ᠰᠤᠷᠭᠠᠭᠤᠯᠢ ᠪᠠ ᠣᠷᠣᠨ ᠨᠤᠲᠤᠭ᠎ᠤᠨ ᠬᠠᠮᠲᠤᠷᠠᠯᠴᠠᠭ᠎ᠠ ᠨᠢ ᠰᠢᠨ᠎ᠡ᠎ᠶᠢ ᠡᠭᠦᠳᠬᠦ᠎ᠳᠦ ᠲᠤᠯᠭᠠᠭᠤᠷᠢᠯᠠᠯ ᠬᠠᠨᠭᠭᠠᠵᠤ ᠪᠤᠢ
2026-07-17 16:45:53
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠬᠥᠭᠵᠢᠯᠲᠡ᠎ᠶᠢᠨ ᠪᠠᠢᠯᠳᠤᠬᠤ ᠪᠣᠳᠣᠯᠭ᠎ᠠ ᠪᠣᠯᠣᠨ ᠴᠢᠳᠠᠪᠤᠷᠢᠲᠠᠨ᠎ᠢᠶᠠᠷ ᠣᠷᠣᠨ᠎ᠢᠶᠠᠨ ᠬᠦᠴᠦᠷᠬᠡᠭᠵᠢᠭᠦᠯᠬᠦ  ᠪᠠᠢᠯᠳᠤᠬᠤ  ᠪᠣᠳᠣᠯᠭ᠎ᠠ᠎ᠶᠢ ᠭᠦᠨᠵᠡᠭᠡᠢ ᠠᠬᠢᠭᠤᠯᠵᠤ᠂  ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠰᠣᠯᠢᠯᠴᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠠᠢ᠃

ᠤᠢᠯᠠᠭᠠᠭᠰᠠᠨ᠎ᠶ᠋ᠢᠡᠷ᠂ ᠣᠢᠷ᠎ᠠ᠎ᠳᠤ ᠣᠲᠣ᠌ ᠦᠶ᠎ᠡ᠎ᠶᠢᠨ ᠡᠪᠡᠰᠦ ᠪᠡᠯᠴᠢᠭᠡᠷ᠎ᠦᠨ ᠠᠵᠤ ᠦᠢᠯᠡᠰ᠎ᠦᠨ ᠰᠢᠰᠲᠧᠮ ᠬᠢᠭᠡᠳ ᠪᠣᠬᠢᠷᠲᠤᠯ ᠦᠭᠡᠢ ᠬᠥᠭᠵᠢᠯᠲᠡ᠎ᠶᠢᠨ ᠥᠪᠥᠷ ᠮᠣᠩᠭᠣᠯ᠎ᠤᠨ ᠠᠺᠠᠳᠧᠮᠢᠴᠢ᠎ᠶᠢᠨ ᠠᠵᠢᠯ ᠎ᠤᠨ ᠥᠷᠲᠡᠭᠡ ᠤᠯᠠᠭᠠᠨᠬᠠᠳᠠ ᠬᠣᠲᠠ᠎ᠶᠢᠨ ᠬᠡᠰᠢᠭᠲᠡᠨ ᠬᠣᠰᠢᠭᠤᠨ᠎ᠳᠤ ᠨᠤᠲᠤᠭᠰᠢᠵᠦ᠂ ᠣᠯᠠᠨ ᠤᠯᠤᠰ ᠎ᠤᠨ ᠡᠪᠡᠰᠦᠨ ᠎ᠤ  ᠦᠢᠯᠡᠰ᠎ᠦᠨ ᠠᠮᠢᠳᠤ ᠪᠣᠳᠠᠰ᠎ᠤᠨ ᠮᠡᠷᠭᠡᠵᠢᠯ᠎ᠦᠨ ᠬᠦᠷᠢᠶᠡᠨ᠎ᠳᠦ ᠥᠷᠭᠡᠨ ᠳᠡᠯᠭᠡᠷ ᠡᠷᠳᠡᠮ ᠰᠢᠨᠵᠢᠯᠡᠭᠡᠨ᠎ᠦ ᠨᠥᠯᠥᠭᠡ ᠦᠵᠡᠬᠦᠯᠪᠡ᠃ ᠠᠦ᠋ᠰᠲᠷᠠᠯᠢᠶ᠎ᠠ᠎ᠶᠢᠨ ᠮᠡᠷᠭᠡᠵᠢᠯ ᠎ᠦᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠂ ᠴᠢᠩᠳᠣᠣ᠎ᠶᠢᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠡᠪᠡᠰᠦᠨ᠎ᠦ ᠦᠢᠯᠡᠰ᠎ᠦᠨ ᠳᠡᠭᠡᠳᠦ ᠰᠤᠷᠭᠠᠭᠤᠯᠢ᠎ᠶᠢᠨ ᠫᠷᠤᠹᠸᠰᠰᠤᠷ German Spangenberg ᠵᠢᠴᠢ ᠲᠡᠭᠦᠨ᠎ᠦ ᠪᠦᠯᠬᠦᠮ᠎ᠤᠨ ᠬᠢᠨ  ᠶᠡᠬᠡ ᠳᠡᠭᠡᠳᠦ ᠰᠤᠷᠭᠠᠭᠤᠯᠢ᠎ᠶᠢᠨ ᠴᠢᠳᠠᠪᠤᠷᠢᠲᠠᠨ ᠎ᠤ ᠤᠶᠤᠨ ᠎ᠤ ᠳᠠᠪᠠᠭᠤᠯᠢᠭ᠋ ᠎ᠢ ᠦᠨᠡᠨ ᠬᠦ᠌ ᠭᠠᠵᠠᠷ ᠣᠷᠣᠨ᠎ᠤ ᠠᠵᠤ ᠦᠢᠯᠡᠰ᠎ᠦᠨ ᠬᠥᠭᠵᠢᠯᠲᠡ᠎ᠶᠢᠨ ᠥᠷᠢᠰᠦᠯᠳᠦᠭᠡᠨ ᠎ᠦ ᠳᠠᠪᠠᠭᠤᠯᠢᠭ᠋ ᠪᠣᠯᠭᠠᠨ ᠬᠤᠪᠢᠷᠠᠭᠤᠯᠵᠤ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠡᠬᠢ ᠪᠠᠶᠠᠯᠢᠭ᠋ ᠬᠢᠭᠡᠳ ᠣᠷᠣᠨ ᠨᠤᠲᠤᠭ᠎ᠤᠨ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠎ᠶᠢ ᠨᠠᠷᠢᠯᠢᠭ᠋ ᠣᠨᠣᠴᠠᠲᠠᠢ᠎ᠪᠠᠷ ᠵᠤᠯᠭᠠᠭᠤᠯᠬᠤ ᠵᠢ ᠠᠬᠢᠭᠤᠯᠬᠤ ᠪᠤᠯᠤᠨ᠎ᠠ᠃

2025 ᠣᠨ ᠎ᠤ ᠡᠴᠦᠰ᠎ᠡᠴᠡ ᠡᠬᠢᠯᠡᠨ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ ᠪᠣᠯᠣᠨ ᠴᠢᠩᠳᠣᠣ᠎ᠶᠢᠨ ᠲᠠᠷᠢᠶᠠᠯᠠᠩ᠎ᠤᠨ ᠶᠡᠬᠡ ᠰᠤᠷᠭᠠᠭᠤᠯᠢ ᠬᠡᠯᠡᠯᠴᠡᠭᠡᠷ ᠲᠣᠭᠲᠠᠵᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠠᠮᠲᠤᠷᠠᠯᠴᠠᠭᠠᠨ᠎ᠤ ᠬᠠᠷᠢᠴᠠᠭ᠎ᠠ ᠪᠠᠢᠭᠤᠯᠤᠭᠰᠠᠨ᠎ᠠᠴᠠ ᠨᠠᠭᠠᠰᠢ ᠬᠣᠶᠠᠷ  ᠲᠠᠯ᠎ᠠ᠎ᠪᠠᠷ᠎ᠢᠶᠠᠨ ᠥᠪᠥᠷ ᠮᠣᠩᠭᠣᠯ ᠣᠷᠣᠨ ᠎ᠤ ᠡᠬᠢ ᠪᠠᠶᠠᠯᠢᠭ᠋᠎ᠤᠨ ᠳᠠᠪᠠᠭᠤᠯᠢᠭ᠋ ᠪᠣᠯᠣᠨ ᠡᠪᠡᠰᠦ ᠪᠡᠯᠴᠢᠭᠡᠷ᠎ᠦᠨ ᠠᠵᠤ ᠦᠢᠯᠡᠰ᠎ᠦᠨ ᠣᠨᠴᠠᠯᠢᠭ᠋᠎ᠲᠤ ᠰᠠᠭᠤᠷᠢᠯᠠᠵᠤ᠂ ᠠᠮᠢ ᠠᠬᠤᠢ᠎ᠶᠢᠨ ᠵᠠᠰᠠᠯᠲᠠ ᠪᠣᠯᠣᠨ ᠡᠪᠡᠰᠦ ᠪᠡᠯᠴᠢᠭᠡᠷ᠎ᠦᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠣᠷᠣᠨ ᠨᠤᠲᠤᠭ᠎ᠤᠨ ᠠᠵᠤ ᠦᠢᠯᠡᠰ᠎ᠦᠨ ᠳᠠᠪᠠᠭᠤᠯᠢᠭ᠋ ᠪᠣᠯᠣᠨ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠂ ᠴᠢᠳᠠᠪᠤᠷᠢᠲᠠᠨ᠂ ᠮᠡᠷᠭᠡᠵᠢᠯ᠎ᠦᠨ ᠳᠠᠪᠠᠭᠤᠯᠢᠭ᠋᠎ᠢ ᠭᠦᠢᠴᠡᠳ ᠨᠡᠢᠳᠬᠡᠨ ᠪᠠᠳᠠᠷᠠᠭᠤᠯᠵᠤ᠂ ᠰᠢᠨ᠎ᠡ᠎ᠶᠢ ᠡᠭᠦᠳᠬᠦ ᠬᠠᠮᠲᠤᠷᠠᠯᠴᠠᠭᠠᠨ᠎ᠤ ᠲᠠᠪᠴᠠᠩ᠎ᠢ ᠪᠠᠢᠭᠤᠯᠪᠠ᠃

2026 ᠣᠨ᠎ᠳᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ ᠬᠠᠮᠲᠤᠷᠠᠭᠰᠠᠨ ᠲᠤᠰᠬᠠᠢ ᠲᠥᠷᠥᠯ ᠪᠠᠶ᠋ᠢᠭᠤᠯᠬᠤ᠎ᠪᠠᠷ ᠳᠠᠮᠵᠢᠭᠤᠯᠤᠨ᠂ ᠴᠢᠩᠳᠣᠣ᠎ᠶᠢᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠯᠬᠦᠮ ᠬᠢᠭᠡᠳ ᠥᠪᠥᠷ ᠮᠣᠩᠭᠣᠯ᠎ᠤᠨ ᠠᠵᠤ ᠠᠬᠤᠢᠯᠠᠯ᠎ᠢᠶᠠᠷ ᠭᠣᠣᠯ ᠪᠣᠯᠭᠠᠭᠰᠠᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢᠨ ᠰᠢᠨ᠎ᠡ᠎ᠶᠢ ᠡᠭᠦᠳᠬᠦ᠂ ᠣᠶᠤᠨᠴᠢ ᠲᠠᠷᠢᠶᠠᠯᠠᠩ᠎ᠤᠨ ᠮᠠᠰᠢᠨ ᠲᠣᠨᠣᠭᠯᠠᠯ᠎ᠢ ᠰᠤᠳᠤᠯᠤᠨ ᠨᠡᠭᠡᠭᠡᠬᠦ᠂ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠪᠣᠯᠪᠠᠰᠤᠷᠠᠭᠤᠯᠬᠤ᠂ ᠠᠮᠢᠳᠤ ᠪᠣᠳᠠᠰ᠎ᠤᠨ ᠮᠡᠷᠭᠡᠵᠢᠯ ᠬᠢᠭᠡᠳ ᠡᠷᠡᠭᠦᠯ ᠮᠡᠨᠳᠦ᠎ᠶᠢᠨ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠬᠦ᠂ ᠨᠤᠲᠤᠭ ᠪᠡᠯᠴᠢᠭᠡᠷ᠎ᠦᠨ ᠠᠮᠢ ᠠᠬᠤᠢ᠎ᠶᠢ ᠰᠡᠷᠭᠦᠭᠡᠬᠦ ᠂ ᠡᠷᠡᠭᠦᠯ᠎ᠢᠶᠡᠷ ᠲᠡᠵᠢᠭᠡᠨ ᠦᠷᠡᠵᠢᠭᠦᠯᠬᠦ ᠬᠢᠭᠡᠳ ᠣᠶᠤᠨᠴᠢ ᠲᠣᠨᠣᠭ ᠲᠥᠬᠦᠭᠡᠷᠦᠮᠵᠢ᠂ ᠪᠣᠬᠢᠷᠲᠤᠯ ᠦᠭᠡᠢ ᠵᠢᠭᠠᠰᠤᠨ᠎ᠤ ᠠᠵᠤ ᠤᠢᠯᠠᠰ ᠵᠡᠷᠭᠡ ᠬᠦᠷᠢᠶᠡᠨ᠎ᠳᠤ ᠬᠠᠮᠳᠤᠷᠠᠨ ᠠᠵᠢᠯᠯᠠᠵᠤ᠂  ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠬᠤ᠎ᠶᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号