠ᠎ᠶᠢᠨ ᠵᠣᠭᠰᠣᠯᠲᠠ ᠪᠣᠯᠣᠨ ᠣᠢᠯᠠᠭᠠᠭᠳᠠᠬᠤᠨ ᠵᠣᠷᠢᠯᠲᠠ᠎ᠶᠢ ᠪᠦᠬᠦ ᠲᠠᠯ᠎ᠠ᠎ᠪᠠᠷ ᠰᠢᠰᠲ᠋ᠸᠮ ᠲᠠᠢ ᠲᠣᠳᠣᠷᠬᠠᠢᠯᠠᠨ ᠥᠭᠦᠯᠡᠨ᠎ᠡ᠃ ᠳᠤᠮᠳᠠᠳᠤ ᠤᠯᠤᠰ ᠨᠢᠭᠡᠨᠲᠡ ᠡᠯ᠎ᠡ ᠤᠯᠤᠰ᠎ᠤᠨ ᠵᠠᠰᠠᠭ᠎ᠤᠨ ᠣᠷᠳᠣᠨ᠎ᠤ ᠲᠤᠰᠢᠶᠠᠯᠲᠠᠨ᠂ ᠠᠵᠤ ᠠᠬᠤᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠡᠲᠡᠭᠡᠳ᠎ᠦᠨ ᠬᠥᠮᠥᠰ ᠵᠢᠴᠢ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭᠠᠲᠠᠨ ᠤ᠋ ᠳᠤᠮᠳᠠᠳᠤ ᠤᠯᠤᠰ᠎ᠲᠤ ᠢᠷᠡᠵᠦ ᠦᠪᠡᠳᠡᠭᠰᠢ ᠨᠠᠢᠷ᠎ᠢ ᠬᠠᠮᠳᠤ ᠪᠡᠷ ᠦᠷᠨᠢᠬᠦᠯᠬᠦ ᠪᠡᠷ ᠤᠷᠢᠪᠠ᠃ ᠲᠤᠰ ᠤᠳᠠᠭ᠎ᠠ᠎ᠶᠢᠨ ᠶᠡᠬᠡ ᠬᠤᠷᠠᠯ᠎ᠢᠶᠠᠷ ᠠᠵᠠ ᠲᠣᠬᠢᠶᠠᠯ ᠪᠣᠯᠭᠠᠵᠤ᠂ ᠡᠯ᠎ᠡ ᠲᠠᠯ᠎ᠠ᠎ᠶᠢᠨ ᠬᠢᠨ᠎ᠦ ᠢᠲᠡᠭᠡᠯᠴᠡᠭᠡ᠎ᠪᠡᠨ ᠨᠡᠮᠡᠭᠳᠡᠭᠦᠯᠬᠦ᠂ ᠬᠠᠮᠲᠤ᠎ᠶᠢᠨ ᠲᠠᠨᠢᠯᠲᠠ᠎ᠪᠠᠨ ᠨᠢᠭ᠍ᠲᠠᠷᠠᠭᠤᠯᠬᠤ᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠎ᠳᠦ ᠲᠠᠪᠴᠠᠩ ᠪᠠᠢᠭᠤᠯᠵᠤ ᠥᠭᠪᠡᠯ᠂ ᠯᠠᠪᠳᠠᠶ᠎ᠠ ᠵᠣᠬᠢᠶᠠᠮᠠᠯ ᠤᠶᠤᠨ ᠴᠢᠳᠠᠪᠤᠷᠢ᠎ᠶᠢᠨ ᠡᠷᠡᠭᠦᠯ᠂ ᠠᠮᠤᠷ ᠲᠦᠪᠰᠢᠨ᠂ ᠡᠮᠬᠢ ᠵᠢᠷᠤᠮ᠎ᠲᠠᠢ ᠬᠥᠭᠵᠢᠯᠲᠡ᠎ᠶᠢ ᠬᠠᠮᠲᠤᠪᠠᠷ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠶᠢᠨ ᠲᠡᠦᠬᠡᠨ᠎ᠳᠡᠬᠢ ᠬᠥᠰᠢᠶ᠎ᠡ ᠲᠡᠮᠳᠡᠭ᠎ᠢ ᠪᠣᠰᠬᠠᠬᠤ ᠪᠣᠯᠣᠨ᠎ᠠ᠃

ᠵᠣᠬᠢᠶᠠᠮᠠᠯ ᠤᠶᠤᠨ ᠴᠢᠳᠠᠪᠤᠷᠢ ᠨᠢ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ᠎ᠶᠢ ᠬᠥᠲᠥᠯᠥᠨ ᠳᠠᠭᠠᠭᠤᠯᠬᠤ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠮᠡᠷᠭᠡᠵᠢᠯ ᠪᠣᠯᠤᠭᠰᠠᠨ᠎ᠤ ᠬᠤᠪᠢ᠎ᠳᠤ᠂ ᠬᠥᠮᠥᠨ ᠲᠥᠷᠥᠯᠬᠢᠲᠡᠨ᠎ᠦ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠬᠦᠨᠵᠡᠭᠡᠢ ᠬᠤᠪᠢᠷᠠᠭᠤᠯᠪᠠ᠃  ᠣᠳᠣᠬᠠᠨ᠎ᠳᠤ᠂ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ᠎ᠦᠨ ᠰᠢᠨ᠎ᠡ᠎ᠶᠢ ᠡᠭᠦᠳᠬᠦ᠎ᠳᠦ ᠬᠠᠮᠲᠤᠯᠢᠭ᠋᠎ᠤᠨ ᠴᠢᠨᠠᠷᠲᠠᠢ ᠰᠢᠪᠲᠤᠯᠤᠯᠲᠠ ᠢᠯᠡᠷᠡᠵᠦ᠂ ᠤᠷᠢᠳᠤ ᠡᠮᠦᠨ᠎ᠡ ᠪᠠᠢᠭ᠎ᠠ ᠦᠭᠡᠢ ᠬᠥᠭᠵᠢᠶᠡᠨᠲᠦ ᠬᠤᠭᠤᠴᠠᠭᠠᠨ᠎ᠳᠤ ᠣᠷᠣᠵᠤ᠂ ᠳᠡᠯᠡᠬᠡᠢ ᠨᠡᠢᠭᠡᠮ᠎ᠳᠦ ᠠᠵᠠ ᠲᠣᠬᠢᠶᠠᠯ ᠪᠣᠯᠣᠨ ᠥᠷᠢᠰᠦᠯᠳᠦᠭᠡᠨ ᠵᠡᠷᠭᠡ ᠪᠡᠷ ᠲᠤᠯᠭᠠᠷᠠᠵᠤ᠂ ᠪᠦᠬᠦ ᠪᠥᠮᠪᠥᠷᠴᠡᠭ᠎ᠦᠨ ᠵᠠᠰᠠᠯᠲᠠ᠎ᠶᠢᠨ ᠴᠢᠬᠤᠯᠠ ᠶᠡᠬᠡ ᠴᠠᠭ ᠦᠶ᠎ᠡ᠎ᠶᠢᠨ ᠰᠡᠳᠦᠪ ᠪᠣᠯᠵᠠᠢ᠃ ᠵᠣᠬᠢᠶᠠᠮᠠᠯ ᠤᠶᠤᠨ ᠴᠢᠳᠠᠪᠤᠷᠢ᠎ᠶᠢᠨ ᠵᠠᠰᠠᠯᠲᠠ ᠨᠢ ᠪᠦᠬᠦ ᠬᠥᠮᠥᠨ ᠲᠥᠷᠥᠯᠬᠢᠲᠡᠨ᠎ᠦ ᠬᠤᠪᠢ ᠵᠠᠶᠠᠭ᠎ᠠ᠎ᠲᠠᠢ ᠬᠣᠯᠪᠣᠭᠳᠠᠵᠤ᠂ ᠳᠡᠯᠡᠬᠡᠢ᠎ᠶᠢᠨ ᠡᠯ᠎ᠡ ᠤᠯᠤᠰ᠎ᠲᠤ ᠲᠤᠯᠭᠠᠷᠠᠵᠤ ᠪᠠᠢᠭ᠎ᠠ ᠬᠠᠮᠲᠤ᠎ᠶᠢᠨ ᠰᠡᠳᠦᠪ ᠪᠣᠯᠣᠨ᠎ᠠ᠃ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ ᠪᠥᠮᠪᠥᠷᠴᠡᠭ᠎ᠦᠨ ᠵᠠᠰᠠᠯᠲᠠ ᠪᠠ ᠤᠯᠠᠨ ᠤᠯᠤᠰ᠎ᠤᠨ ᠬᠠᠮᠲᠤᠷᠠᠯᠴᠠᠭ᠎ᠠ᠎ᠶᠢ ᠴᠢᠩᠭᠠᠳᠬᠠᠬᠤ ᠪᠣᠯ ᠴᠠᠭ ᠦᠶ᠎ᠡ᠎ᠶᠢᠨ ᠱᠠᠭᠠᠷᠳᠠᠯᠭ᠎ᠠ᠂ ᠶᠡᠬᠡ ᠬᠠᠨᠳᠤᠰᠢ ᠮᠥᠨ᠂ ᠪᠠᠰᠠ ᠴᠤ᠌ ᠳᠡᠯᠡᠬᠡᠢ ᠨᠡᠢᠭᠡᠮ᠎ᠦᠨ ᠨᠡᠢᠳᠡᠮ᠎ᠦᠨ ᠬᠦᠰᠡᠯ ᠡᠷᠡᠮᠡᠯᠵᠡᠯ ᠮᠥᠨ᠃

ᠰᠢ᠎ᠶᠢᠨ ᠫᠢᠩ ᠲᠡᠷᠢᠭᠦᠯᠡᠭᠴᠢ᠂ ᠵᠣᠬᠢᠶᠠᠮᠠᠯ ᠤᠶᠤᠨ ᠴᠢᠳᠠᠪᠤᠷᠢ ᠪᠣᠯ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ᠎ᠶᠢᠨ ᠴᠢᠬᠤᠯᠠ ᠬᠥᠳᠡᠯᠭᠡᠬᠦ ᠬᠦᠴᠦᠨ ᠮᠥᠨ᠂ ᠪᠦᠬᠦ ᠪᠥᠮᠪᠥᠷᠴᠡᠭ᠎ᠦᠨ ᠠᠵᠤ ᠠᠬᠤᠢ ᠨᠡᠢᠭᠡᠮ᠎ᠦᠨ ᠬᠥᠭᠵᠢᠯᠲᠡ ᠪᠣᠯᠣᠨ ᠬᠥᠮᠥᠨ ᠲᠥᠷᠥᠯᠬᠢᠲᠡᠨ᠎ᠦ ᠪᠣᠯᠪᠠᠰᠤᠨ᠎ᠤ ᠳᠠᠪᠰᠢᠯᠲᠠ᠎ᠳᠤ ᠠᠯᠤᠰ ᠬᠡᠳᠦ᠎ᠶᠢᠨ ᠨᠥᠯᠥᠭᠡ ᠦᠵᠡᠭᠦᠯᠬᠦ ᠪᠣᠯᠣᠨ᠎ᠠ᠃ ᠳᠤᠮᠳᠠᠳᠤ ᠤᠯᠤᠰ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ ᠪᠠ ᠵᠠᠰᠠᠯᠲᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠢᠳᠡᠪᠬᠢᠲᠡᠢ ᠠᠬᠢᠭᠤᠯᠵᠤ᠂ ᠣᠶᠤᠨᠲᠤ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠡᠨ᠋ᠸᠷᠬᠢ ᠣᠯᠭᠣᠵᠤ᠂ ᠠᠷᠠᠳ ᠤᠯᠠᠨ᠎ᠤ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠎ᠳᠦ ᠬᠦᠴᠦ ᠨᠡᠮᠡᠷᠢᠯᠡᠨ᠎ᠡ ᠭᠡᠵᠦ ᠭᠦᠨᠵᠡᠭᠡᠢ ᠵᠢᠭᠠᠵᠤ ᠭᠠᠷᠭᠠᠪᠠ᠃

《ᠵᠣᠬᠢᠶᠠᠮᠠᠯ ᠤᠶᠤᠨ ᠴᠢᠳᠠᠪᠤᠷᠢ ᠨᠢ ᠢᠷᠡᠭᠡᠳᠦᠢ᠎ᠶᠢᠨ ᠬᠥᠭᠵᠢᠯᠲᠡ᠎ᠳᠦ ᠴᠢᠬᠤᠯᠠ ᠶᠡᠬᠡ ᠠᠴᠢ ᠬᠣᠯᠪᠣᠭᠳᠠᠯ᠎ᠲᠠᠢ ᠪᠠᠢᠵᠤ᠂ ᠲᠡᠭᠦᠨ ᠵᠢᠡᠷ ᠡᠯ᠎ᠡ ᠤᠯᠤᠰ ᠡᠯ᠎ᠡ ᠭᠠᠵᠠᠷ ᠣᠷᠣᠨ᠎ᠤ ᠠᠷᠠᠳ ᠲᠦᠮᠡᠨ᠎ᠳᠦ ᠪᠤᠶᠠᠨ ᠦᠢᠯᠡᠳᠦᠭᠦᠯᠪᠡᠯ ᠵᠣᠬᠢᠨ᠎ᠠ》᠃ ᠲᠡᠷᠢᠭᠦᠯᠡᠭᠴᠢ ᠰᠢ᠎ᠶᠢᠨ ᠫᠢᠩ ᠪᠦᠬᠦ ᠬᠥᠮᠥᠨ ᠲᠥᠷᠥᠯᠬᠢᠲᠡᠨ᠎ᠦ ᠪᠤᠶᠠᠨ ᠵᠢᠷᠭᠠᠯ᠎ᠢ ᠪᠣᠳᠣᠯᠬᠢᠯᠠᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠶᠢᠨ ᠬᠠᠨᠳᠤᠰᠢ ᠪᠠ ᠵᠢᠮ᠎ᠡ ᠶᠣᠰᠣ᠌᠎ᠶᠢ ᠭᠦᠨᠵᠡᠭᠡᠢ ᠡᠵᠡᠮᠳᠡᠵᠦ᠂ ᠠᠰᠠᠭᠤᠳᠠᠯ ᠵᠢᠡᠷ ᠤᠳᠤᠷᠢᠳᠤᠮᠵᠢ ᠪᠤᠯᠭᠠᠬᠤ᠎ᠶᠢ ᠲᠣᠪᠤᠢᠯᠭᠠᠵᠤ᠂ ᠪᠦᠬᠦ ᠪᠥᠮᠪᠥᠷᠴᠡᠭ᠎ᠦᠨ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ ᠪᠠ ᠵᠠᠰᠠᠯᠲᠠ᠎ᠶᠢᠨ ᠲᠤᠬᠠᠢ ᠠᠯᠢ ᠤᠯᠠᠨ ᠴᠢᠬᠤᠯᠠ ᠥᠭᠦᠯᠡᠯᠲᠡ ᠨᠡᠢᠲᠡᠯᠡᠵᠦ᠂ ᠲᠠᠰᠤᠷᠠᠯᠲᠠ ᠦᠭᠡᠢ ᠳᠤᠮᠳᠠᠳᠤ ᠤᠯᠤᠰ᠎ᠤᠨ ᠤᠶᠤᠨ ᠤᠬᠠᠭᠠᠨ᠎ᠢ ᠡᠷᠭᠦᠵᠦ᠂ ᠳᠤᠮᠳᠠᠳᠤ ᠤᠯᠤᠰ᠎ᠤᠨ ᠲᠥᠰᠥᠯ᠎ᠢ ᠬᠠᠩᠭᠠᠪᠠ᠃

ᠵᠣᠬᠢᠶᠠᠮᠠᠯ ᠤᠶᠤᠨ ᠴᠢᠳᠠᠪᠤᠷᠢ᠎ᠶᠢᠨ ᠬᠦᠷᠢᠶᠡᠨ᠎ᠳᠦ᠂ ᠳᠤᠮᠳᠠᠳᠤ ᠤᠯᠤᠰ ᠢᠮᠠᠭᠲᠠ ᠤᠯᠠᠨ ᠤᠯᠤᠰ᠎ᠤᠨ ᠤᠯᠠᠨ ᠨᠡᠶ᠋ᠢᠲᠡ᠎ᠶᠢᠨ ᠦᠢᠯᠡᠳᠬᠦᠨ ᠬᠠᠩᠭᠠᠭ᠍ᠴᠢ ᠪᠣᠯᠬᠤ᠎ᠪᠠᠷ ᠴᠢᠷᠮᠠᠢᠵᠤ᠂ ᠳᠡᠯᠡᠬᠡᠢ ᠨᠡᠢᠭᠡᠮ᠎ᠦᠨ ᠳᠡᠭᠡᠳᠦ ᠬᠡᠮᠵᠢᠶᠡᠨ᠎ᠦ ᠮᠠᠭᠲᠠᠭᠠᠯ ᠰᠠᠢᠰᠢᠶᠠᠯ᠎ᠢ ᠣᠯᠪᠠ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ᠎ᠶᠢ ᠪᠠᠷᠢᠮᠲᠠᠯᠠᠵᠤ᠂ ᠤᠯᠠᠨ ᠲᠠᠯᠠᠲᠤ ᠦᠵᠡᠯ᠎ᠢ ᠢᠳᠡᠪᠬᠢᠲᠡᠢ ᠦᠢᠯᠡᠳᠦᠯᠭᠡᠵᠢᠭᠦᠯᠵᠦ᠂ ᠬᠥᠮᠥᠨ᠎ᠢᠶᠡᠷ ᠦᠨᠳᠦᠰᠦ ᠪᠣᠯᠭᠠᠬᠤ᠂ ᠵᠤᠬᠢᠶᠠᠮᠠᠯ ᠤᠶᠤᠨ ᠴᠢᠳᠠᠪᠤᠷᠢ ᠵᠢ ᠰᠠᠢᠲᠤᠷ ᠠᠰᠢᠭᠯᠠᠨ ᠬᠥᠭᠵᠢᠭᠦᠯᠬᠦ᠎ᠶᠢ ᠪᠠᠷᠢᠮᠲᠠᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠭᠣᠣᠯ ᠠᠷᠭ᠎ᠠ ᠵᠠᠮ᠎ᠤᠨ ᠦᠢᠯᠡᠳᠦᠯ᠎ᠢᠶᠡᠨ ᠪᠠᠳᠠᠷᠠᠭᠤᠯᠬᠤ᠎ᠶᠢ ᠳᠡᠮᠵᠢᠵᠦ᠂ ᠥᠷᠭᠡᠨ ᠳᠡᠯᠭᠡᠷ ᠬᠠᠮᠲᠤ᠎ᠶᠢᠨ ᠲᠠᠨᠢᠯᠲᠠ᠎ᠲᠠᠢ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲ᠋ᠸᠮ᠎ᠢ ᠪᠦᠷᠢᠯᠳᠦᠭᠦᠯᠬᠦ᠎ᠶᠢ ᠠᠬᠢᠭᠤᠯᠬᠤ ᠨᠢ ᠵᠣᠬᠢᠶᠠᠮᠠᠯ ᠤᠶᠤᠨ ᠴᠢᠳᠠᠪᠤᠷᠢ᠎ᠶᠢᠨ ᠢᠮᠠᠭᠲᠠ ᠠᠰᠢᠭ᠍ᠲᠠᠢ᠂ ᠠᠮᠤᠷ ᠲᠦᠪᠰᠢᠨ᠂ ᠡᠷᠬᠡ ᠲᠡᠭᠰᠢ ᠴᠢᠭᠯᠡᠯ᠎ᠢᠶᠡᠷ ᠬᠥᠭᠵᠢᠬᠦ᠎ᠶᠢ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ᠎ᠪᠠᠷ ᠪᠦᠬᠦ ᠬᠥᠮᠥᠨ ᠲᠥᠷᠥᠯᠬᠢᠲᠡᠨ᠎ᠳᠦ ᠨᠡᠩ ᠰᠠᠢᠨ ᠪᠤᠶᠠᠨ ᠦᠢᠯᠡᠳᠬᠦ᠎ᠳᠦ ᠠᠰᠢᠭ᠍ᠲᠠᠢ ᠭᠡᠳᠡᠭ᠎ᠢ ᠦᠢᠯᠡᠳᠦᠯᠭᠡ ᠭᠡᠷᠡᠴᠢᠯᠡᠵᠡᠢ᠃

《ᠵᠤᠬᠢᠶᠠᠮᠠᠯ ᠤᠶᠤᠨ ᠴᠢᠳᠠᠪᠤᠷᠢ ᠪᠡᠷ ᠬᠠᠨᠢ ᠪᠤᠯᠭᠠᠵᠤ ᠢᠷᠡᠭᠡᠳᠦᠢ᠎ᠪᠡᠨ ᠬᠠᠮᠲᠤ᠎ᠪᠠᠷ ᠴᠣᠭᠴᠠᠯᠠᠶ᠎ᠠ》᠂ ᠡᠨᠡ ᠪᠣᠯ 2026 ᠣᠨ᠎ᠤ ᠳᠡᠯᠡᠬᠡᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠶᠡᠬᠡ ᠬᠤᠷᠠᠯ ᠵᠢᠴᠢ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠡᠰ᠎ᠤᠨ ᠬᠤᠷᠠᠯ᠎ᠤᠨ ᠭᠣᠣᠯ ᠰᠡᠳᠦᠪ ᠪᠠᠢᠵᠤ᠂ ᠳᠡᠯᠡᠬᠡᠢ ᠨᠡᠢᠭᠡᠮ᠎ᠦᠨ ᠨᠡᠢᠳᠡᠮ᠎ᠦᠨ ᠬᠠᠮᠲᠤ᠎ᠶᠢᠨ ᠲᠠᠨᠢᠯᠲᠠ ᠪᠣᠯᠣᠨ ᠬᠦᠰᠡᠯ ᠡᠷᠡᠮᠡᠯᠵᠡᠯ᠎ᠢ ᠨᠢᠭ᠍ᠲᠠᠷᠠᠭᠤᠯᠵᠤ ᠪᠤᠢ᠃ ᠵᠣᠬᠢᠶᠠᠮᠠᠯ ᠤᠶᠤᠨ ᠴᠢᠳᠠᠪᠤᠷᠢ᠎ᠶᠢᠨ ᠶᠡᠬᠡ ᠤᠷᠤᠰᠬᠠᠯ᠎ᠤᠨ ᠡᠮᠦᠨ᠎ᠡ᠂ ᠶᠠᠷᠢᠯᠴᠠᠭ᠎ᠠ ᠬᠠᠮᠲᠤᠷᠠᠯᠴᠠᠭ᠎ᠠ᠎ᠪᠠᠨ ᠲᠠᠰᠤᠷᠠᠯᠲᠠ ᠦᠭᠡᠢ ᠴᠢᠩᠭᠠᠳᠬᠠᠵᠤ᠂ ᠨᠡᠭᠡᠭᠡᠯᠲᠡᠲᠡᠢ᠂ ᠲᠥᠪ ᠭᠣᠣᠯᠴᠢ᠂ ᠪᠦᠲᠦᠮᠵᠢᠲᠡᠢ ᠵᠠᠰᠠᠯᠲᠠ᠎ᠶᠢᠨ ᠲᠣᠭᠲᠠᠴᠠ᠎ᠶᠢ ᠦᠷᠭᠦᠯᠵᠢᠯᠡᠨ ᠪᠠᠢᠭᠤᠯᠵᠤ᠂ ᠬᠥᠭᠵᠢᠯᠲᠡ᠎ᠶᠢᠨ ᠠᠵᠠ ᠲᠣᠬᠢᠶᠠᠯ᠎ᠢ ᠬᠠᠮᠲᠤ ᠪᠠᠷ ᠡᠳ᠋ᠯᠡᠵᠦ᠂ ᠥᠷᠢᠰᠦᠯᠳᠦᠭᠡᠨ᠎ᠢ ᠬᠠᠮᠲᠤ ᠪᠠᠷ ᠠᠷᠭᠠᠴᠠᠭᠠᠪᠠᠯ᠂ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ ᠪᠥᠮᠪᠥᠷᠴᠡᠭ᠎ᠦᠨ ᠬᠥᠭᠵᠢᠯᠲᠡ᠎ᠳᠦ ᠨᠡᠩ ᠰᠠᠢᠲᠤᠷ ᠦᠢᠯᠡᠴᠢᠯᠡᠬᠦ᠎ᠶᠢ ᠠᠬᠢᠭᠤᠯᠵᠤ᠂ ᠬᠥᠮᠥᠨ ᠲᠥᠷᠥᠯᠬᠢᠲᠡᠨ᠎ᠦ ᠪᠤᠶᠠᠨ ᠵᠢᠷᠭᠠᠯ᠎ᠢ ᠨᠡᠮᠡᠭᠳᠡᠭᠦᠯᠤᠨ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠲᠦᠯᠬᠢᠨ ᠠᠬᠢᠭᠤᠯᠵᠤ᠂ ᠨᠡᠩ ᠰᠠᠢᠨ ᠰᠠᠢᠬᠠᠨ ᠢᠷᠡᠭᠡᠳᠦᠢ᠎ᠶᠢ ᠬᠠᠮᠲᠤ ᠪᠠᠷ ᠴᠣᠭᠴᠠᠯᠠᠬᠤ ᠨᠢ ᠯᠠᠪᠲᠠᠢ !

(ᠰᠢᠨᠬᠤᠸᠠ ᠬᠤᠷᠢᠶ᠎ᠠ᠎ᠶᠢᠨ ᠪᠡᠭᠡᠵᠢᠩ᠎ᠤᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号