ᠥᠪᠥᠷ ᠮᠣᠩᠭᠣᠯ ᠣᠲᠣ ᠦᠶ᠎ᠡ᠎ᠶ᠋ᠢᠨ ᠦᠶ᠋ᠯᠡᠴᠢᠯᠡᠭᠡᠨ ᠎ᠦ ᠦᠶ᠋ᠯᠡᠰ ᠬᠢᠭᠡᠳ ᠲᠡᠷᠢᠭᠦᠨ᠎ᠦ ᠦᠶ᠋ᠯᠡᠳᠬᠦ᠌ ᠦᠶ᠋ᠯᠡᠰ᠎ᠤᠨ ᠮᠠᠯ ᠠᠵᠤ ᠠᠬᠤᠶ᠎ᠲᠠᠷᠢᠶᠠᠯᠠᠩ᠎ᠤᠨ ᠬᠦᠭᠵᠢᠯᠳᠡ᠎ᠳᠤ ᠠᠭᠤᠰᠤᠯᠴᠠᠬᠤ ᠵᠢ ᠠᠬᠢᠭᠤᠯᠵᠦ ᠪᠤᠢ
2026-07-17 16:32:33
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ ᠬᠠᠮᠲᠤᠷᠠᠨ 《ᠥᠪᠥᠷ  ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ᠎ᠶ᠋ᠢᠨ ᠦᠶ᠋ᠯᠡᠴᠢᠯᠡᠭᠡᠨ ᠎ᠦ ᠦᠶ᠋ᠯᠡᠰ ᠬᠢᠭᠡᠳ ᠲᠡᠷᠢᠭᠦᠨ᠎ᠦ ᠦᠶ᠋ᠯᠡᠳᠬᠦ᠌ ᠦᠶ᠋ᠯᠡᠰ ᠪᠠ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠲᠤᠰᠭᠠᠶ ᠠᠵᠢᠯᠯᠠᠭᠠᠨ᠎ᠤ ᠲᠥᠰᠦᠯ   ( ᠳᠣᠷᠣᠭ᠍ᠰᠢ 《ᠠᠵᠢᠯᠯᠠᠭᠠᠨ᠎ᠤ ᠲᠥᠰᠦᠯ》 ᠭᠡᠵᠦ᠍ ᠲᠣᠪᠴᠢᠯᠠᠨ᠎ᠠ) ᠢ᠋ ᠳᠠᠷᠤᠮᠠᠯᠯᠠᠨ ᠲᠠᠷᠬᠠᠭᠠᠵᠠᠢ᠃

《ᠠᠵᠢᠯᠯᠠᠭᠠᠨ᠎ᠤ ᠲᠥᠰᠦᠯ 》 ᠨᠢ ᠦᠢᠯᠡᠳᠬᠦ᠌ ᠦᠢᠯᠡᠰ᠎ᠦᠨ ᠠᠭᠤᠰᠤᠯᠴᠠᠨ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠬᠦ᠌᠂ ᠣᠳᠣ ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ᠂ ᠲᠣᠭᠠᠴᠢᠯᠠᠯᠳᠡ ᠣᠶᠤᠨᠴᠢᠯᠠᠯᠳᠡ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠪᠠᠷ ᠠᠵᠤ ᠦᠢᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ  ᠠᠬᠢᠭᠤᠯᠬᠤ᠂ ᠠᠭᠤᠰᠤᠯᠴᠠᠭ᠍ᠰᠠᠨ ᠬᠡᠷᠡᠭ᠌ᠯᠡᠭᠡᠨ᠎ᠦ ᠠᠬᠤᠢ ᠦᠵᠡᠭᠳᠡᠯ᠎ᠤᠨ ᠪᠠᠢᠭᠤᠯᠤᠯᠲᠠ᠎ᠶ᠋ᠢ ᠴᠢᠩᠭᠠᠳᠬᠠᠬᠤ᠂  ᠠᠭᠤᠰᠤᠯᠴᠠᠨ ᠬᠥᠭ᠌ᠵᠢᠬᠦ᠌ ᠲᠠᠪᠴᠠᠩ᠎ᠤᠨ ᠠᠴᠢᠶᠠᠯᠠᠪᠤᠷᠢ᠎ᠶ᠋ᠢᠨ ᠴᠢᠳᠠᠪᠬᠢ ᠲᠡᠰ᠎ᠢ ᠳᠡᠭᠡᠭ᠌ᠰᠢᠯᠡᠭᠦᠯᠬᠦ᠌ ᠪᠠ ᠤᠯᠠᠨ ᠡᠱᠢᠲᠦ ᠭᠣᠣᠯ ᠰᠡᠳᠦᠪ᠎ᠢ ᠠᠭᠤᠰᠤᠯᠴᠠᠭᠤᠯᠤᠨ ᠳᠠᠢᠴᠢᠯᠠᠬᠤ ᠦᠢᠯᠡᠳᠦᠯ᠎ᠢ  ᠪᠠᠳᠠᠷᠠᠭᠤᠯᠬᠤ  ᠵᠡᠷᠭᠡ ᠡᠭᠦᠷᠭᠡ  ᠳ᠋ᠦ ᠠᠩᠬᠠᠷᠤᠯ᠎ᠢᠶᠠᠨ ᠲᠥᠪᠯᠡᠷᠡᠭᠦᠯᠵᠦ᠂ ᠪᠣᠳᠠᠲᠠᠶ᠎ᠶ᠋ᠢ ᠡᠷᠬᠢᠮᠯᠡᠬᠦ᠌ ᠠᠷᠭ᠎ᠠ ᠬᠡᠮᠵᠢᠶ᠎ᠡ᠎ᠶ᠋ᠢ ᠨᠠᠷᠢᠯᠢᠭ᠍ᠵᠢᠭᠤᠯᠤᠨ᠂ ᠦᠪᠦᠷ ᠮᠤᠩᠭᠤᠯ᠎ᠤᠨ ᠱᠢᠤᠳᠠᠨ᠎ᠤ ᠲᠦᠷᠭᠡᠨ ᠬᠦᠷᠭᠡᠯᠳᠡ᠎ᠶ᠋ᠢᠨ ᠠᠵᠢᠯ ᠲᠥᠷᠥᠯ᠎ᠦᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠳᠦ ᠭᠦᠨᠵᠡᠭᠡᠶ ᠦᠶ᠋ᠯᠡᠴᠢᠯᠡᠬᠦ᠌᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ ᠪᠤᠯᠤᠨ᠎ᠠ᠃ 《ᠠᠵᠢᠯᠯᠠᠭᠠᠨ᠎ᠤ ᠲᠥᠰᠦᠯ》 ᠳ᠋ᠤ᠂ ᠲᠦᠷᠭᠡᠨ ᠬᠦᠷᠭᠡᠯᠳᠡ᠎ᠶᠢᠨ ᠦᠶ᠋ᠯᠡᠰ ᠬᠢᠭᠡᠳ ᠦᠶ᠋ᠯᠡᠳᠬᠦ᠌ ᠦᠶ᠋ᠯᠡᠰ᠎ᠦᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠲᠦᠷᠭᠡᠨ ᠬᠦᠷᠭᠡᠯᠳᠡ᠎ᠶᠢᠨ ᠠᠵᠤ ᠠᠬᠤᠢᠯᠠᠯ᠎ᠢ ᠬᠥᠲᠥᠯᠥᠨ ᠵᠢᠯᠣᠭᠤᠳᠤᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠂ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ ᠵᠡᠷᠭᠡ ᠦᠶ᠋ᠯᠡᠳᠬᠦ᠌ ᠦᠶ᠋ᠯᠡᠰ᠎ᠦᠨ ᠲᠥᠪᠯᠡᠷᠡᠯ᠎ᠦᠨ ᠲᠣᠭᠣᠷᠢᠭ᠎ᠲᠤ ᠡᠷᠴᠢᠮᠵᠢᠭᠦᠯᠦᠨ ᠬᠠᠮᠲᠤ᠎ᠪᠠᠷ ᠭᠥᠷᠳᠡᠬᠦ᠌᠂ ᠣᠶᠤᠨᠳᠤ ᠥᠨᠳᠥᠷ ᠪᠦᠲᠦᠮᠵᠢᠲᠡᠶ ᠲᠦᠷᠭᠡᠨ ᠬᠦᠷᠭᠡᠯᠳᠡ᠎ᠶᠢᠨ ᠲᠦᠬᠦᠭᠡᠷᠦᠮᠵᠢ᠎ᠶ᠋ᠢ ᠪᠠᠢᠭᠤᠯᠵᠤ᠂ ᠲᠤᠰᠭᠠᠢ᠂ ᠦᠪᠡᠷᠮᠢᠴᠡ ᠲᠦᠷᠭᠡᠨ ᠬᠦᠷᠭᠡᠯᠳᠡ᠎ᠶᠢᠨ ᠪᠠᠷᠠᠭᠠᠨ᠎ᠤ ᠭᠦᠶ᠋ᠯᠭᠡᠭᠡ᠎ᠶᠢᠨ ᠦᠶ᠋ᠯᠡᠴᠢᠯᠡᠭᠡ ᠬᠠᠩᠭᠠᠬᠤ ᠬᠡᠷᠡᠭᠳᠡᠢ ᠬᠡᠵᠦ ᠳᠤᠲᠤᠷᠬᠠᠢᠯᠠᠵᠠᠢ᠃

《ᠠᠵᠢᠯᠯᠠᠭᠠᠨ᠎ᠤ ᠲᠥᠰᠦᠯ》 ᠳ᠋ᠤ᠂ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠂ ᠬᠦᠶ᠋ᠲᠡᠨ ᠬᠡᠯᠬᠢᠶᠡᠲᠦ ᠪᠠᠷᠠᠭᠠᠨ᠎ᠤ ᠭᠦᠶ᠋ᠯᠭᠡᠭᠡ᠂ ᠭᠠᠷᠤᠯᠲᠠ᠎ᠶ᠋ᠢᠨ ᠣᠷᠣᠨ᠎ᠤ ᠪᠥᠭᠡᠮ᠎ᠢᠶᠡᠷ ᠬᠤᠳᠠᠯᠳᠤᠬᠤ ᠵᠡᠷᠭᠡ ᠮᠠᠯ ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠵᠡᠩᠨᠡᠨ ᠪᠣᠷᠣᠯᠠᠭᠤᠯᠬᠤ ᠰᠦᠯᠵᠢᠶ᠎ᠡ ᠎ᠶ᠋ᠢ ᠲᠡᠭᠦᠯᠳᠡᠷᠵᠢᠭᠦᠯᠬᠦ᠌ ᠬᠡᠷᠡᠭ᠌ᠲᠡᠶ᠃ ᠬᠥᠬᠡᠬᠣᠲᠠ᠎ᠶ᠋ᠢᠨ ᠣᠲᠣ ᠦᠶ᠎ᠡ᠎ᠶ᠋ᠢᠨ ᠦᠶ᠋ᠯᠡᠴᠢᠯᠡᠭᠡᠨ ᠎ᠦ ᠦᠶ᠋ᠯᠡᠰ᠎ᠦᠨ ᠱᠢᠨ᠎ᠡ ᠥᠨᠳᠥᠷᠯᠢᠭ᠎ᠢ ᠴᠤᠬᠴᠠᠯᠠᠬᠤ᠎ᠶ᠋ᠢ ᠳᠡᠮᠵᠢᠬᠦ ᠬᠡᠷᠡᠭᠳᠡᠢ ᠬᠡᠵᠦ ᠱᠠᠭᠠᠷᠳᠠᠵᠠᠢ᠃ ᠥᠪᠥᠷ ᠮᠣᠩᠭᠣᠯ᠎ᠤᠨ ᠰᠢᠥᠳᠠᠨ᠎ᠤ ᠬᠠᠮᠢᠶᠠᠷᠤᠯᠳᠡ᠎ᠶᠢᠨ ᠲᠣᠪᠴᠢᠶ᠎ᠠ 2026 ᠣᠨ᠎ᠤ ᠭᠤᠤᠯᠳᠠᠯᠭ᠎ᠠ᠎ᠲᠠᠶ ᠠᠵᠢᠯ᠎ᠲᠠᠶ ᠪᠠᠨ ᠤᠶᠠᠯᠳᠤᠭᠤᠯᠤᠨ᠂ ᠠᠵᠤ ᠦᠶ᠋ᠯᠡᠰ᠎ᠦᠨ ᠬᠠᠮᠵᠢᠯᠴᠠᠭ᠎ᠠ᠎ᠳᠤ ᠬᠦᠴᠦ᠍᠎ᠪᠡᠨ ᠲᠥᠪᠯᠡᠷᠡᠭᠦᠯᠦᠨ ᠦᠶ᠋ᠯᠡᠴᠢᠯᠡᠵᠦ᠍᠂ ᠦᠪᠦᠷ ᠮᠤᠩᠭᠤᠯ᠎ᠤᠨ ᠣᠲᠣ ᠦᠶ᠎ᠡ᠎ᠶ᠋ᠢᠨ ᠲᠦᠷᠭᠡᠨ ᠬᠦᠷᠭᠡᠯᠳᠡ᠎ᠶ᠋ᠢᠨ ᠪᠠᠷᠠᠭᠠᠨ ᠎ᠤ ᠭᠦᠶ᠋ᠯᠭᠡᠭᠡ᠎ᠶ᠋ᠢᠨ ᠦᠶ᠋ᠯᠡᠴᠢᠯᠡᠭᠡᠨ᠎ᠦ ᠲᠤᠤᠷ ᠰᠦᠯᠵᠢᠶ᠎ᠡ᠎ᠶ᠋ᠢᠨ ᠱᠢᠰᠲ᠋ᠧᠮ ᠪᠠ ᠬᠥᠳᠡᠭᠡ ᠲᠣᠰᠭᠣᠨ᠎ᠤ ᠭᠤᠪᠢᠭᠤᠯᠭ᠎ᠠ᠎ᠶᠢᠨ ᠪᠠᠷᠠᠭᠠᠨ ᠎ᠤ ᠭᠦᠶ᠋ᠯᠭᠡᠭᠡ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠱᠢᠤᠳᠠᠨ᠎ᠤ ᠲᠦᠷᠭᠡᠨ ᠬᠦᠷᠭᠡᠯᠳᠡ᠎ᠶ᠋ᠢᠨ ᠦᠶ᠋ᠯᠡᠰ᠎ᠦᠨ ᠦᠶ᠋ᠯᠡᠴᠢᠯᠡᠭᠡᠨ᠎ᠦ ᠠᠵᠤ ᠦᠶ᠋ᠯᠡᠰ᠎ᠦᠨ ᠭᠦᠨᠴᠡ ᠪᠠ ᠥᠷᠭᠡᠴᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠥᠪᠥᠷ ᠮᠣᠩᠭᠣᠯ᠎ᠤᠨ 《ᠠᠮᠤ᠎ᠶᠢᠨ ᠰᠠᠩ᠂ ᠮᠢᠬᠠᠨ᠎ᠤ ᠬᠥᠮᠥᠷᠭᠡ᠂ ᠰᠦ᠎ᠶᠢᠨ ᠬᠦᠨᠦᠭ᠂ ᠨᠣᠤᠯᠤᠭᠤᠷ᠎ᠤᠨ ᠬᠣᠲᠠ》 ᠶ᠋ᠢᠨ ᠬᠥᠭ᠌ᠵᠢᠯᠲᠡ᠎ᠶ᠋ᠢᠨ ᠳᠠᠯᠳᠠ ᠬᠦᠴᠦᠨ᠎ᠢ ᠦᠷᠭᠦᠯᠵᠢᠯᠡᠨ ᠪᠠᠳᠠᠷᠠᠭᠤᠯᠬᠤ᠎ᠶ᠋ᠢ ᠠᠬᠢᠭᠤᠯᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号