ᠲᠦᠷᠦᠭᠦᠭᠡᠨ᠂ ᠵᠢᠶᠠᠩᠰᠤ ᠮᠤᠵᠢ᠎ᠶᠢᠨ ᠬᠠᠤᠯᠢᠴᠢ᠎ᠶᠢᠨ ᠨᠡᠢᠭᠡᠮᠯᠢᠭ᠎ᠤᠨ ᠲᠣᠬᠣᠨᠢᠭᠤᠯᠬᠤ ᠳᠤᠭᠤᠢᠯᠠᠩ᠎ᠤᠨ ᠬᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢᠴᠢ᠎ᠶᠢᠨ ᠨᠡᠢᠭᠡᠮᠯᠢᠭ᠎ᠲᠤ ᠢᠷᠡᠵᠦ ᠪᠠᠷᠠᠭᠤᠨ ᠣᠷᠣᠨ᠎ᠳᠤ ᠳᠠᠪᠲᠠᠨ ᠪᠣᠯᠪᠠᠰᠤᠷᠠᠵᠤ ᠪᠠᠢᠭ᠎ᠠ ᠵᠠᠯᠠᠭᠤ ᠬᠠᠤᠯᠢᠴᠢ᠎ᠶᠢ ᠲᠣᠬᠣᠨᠢᠭᠤᠯᠬᠤ ᠠᠵᠢᠯᠯᠠᠭ᠎ᠠ ᠥᠷᠨᠢᠭᠦᠯᠵᠦ᠂ 14 ᠵᠠᠯᠠᠭᠤ ᠬᠠᠤᠯᠢᠴᠢ᠂《1+1》 ᠬᠠᠤᠯᠢ ᠴᠠᠭᠠᠵᠠ᠎ᠶᠢᠨ ᠲᠤᠰᠠᠯᠠᠮᠵᠢ᠎ᠶᠢᠨ 1 ᠰᠠᠢᠨ ᠲᠤᠷ᠎ᠠ ᠵᠢᠨ ᠠᠵᠢᠯᠳᠠᠨ ᠲᠣᠬᠣᠨᠢᠭᠤᠯᠵᠤ᠂ ᠵᠢᠶᠠᠩᠰᠦ ᠥᠪᠥᠷ ᠮᠣᠩᠭᠣᠯ ᠬᠣᠶᠠᠷ ᠭᠠᠵᠠᠷ ᠤᠨ ᠬᠠᠤᠯᠢᠴᠢ᠎ᠶᠢᠨ ᠠᠵᠢᠯ ᠲᠥᠷᠦᠯ᠎ᠤᠨ ᠬᠠᠮᠵᠢᠯᠴᠠᠭ᠎ᠠ᠎ᠶᠢ ᠭᠦᠨᠵᠡᠭᠡᠢᠷᠡᠭᠦᠯᠪᠡ᠃
ᠲᠣᠬᠣᠨᠢᠭᠤᠯᠬᠤ ᠳᠤᠭᠤᠢᠯᠠᠩ᠎ᠤᠨ ᠭᠢᠨ ᠤᠷᠢᠳ ᠬᠣᠵᠢᠳ ᠬᠣᠷᠢᠨᠭᠡᠷ ᠰᠢᠶᠠᠨ᠂ ᠡᠷᠭᠦᠨ᠎ᠡ ᠬᠤᠳᠠ᠎ᠳᠤ ᠬᠦᠷᠴᠦ ᠲᠤᠬᠠᠢ᠎ᠶᠢᠨ ᠭᠠᠵᠠᠷ ᠲᠤᠨᠢ ᠲᠣᠬᠣᠨᠢᠭᠤᠯᠵᠤ᠂ ᠵᠠᠯᠠᠭᠤ ᠬᠠᠤᠯᠢᠴᠢ᠎ᠶᠢᠨ ᠠᠵᠢᠯ᠎ᠤᠨ ᠪᠠᠢᠷᠢ᠂ ᠵᠠᠯᠠᠭᠤ ᠬᠠᠤᠯᠢᠴᠢ᠎ᠶᠢᠨ ᠠᠵᠢᠯᠯᠠᠬᠤ ᠣᠷᠴᠢᠨ ᠲᠣᠭᠣᠷᠢᠨ᠂ ᠠᠮᠢᠳᠤᠷᠠᠯ᠎ᠤᠨ ᠪᠠᠲᠤᠯᠠᠭ᠎ᠠ᠎ᠶᠢᠨ ᠨᠥᠬᠥᠴᠡᠯ᠎ᠢ ᠲᠤᠭᠤᠷᠢᠨ ᠦᠵᠡᠵᠦ᠂ ᠵᠠᠯᠠᠭᠤ ᠬᠠᠤᠯᠢᠴᠢ᠎ᠶᠢᠨ ᠡᠳᠦᠷ ᠲᠤᠳᠤᠮ ᠤᠨ ᠲᠤᠬᠠᠢᠯᠠᠭᠰᠠᠨ ᠠᠵᠢᠯ ᠢᠶᠡᠨ ᠥᠷᠨᠢᠭᠦᠯᠦᠭᠰᠡᠨ᠂ ᠵᠥᠷᠢᠴᠡᠯ ᠵᠠᠭᠤᠷᠠᠯᠳᠤᠭᠠᠨ ᠢ ᠨᠠᠮᠳᠠᠭᠤᠯᠤᠭᠰᠠᠨ᠂ ᠨᠡᠶ᠋ᠢᠲᠡ ᠶᠢᠨ ᠠᠰᠠᠷᠠᠮᠵᠢ ᠶᠢᠨ ᠬᠠᠤᠯᠢ ᠲᠦᠭᠡᠮᠡᠯᠵᠢᠭᠦᠯᠦᠭᠰᠡᠨ ᠵᠡᠷᠭᠡ ᠠᠵᠢᠯ᠎ᠤᠨ ᠪᠠᠢᠳᠠᠯ᠎ᠢ ᠪᠦᠭᠦ ᠲᠠᠯ᠎ᠠ᠎ᠪᠠᠷ ᠣᠢᠯᠠᠭᠠᠵᠤ᠂ ᠵᠠᠯᠠᠭᠤ ᠬᠠᠤᠯᠢᠴᠢ᠂ ᠬᠠᠷᠢᠶ᠎ᠠ ᠭᠠᠵᠠᠷ᠎ᠤᠨ ᠠᠵᠢᠯᠲᠠᠳ᠎ᠲᠠᠢ ᠳᠣᠲᠣᠨᠣ᠌᠎ᠪᠠᠷ ᠶᠠᠷᠢᠯᠴᠠᠵᠤ᠂ ᠠᠵᠢᠯ᠎ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠠᠰᠠᠭᠤᠨ ᠯᠠᠪᠯᠠᠵᠤ᠂ ᠵᠠᠯᠠᠭᠤ ᠬᠠᠤᠯᠢᠴᠢ᠎ᠶᠢᠨ ᠠᠵᠢᠯ᠎ᠤᠨ ᠣᠯᠣᠯᠲᠠ ᠲᠥᠷᠥᠭᠳᠡᠯ᠎ᠢ ᠰᠣᠨᠣᠰᠪᠠ᠃ ᠲᠣᠬᠣᠨᠢᠭᠤᠯᠬᠤ ᠬᠤᠭᠤᠴᠠᠭᠠᠨ᠎ᠳᠤ᠂ ᠬᠣᠶᠠᠷ ᠭᠠᠵᠠᠷ᠎ᠤᠨ ᠬᠠᠤᠯᠢᠴᠢ᠎ᠶᠢᠨ ᠨᠡᠢᠭᠡᠮᠯᠢᠭ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠦ ᠬᠠᠤᠯᠢᠴᠢ ᠶ᠋ᠢᠨ ᠨᠡᠢᠭᠡᠮᠯᠢᠭ᠎ᠲᠤ ᠰᠠᠨᠠᠯ᠎ᠢᠶᠠᠨ ᠰᠣᠯᠢᠯᠴᠠᠬᠤ ᠶᠠᠷᠢᠯᠴᠠᠬᠤ ᠬᠤᠷᠠᠯ ᠬᠢᠪᠡ᠃
ᠤᠢᠯᠠᠭᠠᠬᠰᠠᠨ ᠢ᠋ᠢᠡᠷ᠂ 2025 ᠣᠨ᠎ᠤ 8 ᠰᠠᠷ᠎ᠠ ᠡᠴᠡ ᠤᠳᠤᠬᠠᠨ ᠪᠤᠯᠲᠠᠯ᠎ᠠ᠂ ᠵᠢᠶᠠᠩᠰᠤ ᠮᠤᠵᠢ᠎ᠶᠢᠨ ᠪᠠᠷᠠᠭᠤᠨ ᠣᠷᠣᠨ᠎ᠳᠤ ᠳᠠᠪᠲᠠᠨ ᠪᠣᠯᠪᠠᠰᠤᠷᠠᠵᠤ ᠪᠠᠢᠭ᠎ᠠ 14 ᠵᠠᠯᠠᠭᠤ ᠬᠠᠤᠯᠢᠴᠢ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠬᠡᠷᠡᠭ᠎ᠢ 211 ᠬᠤᠪᠢ ᠰᠢᠢᠳᠪᠦᠷᠢᠯᠡᠵᠦ᠂ ᠬᠠᠤᠯᠢ ᠴᠠᠭᠠᠵᠠ᠎ᠶᠢᠨ ᠤᠬᠠᠭᠤᠯᠤᠨ ᠲᠠᠢᠯᠪᠤᠷᠢᠯᠠᠯᠲᠠ᠎ᠶᠢ 188 ᠤᠳᠠᠭ᠎ᠠ ᠥᠷᠨᠢᠭᠦᠯᠵᠦ᠂ ᠦᠨ᠎ᠡ ᠲᠥᠯᠥᠪᠦᠷᠢ ᠦᠭᠡᠢ ᠬᠠᠤᠯᠢ ᠴᠠᠭᠠᠵᠠ᠎ᠶᠢᠨ ᠵᠥᠪᠯᠡᠯᠭᠡ᠎ᠶᠢ 2135 ᠤᠳᠠᠭ᠎ᠠ ᠬᠠᠩᠭᠠᠵᠤ᠂ 411 ᠬᠤᠪᠢ ᠡᠶᠡᠳᠡᠭᠦᠯᠭᠡ᠎ᠶᠢᠨ ᠬᠡᠷᠡᠭ᠎ᠲᠤ ᠣᠷᠤᠯᠴᠠᠵᠤ᠂ ᠭᠡᠷ᠎ᠡ᠎ᠶᠢ ᠬᠢᠨᠠᠨ ᠪᠠᠢᠴᠠᠭᠠᠬᠤ᠂ ᠪᠢᠴᠢᠭ ᠮᠠᠲᠸᠷᠢᠶᠠᠯ᠎ᠢ ᠣᠷᠣᠯᠠᠨ ᠪᠢᠴᠢᠬᠦ᠂ ᠬᠡᠷᠡᠭ᠎ᠢ ᠰᠤᠳᠤᠯᠤᠨ ᠶᠠᠷᠢᠯᠴᠠᠬᠤ ᠵᠡᠷᠭᠡ ᠪᠤᠰᠤᠳ ᠬᠠᠤᠯᠢ ᠴᠠᠭᠠᠵᠠ᠎ᠶᠢᠨ ᠦᠢᠯᠡᠴᠢᠯᠡᠭᠡ ᠵᠢ 1462 ᠤᠳᠠᠭ᠎ᠠ ᠬᠠᠩᠭᠠᠵᠤ᠂ ᠦᠨᠳᠦᠰᠦᠨ ᠱᠠᠲᠤᠨ᠎ᠤ ᠬᠠᠤᠯᠢ ᠪᠡᠷ ᠵᠠᠰᠠᠬᠤ ᠪᠠᠢᠭᠤᠯᠤᠯᠲᠠ᠎ᠳᠤ ᠦᠷᠭᠦᠯᠵᠢᠯᠡᠨ ᠠᠮᠢᠵᠢᠷᠠᠯ᠎ᠤᠨ ᠬᠦᠴᠦᠨ ᠨᠡᠮᠡᠷᠢᠯᠡᠪᠡ᠃
ᠲᠣᠰ ᠤᠳᠠᠭᠠᠨ᠎ᠤ ᠪᠣᠯᠭᠣᠭᠠᠨ ᠲᠣᠬᠣᠨᠢᠭᠤᠯᠬᠤ ᠠᠵᠢᠯᠯᠠᠭ᠎ᠠ ᠨᠢ ᠬᠠᠯᠠᠭᠤᠨ ᠳᠣᠲᠣᠨᠣ᠌ ᠬᠠᠢᠷ᠎ᠠ ᠬᠠᠯᠠᠮᠵᠢ᠎ᠶᠢᠨ ᠠᠵᠢᠯᠯᠠᠭ᠎ᠠ ᠪᠣᠯᠬᠤ ᠪᠥᠭᠡᠳ ᠬᠣᠯᠪᠤᠭᠠᠯᠠᠨ ᠬᠥᠳᠡᠯᠦᠯᠴᠡᠵᠦ ᠬᠠᠮᠲᠤ᠎ᠪᠠᠷ ᠪᠦᠲᠦᠭᠡᠨ ᠪᠠᠢᠭᠤᠯᠤᠭᠰᠠᠨ ᠠᠶᠠᠯᠠᠯ ᠮᠥᠨ᠃ ᠬᠣᠶᠠᠷ ᠭᠠᠵᠠᠷ᠎ᠤᠨ ᠬᠠᠤᠯᠢᠴᠢ᠎ᠶᠢᠨ ᠨᠡᠢᠭᠡᠮᠯᠢᠭ ᠡᠴᠡ᠂ ᠲᠤᠰ ᠤᠳᠠᠭᠠᠨ᠎ᠤ ᠠᠵᠢᠯᠯᠠᠭ᠎ᠠ᠎ᠪᠠᠷ ᠲᠣᠭᠢᠶᠠᠯ ᠪᠤᠯᠭᠠᠵᠤ᠂ ᠪᠠᠢᠩᠭᠤ᠎ᠶᠢᠨ ᠴᠢᠨᠠᠷᠲᠠᠢ ᠰᠣᠯᠢᠯᠴᠠᠭ᠎ᠠ ᠬᠠᠮᠲᠤᠷᠠᠯᠴᠠᠭᠠᠨ᠎ᠤ ᠲᠠᠪᠴᠠᠩ᠎ᠢ ᠪᠠᠢᠭᠤᠯᠵᠤ᠂ ᠴᠢᠳᠠᠪᠤᠷᠢᠲᠠᠨ᠎ᠢ ᠬᠠᠷᠢᠯᠴᠠᠨ ᠲᠣᠮᠢᠯᠠᠬᠤ᠂ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ ᠂ ᠲᠤᠬᠠᠢᠯᠠᠭᠰᠠᠨ ᠠᠵᠢᠯ᠎ᠤᠨ ᠬᠣᠯᠪᠤᠭᠠᠯᠠᠨ ᠬᠥᠳᠡᠯᠦᠯᠴᠡᠬᠦ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠠᠢᠭᠤᠯᠵᠤ ᠂ ᠵᠡᠭᠦᠨ ᠪᠠᠷᠠᠭᠤᠨ ᠣᠷᠣᠨ᠎ᠤ ᠬᠠᠤᠯᠢ ᠪᠡᠷ ᠵᠠᠰᠠᠬᠤ ᠬᠠᠮᠲᠤᠷᠠᠯ᠎ᠤᠨ ᠬᠦᠴᠦᠨ᠎ᠢ ᠤᠯᠠᠮ ᠴᠢᠨᠠᠭᠰᠢᠳᠠ ᠨᠢᠭ᠍ᠲᠠᠷᠠᠭᠤᠯᠵᠤ᠂ ᠵᠢᠶᠠᠩᠰᠤ ᠥᠪᠥᠷ ᠮᠣᠩᠭᠣᠯ ᠬᠣᠶᠠᠷ ᠭᠠᠵᠠᠷ᠎ᠤᠨ ᠬᠠᠤᠯᠢᠴᠢ᠎ᠶᠢᠨ ᠠᠵᠢᠯ ᠲᠦᠷᠦᠯ᠎ᠤᠨ ᠴᠢᠨᠠᠷ ᠰᠠᠢᠲᠠᠢ ᠬᠥᠭᠵᠢᠯᠲᠡ᠎ᠶᠢ ᠭᠠᠷ ᠬᠣᠯᠪᠣᠨ ᠠᠬᠢᠭᠤᠯᠤᠨ᠎ᠠ ᠭᠡᠵᠦ ᠢᠯᠡᠳᠬᠡᠵᠡᠭᠡᠪᠡ᠃