ᠲᠦᠷᠦᠬᠦᠬᠡᠨ《ᠰᠦᠯᠵᠢᠶᠡᠨ ᠤ᠋ ᠢᠳᠡᠭᠡᠨ ᠤᠮᠳᠠᠭᠠᠨ ᠤ᠋ ᠦᠢᠯᠡᠴᠢᠯᠡᠭᠡᠨ ᠤ᠋ ᠡᠵᠡᠩᠨᠡᠭᠴᠢ ᠶ᠋ᠢᠨ ᠢᠳᠡᠭᠡᠨ ᠤ᠋ ᠠᠮᠤᠷ ᠲᠦᠪᠰᠢᠨ ᠤ᠋ ᠭᠣᠣᠯ ᠴᠣᠭᠴᠠ ᠶ᠋ᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠢᠨᠠᠯᠲᠠ ᠬᠠᠮᠢᠶᠠᠷᠤᠯᠲᠠ ᠶ᠋ᠢᠨ ᠲᠣᠭᠲᠠᠭᠠᠯ》 (ᠳᠣᠷᠣᠭᠰᠢ 《ᠲᠣᠭᠲᠠᠭᠠᠯ》 ᠭᠡᠵᠦ᠍ ᠳᠥᠭᠥᠮᠴᠢᠯᠡᠨᠡ) ᠢ᠋ ᠬᠡᠷᠡᠭᠵᠢᠭᠦᠯᠦᠭᠰᠡᠨ ᠡᠴᠡ ᠨᠠᠭᠠᠰᠢ᠂ ᠥᠪᠥᠷ ᠮᠣᠩᠭᠣᠯ ᠤ᠋ᠨ ᠡᠯ᠎ᠡ ᠭᠠᠵᠠᠷ ᠤ᠋ᠨ ᠬᠢᠨ 《ᠲᠣᠭᠲᠠᠭᠠᠯ》 ᠢ᠋ ᠦᠨᠳᠦᠰᠦᠯᠡᠨ ᠱᠠᠭᠠᠷᠳᠠᠯᠭ᠎ᠠ ᠵᠢ ᠨᠠᠷᠢᠯᠢᠬᠵᠢᠭᠤᠯᠵᠤ᠂ ᠲᠠᠪᠴᠠᠩ᠂ ᠬᠤᠳᠠᠯᠳᠤᠭᠠᠨ ᠤ᠋ ᠡᠷᠦᠬᠡ᠂ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠤ᠋ᠨ ᠭᠤᠷᠪᠠᠨ ᠲᠠᠯ᠎ᠠ ᠶ᠋ᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠶ᠋ᠢᠵᠢᠭᠤᠯᠵᠤ᠂ ᠣᠶᠤᠨᠴᠢ ᠬᠢᠨᠠᠯᠲᠠ ᠬᠠᠮᠢᠶᠠᠷᠤᠯᠲᠠ᠂ ᠨᠡᠶ᠋ᠢᠭᠡᠮ ᠲᠠᠶᠠᠭᠠᠷ ᠢ᠋ᠶ᠋ᠡᠨ ᠬᠠᠮᠲᠤ ᠪᠡᠷ ᠵᠠᠰᠠᠬᠤ᠂ ᠠᠶ᠋ᠢᠮᠠᠭ ᠬᠤᠲᠠ ᠠᠯᠤᠰᠯᠠᠵᠤ ᠬᠣᠯᠪᠣᠭᠠᠯᠠᠨ ᠬᠥᠳᠡᠯᠦᠯᠴᠡᠬᠦ᠌ ᠵᠡᠷᠭᠡ ᠠᠷᠭ᠎ᠠ ᠬᠡᠮᠵᠢᠶ᠎ᠡ ᠳ᠋ᠤ ᠲᠦᠰᠢᠭᠯᠡᠵᠦ᠍᠂ ᠰᠦᠯᠵᠢᠶᠡᠨ ᠤ᠋ ᠢᠳᠡᠭᠡᠨ ᠤᠮᠳᠠᠭᠠᠨ ᠤ᠋ ᠡᠵᠡᠩᠨᠡᠯᠲᠡ ᠶ᠋ᠢᠨ ᠡᠮᠬᠢ ᠵᠢᠷᠦᠮ ᠢ᠋ ᠴᠢᠡᠭᠭ᠎ᠠ ᠵᠢᠷᠤᠮᠵᠢᠭᠤᠯᠵᠤ ᠪᠠᠢᠨ᠎ᠠ᠃
ᠪᠥᠬᠥ᠌ ᠬᠣᠲᠠ ᠶ᠋ᠢᠨ 8000 ᠭᠠᠷᠤᠶ ᠵᠠᠬᠢᠶᠠᠯᠠᠭ᠎ᠠ ᠶ᠋ᠢᠨ ᠬᠣᠭᠣᠯᠠ ᠤᠮᠳᠠ ᠶ᠋ᠢᠨ ᠡᠵᠡᠩᠨᠡᠯᠲᠡ ᠶ᠋ᠢᠨ ᠡᠷᠦᠬᠡ ᠶ᠋ᠢᠨ ᠬᠢᠨᠠᠯᠲᠠ ᠬᠠᠮᠢᠶᠠᠷᠤᠯᠲᠠ ᠶ᠋ᠢᠨ ᠬᠦᠴᠢᠷ ᠠᠰᠠᠭᠤᠳᠠᠯ ᠳ᠋ᠤ ᠴᠢᠭᠯᠡᠭᠦᠯᠦᠨ᠂ ᠬᠥᠬᠡᠬᠣᠲᠠ ᠵᠠᠬᠢᠶᠠᠯᠠᠭ᠎ᠠ ᠶ᠋ᠢᠨ ᠬᠣᠭᠣᠯᠠ ᠬᠦᠷᠭᠡᠭᠴᠢ ᠶ᠋ᠢᠨ ᠢᠳᠡᠭᠡᠨ ᠤ᠋ ᠠᠮᠤᠷ ᠲᠦᠪᠰᠢᠨ ᠤ᠋ 《ᠭᠠᠷ ᠤ᠋ᠨ ᠠᠶ᠎ᠠ ᠪᠡᠷ ᠰᠡᠭᠦᠳᠡᠷᠯᠡᠬᠦ᠌》 ᠱᠠᠩᠨᠠᠯ ᠤ᠋ᠨ ᠲᠦᠷᠢᠮ ᠢ᠋ ᠵᠢᠩᠬᠢᠨᠢ ᠪᠡᠷ ᠬᠡᠷᠡᠭᠵᠢᠭᠦᠯᠵᠦ᠍᠂ 《ᠬᠣᠭᠣᠯᠠ ᠬᠦᠷᠭᠡᠭᠴᠢ ᠲᠤᠬᠠᠢ ᠶ᠋ᠢᠨ ᠲᠠᠯᠠᠪᠠᠢ ᠳ᠋ᠤ ᠲᠣᠭᠣᠷᠢᠨ ᠪᠠᠶ᠋ᠢᠴᠠᠭᠠᠬᠤ᠂ ᠰᠦᠪᠡᠭᠴᠢ ᠵᠢ ᠴᠠᠭ ᠲᠤᠬᠠᠶ ᠳ᠋ᠤᠨᠢ ᠳᠡᠭᠡᠭᠰᠢ ᠮᠡᠳᠡᠭᠦᠯᠬᠦ᠂ ᠰᠠᠯᠠᠭ᠎ᠠ ᠮᠥᠴᠢᠷ ᠲᠦᠷᠭᠡᠨ ᠰᠢᠢᠳᠪᠦᠷᠢᠯᠡᠬᠦ》 ᠬᠠᠮᠲᠤ ᠪᠡᠷ ᠵᠠᠰᠠᠬᠤ ᠰᠢᠨ᠎ᠡ ᠵᠠᠭᠪᠤᠷ ᠢ᠋ ᠪᠠᠶ᠋ᠢᠭᠤᠯᠪᠠ᠃ ᠡᠭᠦᠨ ᠤ᠋ ᠬᠠᠮᠲᠤ᠌᠂ ᠬᠥᠬᠡᠬᠣᠲᠠ ᠲᠤᠬᠠᠶ᠋ᠢᠯᠠᠭᠰᠠᠨ ᠠᠵᠢᠯ ᠤ᠋ᠨ ᠪᠣᠯᠪᠠᠰᠤᠷᠠᠯ ᠬᠦᠷᠲᠡᠭᠡᠬᠦ᠌᠂ ᠤᠷᠢᠯᠭ᠎ᠠ ᠶ᠋ᠢᠨ ᠪᠢᠴᠢᠭ ᠣᠯᠭᠣᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠪᠥᠬᠥ᠌ ᠬᠣᠲᠠ ᠶ᠋ᠢᠨ 4600 ᠭᠠᠷᠤᠶ ᠵᠠᠬᠢᠶᠠᠯᠠᠭ᠎ᠠ ᠶ᠋ᠢᠨ ᠬᠣᠭᠣᠯᠠ ᠬᠦᠷᠭᠡᠭᠴᠢ ᠵᠢ ᠢᠳᠡᠭᠡᠨ ᠤ᠋ ᠠᠮᠤᠷ ᠲᠦᠪᠰᠢᠨ ᠤ᠋ ᠨᠡᠶ᠋ᠢᠭᠡᠮ ᠤ᠋ᠨ ᠬᠢᠨᠠᠯᠲᠠ ᠲᠠᠯᠪᠢᠭᠴᠢ ᠪᠣᠯᠭᠠᠨ ᠡᠯᠰᠡᠵᠦ᠍᠂ ᠤᠯᠠᠮᠵᠢᠯᠠᠯᠲᠤ᠌ ᠬᠢᠨᠠᠯᠲᠠ ᠬᠠᠮᠢᠶᠠᠷᠤᠯᠲᠠ ᠶ᠋ᠢᠨ ᠬᠠᠮᠤᠷᠬᠤ ᠬᠡᠪᠴᠢᠶ᠎ᠡ ᠬᠢᠵᠠᠭᠠᠷ ᠲᠠᠢ ᠪᠠᠶ᠋ᠢᠬᠤ ᠳᠤᠲᠠᠭᠤᠳᠠᠯ ᠢ᠋ ᠨᠦᠬᠦᠪᠦᠷᠢᠯᠡᠪᠡ᠃
ᠮᠧᠶ ᠲᠣᠸᠠᠨ ᠵᠡᠷᠭᠡ ᠵᠠᠬᠢᠶᠠᠯᠠᠭ᠎ᠠ ᠶ᠋ᠢᠨ ᠬᠣᠭᠣᠯᠠ ᠬᠦᠷᠭᠡᠬᠦ᠌ ᠲᠠᠪᠴᠠᠩ ᠬᠠᠷᠢᠶ᠎ᠠ ᠭᠠᠵᠠᠷ ᠤ᠋ᠨ ᠬᠢᠨᠠᠯᠲᠠ ᠬᠠᠮᠢᠶᠠᠷᠤᠯᠲᠠ ᠶ᠋ᠢᠨ ᠠᠵᠢᠯ ᠳ᠋ᠤ ᠢᠳᠡᠪᠬᠢᠲᠡᠶ ᠬᠠᠮᠵᠢᠯᠴᠠᠵᠤ᠂ ᠵᠠᠬᠢᠶᠠᠯᠠᠭ᠎ᠠ ᠶ᠋ᠢᠨ ᠬᠤᠭᠤᠯᠠ ᠬᠦᠷᠭᠡᠭᠴᠢ ᠶ᠋ᠢᠨ ᠪᠠᠶ᠋ᠢᠩᠭᠤ ᠪᠠᠶ᠋ᠢᠴᠠᠭᠠᠬᠤ᠂ ᠳᠡᠯᠭᠡᠭᠦᠷ ᠤ᠋ᠨ ᠬᠡᠪ ᠤ᠋ᠨ ᠪᠤᠰᠤ ᠡᠵᠡᠩᠨᠡᠯᠲᠡ ᠶ᠋ᠢᠨ ᠰᠦᠪᠡᠭᠴᠢ ᠵᠢ ᠳᠡᠭᠡᠭᠰᠢ ᠮᠡᠳᠡᠭᠦᠯᠬᠦ᠌ ᠵᠢ ᠰᠠᠨᠠᠭᠠᠴᠢᠯᠠᠭ᠎ᠠ ᠡᠴᠡ ᠪᠠᠨ ᠵᠤᠷᠢᠬᠵᠢᠭᠤᠯᠵᠤ᠂ ᠲᠠᠪᠴᠠᠩ ᠤ᠋ᠨ ᠲᠤᠰᠬᠠᠶ ᠤᠷᠮᠠᠰᠢᠭᠤᠯᠬᠤ ᠠᠷᠭ᠎ᠠ ᠪᠣᠳᠣᠯᠭ᠎ᠠ ᠵᠢ ᠬᠡᠷᠡᠭᠵᠢᠭᠦᠯᠵᠦ᠂ ᠵᠠᠰᠠᠭ ᠤ᠋ᠨ ᠤᠷᠳᠤᠨ ᠠᠵᠤ ᠠᠬᠤᠶ᠋ᠢᠯᠠᠯ ᠬᠣᠯᠪᠣᠭᠠᠯᠠᠨ ᠬᠥᠳᠡᠯᠦᠯᠴᠡᠵᠦ᠍ ᠢᠳᠡᠭᠡᠨ ᠤ᠋ ᠠᠮᠤᠷ ᠲᠦᠪᠰᠢᠨ ᠢ᠋ ᠬᠠᠮᠲᠤ ᠪᠡᠷ ᠵᠠᠰᠠᠬᠤ ᠬᠠᠮᠲᠤᠷᠠᠯ ᠬᠦᠴᠦᠨ ᠢ᠋ ᠨᠢᠭᠲᠠᠷᠠᠭᠤᠯᠪᠠ᠃
ᠪᠤᠭᠤᠲᠤ᠌ ᠬᠣᠲᠠ ᠰᠦᠯᠵᠢᠶᠡᠨ ᠤ᠋ ᠢᠳᠡᠭᠡᠨ ᠤᠮᠳᠠᠭᠠᠨ ᠤ᠋ ᠲᠤᠰᠬᠠᠶ ᠴᠡᠭᠴᠡᠯᠡᠨ ᠵᠠᠰᠠᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠲᠣᠰ ᠭᠠᠵᠠᠷ ᠤ᠋ᠨ 《ᠢᠳᠡᠭᠡᠨ ᠤᠮᠳᠠᠭᠠᠨ ᠤ᠋ ᠠᠮᠤᠷ ᠲᠦᠪᠰᠢᠨ ᠤ᠋ ᠭᠠᠷ ᠤ᠋ᠨ ᠠᠶ᠎ᠠ ᠪᠡᠷ ᠰᠡᠭᠦᠳᠡᠷᠯᠡᠬᠦ᠌ 》 ᠵᠢᠵᠢᠭ ᠫᠷᠤᠭ᠌ᠷᠠᠮ ᠳ᠋ᠤ ᠲᠦᠰᠢᠭᠯᠡᠨ᠂ 800 ᠭᠠᠷᠤᠶ ᠵᠠᠬᠢᠶᠠᠯᠠᠭ᠎ᠠ ᠶ᠋ᠢᠨ ᠬᠣᠭᠣᠯᠠ ᠬᠦᠷᠭᠡᠭᠴᠢ ᠵᠢ ᠠᠯᠪᠠᠨ ᠵᠢᠷᠤᠮ ᠤ᠋ᠨ ᠬᠢᠨᠠᠯᠲᠠ ᠲᠠᠯᠪᠢᠭᠴᠢ ᠪᠣᠯᠭᠠᠵᠤ᠂ ᠢᠳᠡᠭᠡᠨ ᠤᠮᠳᠠᠭᠠᠨ ᠤ᠋ ᠡᠵᠡᠩᠨᠡᠯᠲᠡ ᠶ᠋ᠢᠨ ᠵᠢᠷᠤᠮᠵᠢᠯ ᠥᠬᠡᠶ ᠪᠠᠶ᠋ᠢᠬᠤ ᠠᠰᠠᠭᠤᠳᠠᠯ ᠢ᠋ ᠪᠠᠶ᠋ᠢᠩᠭᠤᠵᠢᠭᠤᠯᠤᠨ ᠴᠡᠭᠴᠡᠯᠡᠨ ᠰᠠᠶ᠋ᠢᠵᠢᠷᠠᠭᠤᠯᠪᠠ᠃ ᠦᠬᠠᠶ ᠬᠣᠲᠠ ᠵᠢᠨ ᠬᠢᠨ《ᠢᠨᠲ᠋ᠧᠷ ᠰᠦᠯᠵᠢᠶ᠎ᠡ + ᠢᠯᠡ ᠲᠣᠭᠣᠭᠠᠨ ᠬᠡᠷ》 ᠤ᠋ᠨ ᠪᠥᠲᠥᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ᠍᠂ ᠢᠯᠡ ᠪᠡᠷ ᠪᠠᠶ᠋ᠢᠴᠠᠭᠠᠵᠤ ᠳᠠᠯᠳᠠᠭᠤᠷ ᠰᠤᠷᠪᠤᠯᠵᠢᠯᠠᠬᠤ᠂ ᠰᠣᠯᠪᠢᠴᠠᠨ ᠬᠠᠷᠢᠯᠴᠠᠨ ᠪᠠᠶ᠋ᠢᠴᠠᠭᠠᠬᠤ ᠪᠡᠷ ᠳᠠᠮᠵᠢᠭᠤᠯᠤᠨ ᠪᠥᠬᠥ᠌ ᠶᠠᠪᠤᠴᠠ ᠶ᠋ᠢᠨ ᠤᠨᠤᠴᠠᠲᠠᠢ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠪᠡ᠃ ᠤᠯᠠᠭᠠᠨᠬᠠᠳᠠ ᠬᠣᠲᠠᠵᠢᠨ ᠬᠢᠨ ᠵᠠᠬᠢᠶᠠᠯᠠᠭ᠎ᠠ ᠶ᠋ᠢᠨ ᠬᠤᠭᠤᠯᠠ ᠬᠦᠷᠭᠡᠭᠴᠢ ᠶ᠋ᠢᠨ ᠬᠢᠨᠠᠯᠲᠠ ᠲᠠᠯᠪᠢᠬᠤ ᠡᠩᠨᠡᠭᠡ ᠵᠢ ᠵᠣᠬᠢᠶᠠᠨ ᠪᠠᠶ᠋ᠢᠭᠤᠯᠵᠤ᠂ ᠬᠤᠳᠠᠯᠳᠤᠭᠠᠴᠢᠨ ᠡᠷᠦᠬᠡ ᠶ᠋ᠢᠨ ᠣᠶᠤᠨᠴᠢ ᠬᠢᠨᠠᠯᠲᠠ ᠬᠠᠮᠢᠶᠠᠷᠤᠯᠲᠠ ᠶ᠋ᠢᠨ ᠰᠢᠰᠲ᠋ᠧᠮ ᠢ᠋ ᠲᠦᠭᠡᠮᠡᠯᠵᠢᠭᠦᠯᠪᠡ᠃ ᠠᠯᠠᠱᠠ ᠠᠶ᠋ᠢᠮᠠᠭ ᠤ᠋ᠨ ᠡᠵᠡᠨ᠎ᠡ ᠬᠣᠰᠢᠭᠤᠵᠢᠨ ᠬᠢᠨ ᠤᠨᠤᠴᠠᠲᠠᠢ ᠰᠤᠭᠤᠴᠢᠨ ᠪᠠᠶ᠋ᠢᠴᠠᠭᠠᠯᠲᠠ᠂ ᠪᠣᠳᠠᠲᠠᠶ ᠭᠠᠵᠠᠷ ᠲᠤᠨᠢ ᠬᠢᠨᠠᠨ ᠪᠠᠶ᠋ᠢᠴᠠᠭᠠᠬᠤ᠂ ᠣᠶᠤᠨᠴᠢ ᠬᠢᠨᠠᠯᠲᠠ ᠬᠠᠮᠢᠶᠠᠷᠤᠯᠲᠠ ᠵᠡᠷᠭᠡ ᠣᠯᠠᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠍᠂ ᠰᠦᠯᠵᠢᠶᠡᠨ ᠤ᠋ ᠢᠳᠡᠭᠡᠨ ᠤᠮᠳᠠᠭᠠᠨ ᠤ᠋ ᠵᠠᠰᠠᠯᠲᠠ ᠶ᠋ᠢ ᠨᠠᠷᠢᠯᠢᠬᠵᠢᠭᠤᠯᠬᠤ ᠲᠦᠪᠰᠢᠨ ᠢ᠋ ᠪᠥᠬᠥ᠌ ᠲᠠᠯ᠎ᠠ ᠪᠡᠷ ᠳᠡᠭᠡᠭᠰᠢᠯᠡᠭᠦᠯᠵᠤ ᠪᠤᠢ᠃