ᠳᠤᠮᠳᠠᠳᠤ ᠵᠢᠨ ᠦᠢᠯᠡᠳᠦᠯᠭᠡ᠎ᠶᠢᠨ ᠲᠤᠷᠰᠢᠯᠭ᠎ᠠ᠎ᠶᠢ ᠳᠤᠮᠳᠠᠳᠤ ᠵᠢᠨ ᠤᠨᠤᠯ ᠪᠣᠯᠭᠠᠨ ᠬᠤᠷᠢᠶᠠᠩᠭᠤᠢᠯᠠᠵᠤ᠂ ᠳᠤᠮᠳᠠᠳᠤ ᠵᠢᠨ ᠤᠨᠤᠯ᠎ᠢ ᠲᠠᠬᠢᠨ ᠴᠢᠨᠠᠭᠰᠢᠳᠠ ᠰᠢᠷᠭᠠᠭᠠᠨ ᠪᠣᠯᠪᠠᠰᠤᠷᠠᠭᠤᠯᠵᠤ ᠡᠩ᠎ᠦᠨ ᠤᠭ ᠶᠣᠰᠣ ᠵᠢᠨ ᠥᠨᠳᠥᠷᠴᠡ᠎ᠳᠦ ᠬᠦᠷᠭᠡᠬᠦ ᠪᠣᠯ ᠨᠠᠮ᠎ᠤᠨ ᠰᠢᠨ᠎ᠡ ᠡᠭᠦᠳᠦᠯᠲᠡ ᠵᠢᠨ ᠣᠨᠣᠯ᠎ᠤᠨ ᠰᠢᠰᠲᠧᠮᠴᠢᠯᠠᠯᠲᠠ ᠤᠨᠤᠯᠵᠢᠯᠠᠯᠳᠠ ᠵᠢ ᠰᠤᠳᠤᠯᠵᠤ ᠲᠠᠢᠯᠪᠤᠷᠢᠯᠠᠬᠤ᠎ᠶᠢ ᠭᠦᠨᠵᠡᠭᠡᠢᠷᠡᠭᠦᠯᠬᠦ ᠵᠢᠨ ᠳᠣᠲᠣᠭᠠᠳᠤ ᠱᠠᠭᠠᠷᠳᠠᠯᠭ᠎ᠠ ᠪᠠ ᠵᠠᠢᠯᠠᠰᠢ ᠦᠭᠡᠢ ᠠᠷᠭ᠎ᠠ ᠵᠠᠮ ᠮᠦᠨ᠃ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ ᠡᠷᠬᠡᠪᠰᠢ ᠲᠡᠭᠦᠨ᠎ᠦ ᠤᠭ ᠶᠣᠰᠤᠴᠢ ᠴᠢᠨᠠᠷ ᠪᠦᠬᠦᠢ ᠬᠤᠪᠢ ᠨᠡᠮᠡᠷᠢ᠎ᠶᠢ ᠭᠦᠨᠵᠡᠭᠡᠢ ᠣᠬᠠᠵᠤ ᠡᠵᠡᠮᠰᠢᠵᠦ᠂ ᠬᠡᠷᠡᠭ ᠪᠤᠳᠠᠰ᠎ᠤᠨ ᠤᠬ ᠶᠤᠰᠤ ᠵᠢ ᠮᠡᠳᠡᠵᠦ ᠶᠣᠰᠣᠴᠢᠯᠠᠨ ᠬᠡᠷᠡᠭᠯᠡᠵᠦ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠨᠡᠪᠳᠡᠷᠡᠯᠴᠡᠭᠦᠯᠬᠦ ᠰᠢᠨᠵᠢᠯᠡᠬᠦ ᠤᠬᠠᠭᠠᠨᠴᠢ ᠰᠢᠰᠲᠧᠮ᠎ᠢ ᠰᠢᠰᠲᠧᠮ᠎ᠲᠠᠢ ᠡᠵᠡᠮᠰᠢᠵᠦ᠂ ᠲᠡᠭᠦᠨ᠎ᠳᠦ ᠠᠭᠤᠯᠤᠭᠳᠠᠵᠤ ᠪᠠᠢᠭ᠎ᠠ ᠶᠣᠰᠣ᠌ ᠤᠴᠢᠷᠶᠤᠰᠤ ᠵᠦᠢ ᠭᠦᠨ ᠶᠤᠰᠤ ᠵᠢ ᠭᠦᠨᠵᠡᠭᠡᠢ ᠰᠤᠷᠤᠯᠴᠠᠨ ᠨᠡᠪᠲᠡᠷᠬᠡᠢ ᠣᠢᠯᠠᠭᠠᠵᠤ᠂ ᠰᠢᠨ᠎ᠡ ᠴᠠᠭ ᠦᠶ᠎ᠡ᠎ᠶᠢᠨ ᠰᠣᠶᠣᠯ᠎ᠤᠨ ᠠᠵᠢᠯ᠎ᠢ ᠰᠠᠢᠲᠤᠷ ᠬᠢᠬᠦ 《ᠡᠷᠳᠡᠮ ᠴᠢᠳᠠᠪᠤᠷᠢ》ᠵᠢ ᠴᠢᠷᠮᠠᠢᠨ ᠡᠵᠡᠮᠰᠢᠵᠦ᠂ ᠨᠠᠮ᠎ᠤᠨ ᠰᠢᠨ᠎ᠡ ᠡᠭᠦᠳᠦᠯᠲᠡ ᠵᠢᠨ ᠣᠨᠣᠯ᠎ᠢᠶᠠᠷ ᠦᠢᠯᠡᠳᠦᠯᠭᠡ᠎ᠪᠡᠨ ᠵᠢᠯᠣᠭᠣᠳᠤᠭᠤᠯᠵᠤ᠂ ᠰᠣᠶᠣᠯ᠎ᠤᠨ ᠦᠢᠯᠡᠰ᠎ᠦᠨ ᠬᠥᠭᠵᠢᠯᠲᠡ᠎ᠶᠢ ᠠᠬᠢᠭᠤᠯᠬᠤ ᠶᠡᠷᠦᠩᠬᠡᠢᠯᠡᠭᠰᠡᠨ ᠴᠢᠳᠠᠪᠤᠷᠢ᠎ᠪᠠᠨ ᠦᠨᠡᠨ ᠬᠦ᠌ ᠴᠢᠩᠭᠠᠳᠬᠠᠬᠤ ᠬᠡᠷᠡᠭᠲᠡᠢ᠃
ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠤᠭ ᠶᠣᠰᠤᠴᠢ ᠴᠢᠨᠠᠷ ᠪᠦᠬᠦᠢ ᠬᠤᠪᠢ ᠨᠡᠮᠡᠷᠢ᠎ᠶᠢᠨ ᠪᠦᠷᠢᠯᠳᠦᠯ᠎ᠦᠨ ᠯᠣᠭᠢᠭ᠋᠎ᠢ ᠭᠦᠨᠵᠡᠭᠡᠢ ᠣᠬᠠᠬᠤ ᠬᠡᠷᠡᠭᠲᠡᠢ
ᠦᠵᠡᠯ ᠰᠠᠨᠠᠭᠠᠨ᠎ᠤ ᠨᠡᠪᠲᠡᠯᠬᠦ ᠬᠦᠴᠦᠨ ᠨᠢ ᠦᠢᠯᠡᠳᠦᠯᠭᠡ᠎ᠶᠢᠨ ᠭᠦᠨ᠎ᠡᠴᠡ ᠢᠷᠡᠯᠲᠡ ᠲᠠᠢ ᠪᠠᠢᠳᠠᠭ᠂ ᠤᠭ ᠶᠣᠰᠣ᠌᠎ᠶᠢᠨ ᠲᠠᠢᠯᠪᠤᠷᠢᠯᠠᠬᠤ ᠬᠦᠴᠦᠨ ᠨᠢ ᠵᠢᠮ᠎ᠡ ᠶᠣᠰᠣ᠌᠎ᠶᠢ ᠢᠯᠡᠷᠡᠭᠦᠯᠬᠦ᠎ᠳᠦ ᠪᠠᠢᠳᠠᠭ᠃ ᠤᠭ ᠶᠣᠰᠣ᠌ ᠨᠢ ᠬᠡᠷᠡᠭ ᠪᠣᠳᠠᠰ᠎ᠤᠨ ᠮᠥᠨ ᠴᠢᠨᠠᠷ ᠵᠢᠴᠢ ᠬᠥᠭᠵᠢᠯᠲᠡ᠎ᠶᠢᠨ ᠵᠢᠮ᠎ᠡ ᠶᠣᠰᠣᠨ᠎ᠤ ᠤᠨᠤᠯ᠎ᠤᠨ ᠲᠤᠰᠬᠠᠯ ᠪᠣᠯᠤᠭᠰᠠᠨ᠎ᠤ ᠬᠤᠪᠢ᠎ᠳᠤ ᠶᠡᠷᠦ ᠨᠢ ᠡᠯᠪᠡᠭ ᠪᠠᠶᠠᠯᠢᠭ᠋ ᠰᠡᠷᠡᠯ᠎ᠦᠨ ᠢᠷᠡᠯᠳᠡ ᠪᠦᠬᠦᠢ ᠮᠠᠲᠧᠷᠢᠶᠠᠯ᠎ᠳᠤ ᠰᠠᠭᠤᠷᠢᠯᠠᠵᠤ᠂ ᠨᠠᠷᠢᠨ ᠨᠢᠭ᠍ᠲᠠ ᠯᠣᠭᠢᠭ᠋ ᠤ᠋ᠨ ᠪᠣᠯᠪᠠᠰᠤᠷᠠᠭᠤᠯᠤᠯ᠎ᠢᠶᠠᠷ ᠳᠠᠮᠵᠢᠨ ᠳᠡᠭᠡᠳᠦ ᠬᠡᠮᠵᠢᠶᠡᠨ᠎ᠦ ᠤᠨᠤᠯ᠎ᠤᠨ ᠬᠤᠷᠢᠶᠠᠩᠭᠤᠢᠯᠠᠯ ᠢ ᠪᠦᠷᠢᠯᠳᠦᠭᠦᠯᠳᠡᠭ᠃ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ᠎ᠶᠢᠨ ᠰᠣᠶᠣᠯ᠎ᠤᠨ ᠪᠠᠢᠭᠤᠯᠤᠯᠲᠠ᠎ᠶᠢᠨ ᠦᠢᠯᠡᠳᠦᠯᠭᠡ᠎ᠶᠢᠨ ᠰᠠᠭᠤᠷᠢᠨ ᠳᠡᠭᠡᠷ᠎ᠡ᠂ ᠰᠢᠨᠵᠢᠯᠡᠬᠦ ᠤᠬᠠᠭᠠᠨᠴᠢ ᠤᠨᠤᠯ᠎ᠤᠨ ᠰᠡᠳᠬᠢᠬᠦᠢ᠎ᠳᠦ ᠲᠦᠰᠢᠭᠯᠡᠨ ᠲᠠᠯᠠᠰ᠎ᠵᠢᠨ ᠪᠦᠷᠢᠯᠳᠦᠭᠰᠡᠨ ᠤᠨᠤᠯ᠎ᠤᠨ ᠡᠭᠦᠳᠦᠯᠲᠡ ᠮᠥᠨ᠂ ᠲᠡᠭᠦᠨ᠎ᠦ ᠤᠭ ᠶᠣᠰᠤᠴᠢ ᠴᠢᠨᠠᠷ ᠪᠦᠬᠦᠢ ᠬᠤᠪᠢ ᠨᠡᠮᠡᠷᠢ ᠨᠢ ᠰᠢᠨᠵᠢᠯᠡᠬᠦ ᠤᠬᠠᠭᠠᠨᠴᠢ ᠪᠦᠷᠢᠯᠳᠦᠯ᠎ᠦᠨ ᠯᠣᠭᠢᠭ᠋᠎ᠲᠠᠢ ᠶᠤᠮ᠃
ᠤᠷᠢᠳ ᠡᠮᠦᠨ᠎ᠡ ᠪᠠᠢᠭ᠎ᠠ ᠦᠭᠡᠢ ᠪᠦᠲᠦᠭᠡᠯᠴᠢ ᠴᠢᠨᠠᠷᠲᠠᠢ ᠦᠢᠯᠡᠳᠦᠯᠭᠡ᠎ᠳᠦ ᠦᠨᠳᠦᠰᠤᠯᠡᠭᠰᠡᠨ ᠶᠤᠮ᠃ ᠳᠤᠮᠳᠠᠳᠤ ᠤᠯᠤᠰ᠎ᠤᠨ ᠡᠪ ᠬᠠᠮᠲᠤᠴᠤᠳ ᠦᠢᠯᠡᠳᠦᠯᠭᠡ᠎ᠶᠢᠨ ᠰᠠᠭᠤᠷᠢᠨ ᠳᠡᠭᠡᠷᠡᠬᠢ ᠤᠨᠤᠯ᠎ᠤᠨ ᠰᠢᠨ᠎ᠡ ᠡᠭᠦᠳᠦᠯᠲᠡ᠎ᠶᠢ ᠢᠮᠠᠭᠲᠠ ᠴᠢᠬᠤᠯᠠᠴᠢᠯᠠᠭᠰᠠᠭᠠᠷ ᠢᠷᠡᠭᠰᠡᠨ ᠶᠤᠮ᠃ ᠮᠠᠤ ᠽᠸ ᠳ᠋ᠦᠩ ᠨᠥᠬᠥᠷ᠄《ᠮᠠᠷᠺᠰ ᠳᠤᠮᠳᠠᠳᠤ ᠤᠯᠤᠰ ᠰᠢᠭ᠋ ᠡᠢᠮᠦ ᠶᠡᠬᠡ ᠬᠤᠪᠢᠰᠬᠠᠯ᠎ᠢ ᠬᠢᠵᠦ ᠥᠩᠭᠡᠷᠡᠭᠰᠡᠨ ᠦᠭᠡᠢ ᠶᠤᠮ᠂ ᠮᠠᠨ᠎ᠤ ᠦᠢᠯᠡᠳᠦᠯᠭᠡ ᠮᠠᠷᠺᠰ ᠤ᠋ᠨ ᠬᠢ ᠡᠴᠡ ᠳᠠᠪᠠᠵᠠᠢ᠂ ᠦᠢᠯᠡᠳᠦᠯᠭᠡ᠎ᠶᠢᠨ ᠳᠤᠮᠳᠠ ᠡᠴᠡ ᠤᠭ ᠶᠣᠰᠣ᠌ ᠪᠤᠢ ᠪᠤᠯᠳᠠᠭ》 ᠭᠡᠵᠦ ᠵᠢᠭᠠᠵᠤ ᠭᠠᠷᠭᠠᠪᠡ᠃ ᠦᠢᠯᠡᠳᠦᠯᠭᠡ᠎ᠶᠢᠨ ᠬᠥᠭᠵᠢᠯᠲᠡ ᠬᠢᠵᠠᠭᠠᠷ ᠦᠭᠡᠢ᠂ ᠤᠨᠤᠯ᠎ᠤᠨ ᠰᠢᠨ᠎ᠡ ᠡᠭᠦᠳᠦᠯᠲᠡ ᠵᠣᠭᠰᠣᠰᠢ ᠦᠭᠡᠢ ᠶᠤᠮ᠃ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠨᠢ ᠴᠠᠭ ᠦᠶ᠎ᠡ᠎ᠶᠢᠨ ᠰᠤᠳᠠᠰᠤ ᠵᠢᠨ ᠯᠤᠬᠰᠢᠯᠳᠠ ᠲᠠᠢ ᠨᠢᠭ᠍ᠲᠠ ᠤᠶᠠᠯᠳᠤᠨ᠂ 《ᠬᠣᠶᠠᠷ ᠶᠡᠬᠡ ᠲᠠᠯ᠎ᠠ》᠎ᠳ᠋ᠤ᠌ ᠰᠠᠭᠤᠷᠢᠯᠠᠵᠤ᠂ ᠬᠥᠮᠥᠨ ᠲᠥᠷᠥᠯᠬᠢᠲᠡᠨ᠎ᠦ ᠲᠡᠦᠬᠡᠨ ᠳᠡᠭᠡᠷᠡᠬᠢ ᠬᠠᠮᠤᠭ᠎ᠤᠨ ᠠᠤᠭ᠎ᠠ ᠶᠡᠬᠡ ᠪᠥᠭᠡᠳ ᠥᠪᠡᠷᠮᠢᠴᠡ ᠦᠢᠯᠡᠳᠦᠯᠭᠡ᠎ᠶᠢᠨ ᠳᠤᠮᠳᠠ᠎ᠠᠴᠠ ᠰᠢᠮ᠎ᠡ ᠬᠦᠷᠲᠡᠵᠦ᠂ ᠠᠷᠠᠳ ᠲᠦᠮᠡᠨ᠎ᠦ ᠤᠶᠤᠨ ᠰᠠᠨᠠᠭᠠᠨ᠎ᠤ ᠶᠢᠷᠲᠢᠨᠴᠦ᠎ᠶᠢ ᠬᠡᠷᠬᠢᠨ ᠪᠠᠶᠠᠯᠢᠭ᠍ᠵᠢᠭᠤᠯᠬᠤ᠂ ᠳᠤᠮᠳᠠᠳᠤ᠎ᠶᠢᠨ ᠰᠣᠶᠣᠯ᠎ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ᠎ᠶᠢ ᠬᠡᠷᠬᠢᠨ ᠴᠣᠭᠴᠠᠯᠠᠬᠤ ᠂ ᠬᠥᠮᠥᠨ ᠲᠥᠷᠥᠯᠬᠢᠲᠡᠨ᠎ᠦ ᠪᠣᠯᠪᠠᠰᠤᠨ᠎ᠤ ᠬᠥᠭᠵᠢᠯᠲᠡ ᠲᠠᠪᠰᠢᠯᠳᠠ᠎ᠶᠢ ᠬᠡᠷᠬᠢᠨ ᠠᠬᠢᠭᠤᠯᠬᠤ ᠵᠡᠷᠭᠡ ᠠᠯᠢ ᠤᠯᠠᠨ ᠴᠢᠬᠤᠯᠠ ᠶᠡᠬᠡ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠦ᠂ ᠠᠯᠢ ᠤᠯᠠᠨ ᠴᠢᠬᠤᠯᠠ ᠤᠭ ᠶᠣᠰᠤᠴᠢ ᠴᠢᠨᠠᠷ ᠪᠦᠬᠦᠢ ᠬᠤᠪᠢ ᠨᠡᠮᠡᠷᠢ᠎ᠶᠢ ᠪᠦᠷᠢᠯᠳᠦᠭᠦᠯᠵᠡᠢ᠃ ᠡᠳᠡᠭᠡᠷ ᠤᠭ ᠶᠣᠰᠤᠴᠢ ᠴᠢᠨᠠᠷ ᠪᠦᠬᠦᠢ ᠬᠤᠪᠢ ᠨᠡᠮᠡᠷᠢ᠎ᠶᠢ ᠣᠬᠠᠬᠤ᠎ᠳᠤ᠂ ᠡᠷᠬᠡᠪᠰᠢ ᠰᠢᠨ᠎ᠡ ᠴᠠᠭ ᠦᠶ᠎ᠡ᠎ᠶᠢᠨ ᠰᠣᠶᠣᠯ᠎ᠤᠨ ᠪᠠᠢᠭᠤᠯᠤᠯᠲᠠ᠎ᠶᠢᠨ ᠠᠮᠢᠳᠤᠯᠢᠭ᠋ ᠦᠢᠯᠡᠳᠦᠯᠭᠡ᠎ᠲᠠᠢ ᠤᠶᠠᠯᠳᠤᠭᠤᠯᠵᠤ᠂ ᠰᠣᠶᠣᠯ᠎ᠤᠨ ᠦᠢᠯᠡᠰ᠎ᠦᠨ ᠬᠥᠭᠵᠢᠯᠲᠡ᠎ᠶᠢᠨ ᠬᠠᠮᠤᠭ᠎ᠤᠨ ᠬᠤᠰᠢᠭᠤᠷᠠᠯ ᠬᠦᠷᠢᠶᠡᠨᠳᠦᠠᠩᠬᠠᠷᠤᠯ ᠵᠢᠡᠨ ᠬᠠᠨᠳᠤᠭᠤᠯᠵᠤ᠂ ᠪᠣᠳᠠᠲᠤ ᠪᠠᠢᠳᠠᠯ᠎ᠢ ᠠᠵᠢᠭ᠍ᠯᠠᠬᠤ ᠳᠤᠮᠳᠠ ᠲᠡᠭᠦᠨ᠎ᠦ ᠳᠣᠲᠣᠭᠠᠳᠤ ᠵᠢᠮ᠎ᠡ ᠬᠠᠤᠯᠢ᠎ᠶᠢ ᠡᠵᠡᠮᠳᠡᠵᠦ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠳᠤ ᠠᠭᠤᠯᠤᠭᠳᠠᠵᠤ ᠪᠠᠢᠭ᠎ᠠ ᠴᠠᠭ ᠦᠶ᠎ᠡ᠎ᠶᠢᠨ ᠠᠩᠬᠠᠷᠤᠯ᠂ ᠠᠰᠠᠭᠤᠳᠠᠯ᠎ᠤᠨ ᠤᠳᠤᠷᠢᠳᠤᠮᠵᠢ᠎ᠶᠢ ᠭᠦᠨᠵᠡᠭᠡᠢ ᠣᠢᠯᠠᠭᠠᠵᠤ᠂ ᠰᠢᠨᠵᠢᠯᠡᠬᠦ ᠤᠬᠠᠭᠠᠨᠴᠢ᠎ᠪᠠᠷ ᠬᠠᠷᠢᠭᠤᠯᠲᠠ ᠥᠭᠴᠦ᠂ ᠲᠡᠭᠦᠨ᠎ᠦ ᠲᠡᠦᠬᠡ᠎ᠶᠢᠨ ᠶᠡᠬᠡ ᠬᠠᠨᠳᠤᠰᠢ᠎ᠶᠢ ᠲᠠᠭᠠᠵᠤ᠂ ᠴᠠᠭ ᠦᠶ᠎ᠡ᠎ᠶᠢᠨ ᠤᠷᠤᠰᠬᠠᠯ᠎ᠤᠨ ᠡᠮᠦᠨ᠎ᠡ ᠡᠷᠡᠯᠬᠡᠭᠯᠡᠨ ᠵᠣᠭᠰᠣᠭᠰᠠᠨ ᠦᠢᠯᠡᠳᠦᠯᠭᠡ᠎ᠶᠢᠨ ᠠᠤᠭ᠎ᠠ ᠬᠦᠴᠦᠨ᠎ᠢ ᠮᠡᠳᠡᠷᠡᠬᠦ ᠬᠡᠷᠡᠭᠲᠡᠢ᠃
ᠲᠥᠪ ᠶᠣᠰᠣ᠌᠎ᠶᠢ ᠪᠠᠷᠢᠮᠲᠠᠯᠠᠨ ᠰᠢᠨᠡᠡᠭᠦᠳᠦᠯᠲᠡ ᠵᠢᠨ ᠣᠨᠣᠯ᠎ᠤᠨ ᠬᠥᠭᠵᠢᠯᠲᠡ᠎ᠶᠢᠨ ᠯᠣᠭᠢᠭ᠋᠎ᠢ ᠪᠠᠷᠢᠮᠳᠠᠯᠠᠪᠠ᠃ ᠮᠠᠷᠺᠰ᠎ᠤᠨ ᠦᠵᠡᠯ᠎ᠳᠦ ᠬᠠᠨᠳᠤᠬᠤ᠎ᠳᠠᠭᠠᠨ ᠨᠣᠮᠯᠠᠯ᠎ᠤᠨ ᠦᠵᠡᠯ᠎ᠦᠨ ᠬᠥᠰᠢᠭᠦᠨ ᠰᠡᠳᠬᠢᠬᠦᠢ᠎ᠶᠢ ᠲᠠᠶᠠᠭᠳᠠᠬᠤ ᠮᠥᠷᠲᠡᠭᠡᠨ ᠪᠠᠰᠠ ᠬᠡᠷᠡᠭᠯᠡᠭᠡᠨ᠎ᠦ ᠦᠵᠡᠯ᠎ᠦᠨ ᠠᠰᠢᠭ᠋ ᠬᠠᠷᠠᠬᠤ ᠬᠡᠯᠪᠡᠷᠢᠯ᠎ᠡᠴᠡ ᠵᠠᠢᠯᠠᠰᠬᠢᠬᠦ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠄《ᠰᠣᠶᠣᠯ᠎ᠤᠨ ᠪᠠᠢᠭᠤᠯᠤᠯᠲᠠ᠎ᠳᠤ ᠠᠪᠴᠤ ᠬᠡᠯᠡᠪᠡᠯ᠂ ᠲᠥᠪ ᠶᠣᠰᠣ᠌᠎ᠶᠢ ᠪᠠᠷᠢᠮᠲᠠᠯᠠᠪᠠᠯ ᠰᠠᠶᠢ ᠥᠪᠡᠷ᠎ᠢ᠎ᠪᠡᠨ ᠲᠦᠭᠡᠷᠢᠭᠳᠡᠭᠦᠯᠬᠦ ᠦᠭᠡᠢ᠂ ᠴᠢᠭᠯᠡᠯ᠎ᠢᠶᠡᠨ ᠠᠯᠳᠠᠬᠤ ᠦᠭᠡᠢ ᠪᠠᠢᠵᠤ᠂ ᠰᠢᠨ᠎ᠡ᠎ᠶᠢ ᠡᠭᠦᠳᠪᠡᠯ ᠰᠠᠶᠢ ᠴᠠᠭ ᠦᠶ᠎ᠡ᠎ᠶᠢ ᠡᠵᠡᠮᠳᠡᠵᠦ᠂ ᠴᠠᠭ ᠦᠶ᠎ᠡ᠎ᠶᠢ ᠬᠥᠲᠥᠯᠥᠨ ᠳᠠᠭᠠᠭᠤᠯᠵᠤ ᠴᠢᠳᠠᠨ᠎ᠠ》ᠭᠡᠵᠦ ᠵᠢᠭᠠᠵᠤ ᠭᠠᠷᠭᠠᠪᠠ᠃ ᠤᠨᠤᠯ᠎ᠤᠨ ᠯᠣᠭᠢᠭ᠋᠎ᠠᠴᠠ ᠠᠪᠴᠤ ᠬᠡᠯᠡᠪᠡᠯ᠂ 《ᠲᠦᠪ ᠶᠤᠰᠦ》 ᠶ᠋ᠢ ᠪᠠᠷᠢᠮᠲᠠᠯᠠᠬᠤ ᠨᠢ ᠳᠠᠷᠤᠢ ᠮᠠᠷᠺᠰ᠎ᠤᠨ ᠦᠵᠡᠯ᠎ᠦᠨ ᠦᠵᠡᠯ ᠰᠠᠨᠠᠭᠠᠨ᠎ᠤ ᠵᠠᠯᠠᠭᠤᠷ᠎ᠢ ᠭᠤᠢᠪᠢᠰᠢ ᠦᠭᠡᠢ ᠪᠠᠲᠤ ᠡᠵᠡᠮᠳᠡᠬᠦ ᠶᠠᠪᠤᠳᠠᠯ ᠪᠣᠯᠣᠨ᠎ᠠ; ᠰᠢᠨ᠎ᠡ᠎ᠶᠢ ᠡᠭᠦᠳᠬᠦ ᠪᠣᠯ ᠳᠠᠷᠤᠢ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠨ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠌᠎ᠶᠢ ᠬᠥᠭᠵᠢᠭᠦᠯᠵᠦ ᠂ ᠴᠠᠭ ᠦᠶ᠎ᠡ᠎ᠶᠢᠨ ᠤᠷᠤᠰᠬᠠᠯ᠎ᠢ ᠬᠥᠲᠥᠯᠥᠨ ᠳᠠᠭᠠᠭᠤᠯᠬᠤ ᠶᠠᠪᠤᠳᠠᠯ ᠪᠣᠯᠣᠨ᠎ᠠ᠃ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠬᠦ᠎ᠳᠦ ᠬᠤᠪᠢᠷᠠᠬᠤ ᠪᠠ ᠡᠰᠡ ᠬᠤᠪᠢᠷᠠᠬᠤ ᠭᠦᠨ ᠤᠬᠠᠭᠠᠨᠰᠢᠩᠭᠡᠵᠦ᠂ ᠵᠠᠯᠭᠠᠮᠵᠢᠯᠠᠬᠤ ᠪᠠ ᠬᠥᠭᠵᠢᠭᠦᠯᠬᠦ᠂ ᠵᠠᠷᠴᠢᠮᠲᠤ ᠴᠢᠨᠠᠷ ᠬᠢᠭᠡᠳ ᠪᠦᠲᠦᠭᠡᠯᠴᠢ ᠴᠢᠨᠠᠷ᠎ᠢ ᠨᠢᠭᠡᠳᠦᠭᠦᠯᠦᠭᠰᠡᠨ ᠬᠤᠪᠢᠰᠤᠩᠭᠤᠢ ᠭᠦᠨ ᠤᠬᠠᠭᠠᠨ᠎ᠢ ᠰᠢᠨᠵᠢᠯᠡᠬᠦ ᠤᠬᠠᠭᠠᠨᠴᠢ᠎ᠪᠠᠷ ᠲᠠᠢᠯᠪᠤᠷᠢᠯᠠᠪᠠ᠃ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠨᠢ ᠠᠯᠢ ᠤᠯᠠᠨ ᠴᠢᠬᠤᠯᠠ ᠤᠭ ᠶᠣᠰᠤᠴᠢ ᠴᠢᠨᠠᠷ ᠪᠦᠬᠦᠢ ᠬᠤᠪᠢ ᠨᠡᠮᠡᠷᠢ ᠦᠵᠡᠭᠦᠯᠵᠦ ᠴᠢᠳᠠᠭᠰᠠᠨ ᠨᠢ ᠶᠠᠭ ᠮᠠᠷᠺᠰ᠎ᠤᠨ ᠦᠵᠡᠯ᠎ᠦᠨ ᠰᠦᠭ ᠰᠦᠨᠡᠰᠦ ᠪᠣᠯᠣᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠦᠨᠳᠦᠰᠦ ᠰᠤᠳᠠᠰᠤ᠎ᠶᠢ ᠪᠠᠲᠤ ᠰᠠᠬᠢᠬᠤ᠎ᠶᠢᠨ ᠬᠠᠮᠲᠤ ᠴᠠᠭ ᠦᠶ᠎ᠡ᠎ᠶᠢᠨ ᠬᠤᠪᠢᠷᠠᠯᠲᠠ ᠪᠣᠯᠣᠨ ᠦᠢᠯᠡᠳᠦᠯᠭᠡ᠎ᠶᠢᠨ ᠬᠥᠭᠵᠢᠯᠲᠡ᠎ᠶᠢ ᠰᠠᠯᠤᠰᠢ ᠦᠭᠡᠢ ᠲᠠᠭᠠᠵᠤ᠂ ᠲᠥᠪᠶᠤᠰᠤ ᠵᠢ ᠰᠠᠬᠢᠬᠤ ᠳᠤᠮᠳᠠ ᠰᠢᠨ᠎ᠡ᠎ᠶᠢ ᠡᠭᠦᠳᠴᠦ᠂ ᠰᠢᠨ᠎ᠡ᠎ᠶᠢ ᠡᠭᠦᠳᠬᠦ ᠳᠤᠮᠳᠠ ᠬᠥᠭᠵᠢᠭᠦᠯᠦᠭᠰᠡᠨ᠎ᠡᠴᠡ ᠪᠣᠯᠤᠭᠰᠠᠨ ᠶᠤᠮ᠃
ᠰᠢᠨᠵᠢᠯᠡᠬᠦ ᠤᠬᠠᠭᠠᠨᠴᠢ ᠣᠨᠣᠯ᠎ᠤᠨ ᠰᠡᠳᠬᠢᠬᠦᠢ᠎ᠶᠢ ᠬᠡᠷᠡᠭᠯᠡᠬᠦ᠎ᠶᠢ ᠪᠠᠷᠢᠮᠲᠠᠯᠠᠪᠠ᠃ ᠶᠡᠷᠦᠩᠬᠡᠢ ᠱᠦᠵᠢ ᠰᠢ ᠵᠢᠨ ᠫᠢᠩ᠄《ᠭᠦᠨᠵᠡᠭᠡᠢ ᠵᠠᠳᠠᠯᠤᠨ ᠪᠣᠳᠣᠯᠬᠢᠯᠠᠬᠤ ᠳᠡᠭᠡᠷ᠎ᠡ ᠬᠦᠴᠦ ᠲᠠᠯᠪᠢᠵᠤ᠂ ᠰᠢᠭᠠᠷᠤ᠎ᠶᠢ ᠨᠢ ᠬᠠᠶᠠᠵᠤ ᠰᠣᠳᠣ᠌᠎ᠶᠢ ᠨᠢ ᠦᠯᠡᠳᠡᠭᠡᠵᠦ ᠠᠪᠴᠤ ᠂ ᠬᠠᠭᠤᠷᠮᠠᠭ᠎ᠢ ᠨᠢ ᠬᠠᠶᠠᠵᠤ ᠦᠨᠡᠨ᠎ᠢ ᠨᠢ ᠦᠯᠡᠳᠡᠭᠡᠵᠦ᠂ ᠡᠭᠦᠨ᠎ᠡᠴᠡ ᠲᠡᠭᠦᠨ᠎ᠳᠦ ᠬᠦᠷᠴᠦ᠂ ᠦᠩᠭᠡᠨ ᠲᠠᠯ᠎ᠠ ᠡᠴᠡᠲᠤᠳᠤᠭᠠᠳᠤ ᠴᠦᠮ᠎ᠡ᠎ᠳᠤᠨᠢ ᠬᠦᠷᠴᠦ᠂ ᠬᠡᠷᠡᠭ ᠪᠣᠳᠠᠰ᠎ᠤᠨ ᠮᠥᠨ ᠴᠢᠨᠠᠷ ᠪᠠ ᠵᠢᠮ᠎ᠡ ᠶᠣᠰᠣ᠌᠎ᠶᠢ ᠡᠷᠢᠵᠦ ᠣᠯᠬᠤ ᠬᠡᠷᠡᠭᠲᠡᠢ》 ᠭᠡᠵᠦ ᠵᠢᠭᠠᠵᠤ ᠭᠠᠷᠭᠠᠪᠠ᠃ ᠤᠨᠤᠯ᠎ᠤᠨ ᠰᠡᠳᠬᠢᠬᠦᠢ ᠨᠢ ᠭᠣᠣᠯᠳᠠᠭᠤ ᠰᠢᠨᠵᠢᠯᠡᠬᠦ ᠤᠬᠠᠭᠠᠨᠴᠢ ᠬᠡᠢᠰᠪᠦᠷᠢᠯᠡᠯ ᠂ ᠤᠨᠤᠯ᠎ᠤᠨ ᠠᠵᠢᠭ᠍ᠯᠠᠯᠲᠠ᠎ᠪᠠᠷ ᠲᠠᠮᠵᠢᠨ ᠰᠡᠷᠡᠯ᠎ᠦᠨ ᠢᠷᠡᠯᠳᠡ ᠪᠦᠬᠦᠢ ᠮᠠᠲᠧᠷᠢᠶᠠᠯ ᠂ ᠲᠤᠷᠰᠢᠯᠭ᠎ᠠ᠎ᠶᠢᠨ ᠡᠳᠡᠭᠡᠳ᠎ᠲᠦ ᠵᠠᠳᠠᠯᠤᠯᠲᠠ ᠬᠢᠵᠦ ᠂ ᠢᠯᠡᠷᠡᠭᠦᠯᠬᠦ ᠵᠢᠮ᠎ᠡ ᠶᠣᠰᠣ᠌᠎ᠶᠢ ᠢᠯᠡ ᠲᠤᠳᠤ ᠪᠤᠯᠭᠠᠵᠤ ᠂ ᠤᠭ ᠶᠤᠰᠤᠨ᠎ᠤ ᠤᠶᠤᠨ ᠤᠬᠠᠭᠠᠨ᠎ᠤ ᠭᠡᠷᠡᠯ ᠬᠢᠯᠪᠠᠭ᠎ᠠ ᠵᠢ ᠬᠤᠷᠢᠶᠠᠩᠭᠤᠢᠯᠠᠬᠤ ᠪᠤᠯᠤᠨ᠎ᠠ᠃ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠨᠢ ᠬᠤᠷᠴᠠ ᠰᠡᠷᠭᠡᠭ ᠤᠨᠤᠯ᠎ᠤᠨ ᠨᠡᠪᠲᠡᠷᠬᠡᠢ ᠠᠵᠢᠭ᠍ᠯᠠᠯᠲᠠ᠎ᠪᠠᠷ ᠡᠯ᠎ᠡ ᠵᠦᠢᠯ᠎ᠦᠨ ᠰᠣᠶᠣᠯ᠎ᠤᠨ ᠦᠵᠡᠭᠳᠡᠯ᠎ᠢ ᠵᠠᠳᠠᠯᠤᠨ ᠰᠢᠨᠵᠢᠯᠡᠵᠦ ᠂ ᠥᠷᠭᠡᠨ ᠠᠭᠤᠳᠠᠮ ᠲᠡᠦᠬᠡ᠎ᠶᠢᠨ ᠬᠠᠷᠠᠭᠠᠰᠤ ᠡᠴᠡ ᠬᠥᠲᠥᠯᠥᠨ ᠳᠠᠭᠠᠭᠤᠯᠬᠤ ᠴᠢᠨᠠᠷᠲᠠᠢ ᠂ ᠦᠨᠳᠦᠰᠦᠨ ᠴᠢᠨᠠᠷᠲᠠᠢ ᠴᠢᠬᠤᠯᠠ ᠶᠡᠬᠡ ᠰᠣᠶᠣᠯ᠎ᠤᠨ ᠰᠡᠳᠦᠪ᠎ᠢ ᠢᠯᠭᠠᠨ ᠲᠠᠨᠢᠵᠤ ᠂ ᠰᠢᠨ᠎ᠡ ᠰᠣᠷᠭᠣᠭ ᠰᠣᠶᠣᠯ᠎ᠤᠨ ᠦᠢᠯᠡᠳᠦᠯᠭᠡ ᠳᠤᠮᠳᠠ᠎ᠠᠴᠠ ᠨᠡᠢᠲᠡᠯᠢᠭ ᠴᠢᠨᠠᠷ᠎ᠢ ᠭᠠᠷᠭᠠᠨ ᠠᠪᠴᠤ ᠂ ᠵᠢᠮ᠎ᠡ ᠶᠣᠰᠣ᠌᠎ᠶᠢ ᠢᠯᠡᠷᠡᠭᠦᠯᠪᠡ᠃ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠤᠭ ᠶᠣᠰᠤᠴᠢ ᠴᠢᠨᠠᠷ ᠪᠦᠬᠦᠢ ᠬᠤᠪᠢ ᠨᠡᠮᠡᠷᠢ᠎ᠶᠢᠨ ᠪᠦᠷᠢᠯᠳᠦᠭᠰᠡᠨ ᠶᠠᠪᠤᠴᠠ ᠪᠣᠯ ᠳᠠᠷᠤᠢ ᠰᠢᠨᠵᠢᠯᠡᠬᠦ ᠤᠬᠠᠭᠠᠨᠴᠢ ᠤᠨᠤᠯ᠎ᠤᠨ ᠰᠡᠳᠬᠢᠬᠦᠢ᠎ᠪᠡᠷ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶᠢᠨ ᠵᠢᠮ᠎ᠡ ᠶᠣᠰᠣᠨ᠎ᠤ ᠲᠤᠬᠠᠢ ᠲᠠᠨᠢᠯᠲᠠ ᠵᠢ ᠲᠠᠰᠤᠷᠠᠯᠳᠠ ᠦᠭᠡᠢ ᠭᠦᠨᠵᠡᠭᠡᠢᠷᠡᠭᠦᠯᠦᠭᠰᠡᠨ ᠶᠠᠪᠤᠴᠠ ᠪᠣᠯᠣᠨ᠎ᠠ᠃
ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠤᠭ ᠶᠣᠰᠤᠴᠢ ᠴᠢᠨᠠᠷ ᠪᠦᠬᠦᠢ ᠬᠤᠪᠢ ᠨᠡᠮᠡᠷᠢ᠎ᠶᠢᠨ ᠭᠣᠣᠯᠳᠠᠯᠭ᠎ᠠ᠎ᠲᠠᠢ ᠠᠭᠤᠯᠭ᠎ᠠ᠎ᠶᠢ ᠭᠦᠨᠵᠡᠭᠡᠢ ᠤᠬᠠᠬᠤ ᠬᠡᠷᠡᠭᠲᠡᠢ
ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠤᠭ ᠶᠣᠰᠤᠴᠢ ᠴᠢᠨᠠᠷ ᠪᠦᠬᠦᠢ ᠬᠤᠪᠢ ᠨᠡᠮᠡᠷᠢ᠎ᠶᠢ ᠭᠦᠨᠵᠡᠭᠡᠢ ᠤᠬᠠᠬᠤ᠎ᠳᠤ ᠡᠷᠬᠡᠪᠰᠢ ᠰᠣᠩᠭᠣᠳᠠᠭ ᠲᠤᠯᠭᠤᠷ ᠪᠢᠴᠢᠭ᠎ᠲᠦ ᠰᠠᠭᠤᠷᠢᠯᠠᠵᠤ᠂ ᠤᠭ ᠵᠣᠬᠢᠶᠠᠯ᠎ᠤᠨ ᠴᠢᠬᠤᠯᠠ ᠠᠭᠤᠯᠭ᠎ᠠ᠎ᠳᠦ ᠠᠩᠬᠠᠷᠤᠯ ᠵᠢᠡᠨ ᠬᠠᠨᠳᠤᠭᠤᠯᠵᠤ᠂ 《ᠰᠢ ᠵᠢᠨ ᠫᠢᠩ ᠤ᠋ᠨ ᠲᠦᠷᠦ᠎ᠶᠢ ᠵᠠᠰᠠᠬᠤ ᠲᠤᠬᠠᠢ》 ᠭᠡᠬᠦ ᠨᠣᠮ᠎ᠤᠨ ᠨᠢᠭᠡᠳᠦᠭᠡᠷ᠎ᠡᠴᠡ ᠲᠠᠪᠤᠳᠤᠭᠠᠷ ᠪᠣᠳᠢ᠂ 《ᠰᠢ ᠵᠢᠨ ᠫᠢᠩ᠎ᠦᠨ ᠵᠣᠬᠢᠶᠠᠯ᠎ᠤᠨ ᠲᠡᠭᠦᠪᠦᠷᠢ》᠎ᠶ᠋ᠢᠨ ᠨᠢᠭᠡᠳᠦᠭᠡᠷ ᠪᠣᠳᠢ᠂ ᠬᠣᠶᠠᠳᠤᠭᠠᠷ ᠪᠣᠳᠢ᠂ 《ᠰᠢ ᠵᠢᠨ ᠫᠢᠩ᠎ᠦᠨ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶᠢᠨ ᠲᠤᠬᠠᠢ ᠥᠭᠦᠯᠡᠯᠲᠡ᠎ᠶᠢᠨ ᠰᠤᠩᠭᠤᠳᠠᠭ ᠲᠡᠭᠦᠪᠦᠷᠢ》 ᠵᠡᠷᠭᠡ ᠤᠭ ᠵᠣᠬᠢᠶᠠᠯ᠎ᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠲᠡᠭᠦᠨ᠎ᠦ ᠰᠢᠨᠵᠢᠯᠡᠬᠦ ᠤᠬᠠᠭᠠᠨᠴᠢ ᠰᠡᠳᠬᠢᠬᠦᠢ ᠪᠣᠯᠣᠨ ᠤᠬᠢ ᠰᠣᠳᠤᠨ ᠴᠢᠬᠤᠯᠠ ᠠᠭᠤᠯᠭ᠎ᠠ᠎ᠶᠢ ᠡᠵᠡᠮᠰᠢᠬᠦ ᠬᠡᠷᠡᠭᠲᠡᠢ᠃ ᠰᠤᠳᠤᠯᠤᠨ ᠤᠩᠰᠢᠬᠤ᠎ᠳᠠᠭᠠᠨ ᠵᠣᠬᠢᠶᠠᠯ᠎ᠤᠨ ᠠᠭᠤᠯᠭ᠎ᠠ᠎ᠵᠢ ᠪᠦᠬᠦᠯᠢ ᠴᠣᠭᠴᠠ᠎ᠪᠠᠷ ᠨᠢ ᠡᠵᠡᠮᠰᠢᠵᠦ᠂ ᠲᠡᠭᠦᠨ᠎ᠦ ᠤᠨᠤᠯ᠎ᠤᠨ ᠰᠢᠨ᠎ᠡ ᠡᠭᠦᠳᠦᠯᠲᠡ᠎ᠶᠢᠨ ᠠᠰᠠᠭᠤᠳᠠᠯ᠎ᠤᠨ ᠤᠬᠠᠮᠰᠠᠷ᠎ᠢ ᠭᠦᠨᠵᠡᠭᠡᠢ ᠣᠢᠯᠠᠭᠠᠬᠤ ᠬᠡᠷᠡᠭᠲᠡᠢ ᠮᠥᠷᠲᠡᠭᠡᠨ ᠪᠠᠰᠠ ᠭᠣᠣᠯ ᠲᠤᠯᠭᠤᠷ ᠪᠢᠴᠢᠭ᠎ᠦᠨ ᠳᠣᠲᠣᠭᠠᠳᠤ ᠯᠣᠭᠢᠭ᠋᠎ᠢ ᠰᠢᠰᠲᠧᠮ᠎ᠲᠠᠢ ᠡᠵᠡᠮᠰᠢᠵᠦ᠂ ᠭᠣᠣᠯᠳᠠᠯᠭ᠎ᠠ᠎ᠲᠠᠢ ᠵᠣᠬᠢᠶᠠᠯ᠎ᠤᠨ ᠭᠣᠣᠯ ᠵᠣᠷᠢᠯᠲᠠ᠎ᠶᠢ ᠣᠨᠣᠪᠴᠢᠲᠠᠢ ᠣᠢᠯᠠᠭᠠᠵᠤ᠂ ᠵᠤᠬᠢᠶᠠᠯ᠎ᠳᠦ ᠠᠭᠤᠯᠤᠭᠳᠠᠵᠤ ᠪᠠᠢᠭ᠎ᠠ ᠤᠭ ᠶᠣᠰᠣᠴᠢ ᠴᠢᠨᠠᠷ ᠪᠦᠬᠦᠢ ᠦᠷ᠎ᠡ ᠪᠦᠲᠦᠭᠡᠯ᠎ᠢ ᠭᠦᠨᠵᠡᠭᠡᠢ ᠰᠤᠷᠤᠯᠴᠠᠨ ᠨᠡᠪᠲᠡᠷᠬᠡᠢ ᠣᠢᠯᠠᠭᠠᠬᠤ ᠬᠡᠷᠡᠭᠲᠡᠢ᠃ ᠵᠠᠷᠢᠮ ᠲᠥᠯᠥᠭᠡᠯᠡᠬᠦ ᠴᠢᠨᠠᠷᠲᠠᠢ ᠠᠭᠤᠯᠭ᠎ᠠ᠎ᠶᠢ ᠭᠣᠣᠯᠳᠠᠯᠭ᠎ᠠ᠎ᠲᠠᠢ ᠡᠵᠡᠮᠰᠢᠵᠦ ᠪᠣᠯᠣᠨ᠎ᠠ᠃
ᠤᠯᠤᠰ ᠲᠥᠷᠥ᠎ᠶᠢᠨ ᠬᠥᠲᠥᠯᠥᠨ ᠳᠠᠭᠠᠭᠤᠯᠬᠤ ᠴᠢᠨᠠᠷ᠎ᠢ ᠢᠯᠡᠷᠡᠭᠦᠯᠵᠦ ᠂ ᠨᠠᠮ᠎ᠤᠨ ᠰᠣᠶᠣᠯ᠎ᠢ ᠤᠳᠤᠷᠢᠳᠬᠤ ᠡᠷᠬᠡ᠎ᠶᠢᠨ ᠤᠭ ᠶᠣᠰᠣ᠌᠎ᠶᠢ ᠲᠣᠳᠣᠷᠬᠠᠢᠯᠠᠪᠠ᠃ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠳᠤ ᠨᠠᠮ᠎ᠤᠨ ᠤᠳᠤᠷᠢᠳᠤᠯᠭ᠎ᠠ᠎ᠶᠢ ᠬᠡᠷᠬᠢᠨ ᠪᠠᠷᠢᠮᠲᠠᠯᠠᠵᠤ᠂ ᠵᠥᠪ ᠴᠢᠭᠯᠡᠯ᠎ᠢ ᠬᠡᠷᠬᠢᠨ ᠦᠨᠡᠨ ᠬᠦ᠌ ᠪᠠᠲᠤᠯᠠᠬᠤ ᠪᠣᠯ ᠨᠢᠭᠡᠨ ᠦᠨᠳᠦᠰᠦᠨ ᠠᠰᠠᠭᠤᠳᠠᠯ ᠮᠥᠨ᠃ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠳᠤ 《ᠨᠠᠮ᠎ᠤᠨ ᠰᠣᠶᠣᠯ᠎ᠢ ᠤᠳᠤᠷᠢᠳᠬᠤ ᠡᠷᠬᠡ》 ᠶ᠋ᠢ ᠲᠣᠳᠣᠷᠬᠠᠢ ᠳᠤᠷᠠᠳᠴᠤ᠂ ᠮᠠᠷᠺᠰ᠎ᠤᠨ ᠦᠵᠡᠯ᠎ᠦᠨ ᠰᠣᠶᠣᠯ᠎ᠤᠨ ᠤᠨᠤᠯ᠎ᠳᠤ ᠴᠢᠬᠤᠯᠠ ᠤᠭ ᠶᠣᠰᠤᠴᠢ ᠴᠢᠨᠠᠷ ᠪᠦᠬᠦᠢ ᠰᠢᠨ᠎ᠡ᠎ᠡᠭᠦᠳᠦᠯᠳᠡ ᠵᠢ ᠨᠡᠮᠡᠷᠢᠯᠡᠭᠰᠡᠨ ᠪᠠᠢᠨ᠎ᠠ᠃
ᠮᠠᠷᠺᠰ᠎ᠤᠨ ᠦᠵᠡᠯ᠎ᠦᠨ ᠦᠨᠳᠦᠰᠦᠨ ᠤᠭ ᠶᠤᠰᠦ᠎ᠵᠢᠨ ᠦᠵᠡᠬᠦ᠎ᠪᠡᠷ᠂ ᠦᠭᠡᠢᠭᠦᠦ ᠠᠩᠭᠢ ᠡᠷᠬᠡᠪᠰᠢ ᠥᠪᠡᠷ᠎ᠦᠨ ᠲᠡᠷᠢᠭᠦᠨ᠎ᠦ ᠬᠡᠰᠢᠭᠦᠨ᠎ᠢᠶᠡᠨ ᠬᠣᠰᠢᠭᠤᠴᠢ ᠠᠩᠭᠢᠪᠦᠬᠦᠢ ᠲᠦᠷᠦ᠎ᠶᠢᠨ ᠨᠠᠮ ᠪᠣᠯᠭᠠᠨ ᠵᠣᠬᠢᠶᠠᠨ ᠪᠠᠶ᠋ᠢᠭᠤᠯᠬᠤ᠎ᠶᠢᠨ ᠬᠠᠮᠲᠤ ᠲᠡᠭᠦᠨ᠎ᠦ ᠰᠣᠶᠣᠯ᠎ᠤᠨ ᠤᠳᠤᠷᠢᠳᠤᠯᠭ᠎ᠠ᠎ᠶᠢ ᠤᠬᠠᠮᠰᠠᠷ᠎ᠠᠴᠠ᠎ᠪᠠᠨ ᠬᠦᠯᠢᠶᠡᠵᠦ᠂ ᠬᠥᠮᠥᠨ ᠲᠥᠷᠥᠯᠬᠢᠲᠡᠨ᠎ᠦ ᠴᠢᠯᠦᠭᠡᠯᠡᠯᠲᠡ᠎ᠶᠢ ᠣᠯᠬᠤ ᠡᠷᠬᠢᠮ ᠳᠡᠭᠡᠳᠦ ᠬᠠᠷᠠᠯᠲᠠ᠎ᠶᠢ ᠦᠵᠡᠯ ᠰᠠᠨᠠᠭᠠᠨ᠎ᠤ ᠲᠤᠭ ᠳᠡᠭᠡᠷ᠎ᠡ ᠪᠢᠴᠢᠭᠯᠡᠬᠦ ᠬᠡᠷᠡᠭᠲᠡᠢ᠃ ᠳᠤᠮᠳᠠᠳᠤ ᠤᠯᠤᠰ᠎ᠤᠨ ᠡᠪ ᠬᠠᠮᠲᠤᠴᠤᠳ ᠬᠤᠪᠢᠰᠬᠠᠯ᠂ ᠪᠦᠲᠦᠭᠡᠨ ᠪᠠᠢᠭᠤᠯᠤᠯᠲᠠ ᠪᠠ ᠥᠭᠡᠷᠡᠴᠢᠯᠡᠯᠲᠡ᠎ᠶᠢᠨ ᠡᠯ᠎ᠡ ᠲᠡᠦᠬᠡᠨ ᠴᠠᠭ ᠦᠶ᠎ᠡ᠎ᠳᠦ ᠢᠮᠠᠭᠲᠠ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ ᠪᠠ ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ᠎ᠶᠢ ᠴᠢᠬᠤᠯᠠᠴᠢᠯᠠᠬᠤ᠎ᠶᠢ ᠨᠢᠭ᠍ᠲᠠ ᠤᠶᠠᠯᠳᠤᠭᠤᠯᠤᠭᠰᠡᠨ ᠶᠤᠮ᠃ ᠰᠢᠨ᠎ᠡ ᠪᠠᠢᠳᠠᠯ᠎ᠤᠨ ᠳᠣᠣᠷ᠎ᠠ ᠰᠢᠨ᠎ᠡ ᠠᠭᠤᠤ ᠶᠡᠬᠡ ᠢᠯᠠᠯᠲᠠ᠎ᠶᠢ ᠲᠡᠮᠡᠴᠡᠨ ᠣᠯᠣᠶ᠎ᠠ ᠭᠡᠪᠡᠯ ᠡᠷᠬᠡᠪᠰᠢ ᠦᠵᠡᠯ ᠰᠠᠨᠠᠭ᠎ᠠ᠂ ᠤᠶᠤᠨ ᠰᠠᠨᠠᠭ᠎ᠠ᠂ ᠰᠣᠶᠣᠯ᠎ᠤᠨ ᠲᠠᠯ᠎ᠠ᠎ᠪᠠᠷ ᠪᠦᠬᠦ ᠨᠠᠮ ᠪᠦᠬᠦ ᠨᠡᠢᠭᠡᠮ᠎ᠦᠨ ᠪᠦᠯᠬᠦᠮᠳᠡᠯ ᠨᠢᠭᠡᠳᠦᠯ᠎ᠢ ᠤᠯᠠᠮ ᠨᠢᠭᠡ ᠠᠯᠬᠤᠮ ᠪᠡᠬᠢᠵᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠄《ᠦᠵᠡᠯ ᠰᠠᠨᠠᠭᠠᠨ᠎ᠤ ᠤᠳᠤᠷᠢᠳᠤᠯᠭ᠎ᠠ᠎ᠶᠢ ᠡᠵᠡᠮᠰᠢᠬᠦ ᠪᠣᠯ ᠠᠯᠢᠪᠠ ᠤᠳᠤᠷᠢᠳᠤᠯᠭ᠎ᠠ᠎ᠶᠢ ᠡᠵᠡᠮᠰᠢᠬᠦ᠎ᠶᠢᠨ ᠰᠠᠭᠤᠷᠢ ᠮᠥᠨ》᠂ 《ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠳᠠᠬᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠴᠢᠩᠭᠠᠳᠬᠠᠬᠤ ᠬᠡᠷᠡᠭᠲᠡᠢ》 ᠭᠡᠵᠦ ᠵᠢᠭᠠᠵᠤ ᠭᠠᠷᠭᠠᠪᠠ᠃ ᠮᠠᠷᠺᠰ᠎ᠤᠨ ᠦᠵᠡᠯ᠎ᠦᠨ ᠬᠥᠭᠵᠢᠯᠲᠡ᠎ᠶᠢᠨ ᠲᠡᠦᠬᠡ᠎ᠡᠴᠡ ᠠᠪᠴᠤ ᠦᠵᠡᠪᠡᠯ ᠂ ᠨᠠᠮ᠎ᠤᠨ ᠰᠣᠶᠣᠯ᠎ᠢ ᠤᠳᠤᠷᠢᠳᠬᠤ ᠡᠷᠬᠡ ᠪᠣᠯ ᠥᠩᠭᠡᠷᠡᠭᠰᠡᠨ᠎ᠳᠦ ᠥᠭᠦᠯᠡᠭᠰᠡᠨ ᠪᠣᠯᠪᠠᠴᠤ ᠲᠡᠶ᠋ᠢᠮᠦ ᠲᠣᠳᠣᠷᠬᠠᠢ ᠪᠢᠰᠢ ᠴᠢᠬᠤᠯᠠ ᠠᠰᠠᠭᠤᠳᠠᠯ ᠶᠤᠮ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠥᠭᠦᠯᠡᠯᠲᠡ ᠨᠢ ᠨᠠᠮ᠎ᠤᠨ ᠰᠣᠶᠣᠯ᠎ᠢ ᠤᠳᠤᠷᠢᠳᠬᠤ ᠡᠷᠬᠡ᠎ᠶᠢ ᠢᠯᠠ ᠲᠣᠳᠣᠷᠬᠠᠢ ᠳᠤᠷᠠᠳᠤᠭᠰᠠᠨ ᠪᠥᠭᠡᠳ ᠰᠢᠰᠲᠧᠮ᠎ᠲᠠᠢ ᠲᠣᠳᠣᠷᠬᠠᠢᠯᠠᠨ ᠥᠭᠦᠯᠡᠵᠦ ᠂ ᠮᠠᠷᠺᠰ᠎ᠤᠨ ᠦᠵᠡᠯ᠎ᠦᠨ ᠰᠣᠩᠭᠣᠳᠠᠭ ᠵᠣᠬᠢᠶᠠᠯᠴᠢ᠎ᠶᠢᠨ ᠬᠣᠯᠪᠣᠭᠳᠠᠯ ᠪᠦᠬᠦᠢ ᠦᠵᠡᠯ ᠰᠠᠨᠠᠭᠠᠨ᠎ᠤ ᠵᠠᠯᠭᠠᠮᠵᠢᠯᠠᠯ ᠪᠠ ᠬᠥᠭᠵᠢᠯᠲᠡ᠎ᠶᠢ ᠪᠡᠶᠡᠯᠡᠭᠦᠯᠦᠭᠰᠡᠨ ᠪᠠᠢᠨ᠎ᠠ᠃
ᠮᠠᠷᠺᠰ᠎ᠤᠨ ᠦᠵᠡᠯ᠎ᠦᠨ ᠲᠦᠷᠦ᠎ᠶᠢᠨ ᠨᠠᠮ ᠶᠡᠷᠦ᠎ᠡᠴᠡ ᠵᠢᠯᠤᠭᠣᠳᠬᠤ ᠦᠵᠡᠯ ᠰᠠᠨᠠᠭᠠᠨ᠎ᠤ ᠲᠡᠷᠢᠭᠦᠨ᠎ᠦ ᠴᠢᠨᠠᠷ᠎ᠢ ᠦᠵᠡᠯ ᠤᠬᠠᠮᠰᠠᠷ᠎ᠤᠨ ᠬᠡᠯᠪᠡᠷᠢ᠎ᠶᠢᠨ ᠬᠦᠷᠢᠶᠡᠨ᠎ᠳᠡᠬᠢ ᠭᠣᠣᠯᠯᠠᠬᠤ ᠡᠷᠬᠡ᠂ ᠦᠭᠡ ᠬᠡᠯᠡᠬᠦ ᠡᠷᠬᠡ ᠪᠣᠯᠭᠠᠨ ᠬᠤᠪᠢᠷᠠᠭᠤᠯᠬᠤ᠎ᠳᠠᠭᠠᠨ ᠴᠢᠳᠠᠮᠠᠭᠠᠢ ᠪᠠᠢᠳᠠᠭ᠃ ᠦᠵᠡᠯ ᠤᠬᠠᠮᠰᠠᠷ᠎ᠤᠨ ᠬᠡᠯᠪᠡᠷᠢ᠎ᠶᠢᠨ ᠠᠮᠤᠷ ᠲᠦᠪᠰᠢᠨ ᠪᠣᠯ ᠤᠯᠤᠰ᠎ᠤᠨ ᠶᠡᠷᠦᠩᠬᠡᠢ ᠠᠮᠤᠷ ᠲᠦᠪᠰᠢᠨ᠎ᠦ ᠬᠡᠮᠵᠢᠭᠦᠷ ᠮᠥᠨ ᠂ ᠪᠠᠰᠠ ᠴᠤ᠌ ᠵᠠᠰᠠᠭ᠎ᠤᠨ ᠡᠷᠬᠡ᠎ᠶᠢᠨ ᠲᠣᠭᠲᠠᠭᠤᠨ᠎ᠤ ᠬᠡᠮᠵᠢᠶ᠎ᠡ᠎ᠶᠢ ᠲᠤᠰᠬᠠᠬᠤ ᠵᠦᠭᠯᠡᠭᠦᠷ ᠮᠥᠨ᠃ ᠶᠡᠷᠦᠩᠬᠡᠢ ᠱᠦᠵᠢ ᠰᠢ ᠵᠢᠨ ᠫᠢᠩ᠄《ᠦᠵᠡᠯ ᠤᠬᠠᠮᠰᠠᠷ᠎ᠤᠨ ᠬᠡᠯᠪᠡᠷᠢ ᠨᠢ ᠰᠣᠶᠣᠯ᠎ᠤᠨ ᠤᠷᠤᠭᠰᠢᠯᠠᠯᠲᠠ᠎ᠶᠢᠨ ᠴᠢᠭᠯᠡᠯ ᠪᠠ ᠬᠥᠭᠵᠢᠯᠲᠡ᠎ᠶᠢᠨ ᠵᠠᠮ᠎ᠢ ᠲᠣᠭᠲᠠᠭᠠᠳᠠᠭ》᠂ 《ᠮᠠᠷᠺᠰ᠎ᠤᠨ ᠦᠵᠡᠯ ᠪᠣᠯ ᠮᠠᠨ᠎ᠤ ᠨᠠᠮ᠎ᠢᠶᠠᠨ ᠪᠠᠢᠭᠤᠯᠵᠤ ᠤᠯᠤᠰ᠎ᠢᠶᠠᠨ ᠲᠣᠭᠲᠠᠨᠢᠭᠤᠯᠬᠤ᠂ ᠨᠠᠮ᠎ᠢᠶᠠᠨ ᠮᠠᠨᠳᠤᠭᠤᠯᠵᠤ ᠤᠯᠤᠰ᠎ᠢᠶᠠᠨ ᠮᠠᠨᠳᠤᠭᠤᠯᠬᠤ᠎ᠶᠢᠨ ᠦᠨᠳᠦᠰᠦᠨ ᠵᠢᠯᠤᠭᠣᠳᠬᠤ ᠦᠵᠡᠯ ᠰᠠᠨᠠᠭ᠎ᠠ ᠮᠦᠨ》 ᠭᠡᠵᠦ ᠵᠢᠭᠠᠵᠤ ᠭᠠᠷᠭᠠᠪᠠ᠃ ᠡᠳᠡᠭᠡᠷ ᠴᠢᠬᠤᠯᠠ ᠥᠭᠦᠯᠡᠯᠲᠡ ᠨᠢ ᠨᠡᠢᠭᠡᠮ᠎ᠦᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ᠎ᠶᠢ ᠬᠦᠴᠦᠲᠡᠢ ᠬᠥᠲᠥᠯᠥᠨ ᠵᠢᠯᠤᠭᠣᠳᠴᠤ᠂ ᠤᠯᠠᠨ ᠡᠰᠢᠳᠦ ᠬᠦᠭᠵᠢᠯᠳᠡ᠎ᠶᠢᠨ ᠳᠤᠮᠳᠠ ᠭᠤᠤᠯ ᠤᠳᠤᠷᠢᠳᠤᠮᠵᠢ ᠵᠢ ᠲᠤᠬᠳᠠᠭᠠᠵᠤ᠂ ᠤᠯᠠᠨ ᠶᠠᠩᠵᠤ ᠬᠡᠯᠪᠡᠷᠢ᠎ᠶᠢᠨ ᠳᠤᠮᠳᠠ ᠬᠠᠮᠲᠤ᠎ᠶᠢᠨ ᠲᠠᠨᠢᠯᠲᠠ᠎ᠶᠢ ᠡᠷᠢᠯᠬᠢᠯᠡᠵᠦ᠂ ᠤᠯᠠᠨ ᠬᠤᠪᠢᠰᠤᠯᠳᠠ᠎ᠶᠢᠨ ᠳᠤᠮᠳᠠ ᠴᠢᠭᠯᠡᠯ᠎ᠢ ᠲᠣᠭᠲᠠᠭᠠᠪᠠ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠠᠴᠠ 《ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶᠡᠨ᠎ᠳᠡᠬᠢ ᠮᠠᠷᠺᠰ᠎ᠤᠨ ᠦᠵᠡᠯ᠎ᠦᠨ ᠵᠢᠯᠤᠭᠣᠳᠬᠤ ᠪᠠᠢᠷᠢ ᠰᠠᠭᠤᠷᠢ᠎ᠶᠢ ᠪᠠᠷᠢᠮᠲᠠᠯᠠᠬᠤ》 ᠶ᠋ᠢ ᠠᠩᠬ᠎ᠠ ᠤᠳᠠᠭ᠎ᠠ ᠨᠢᠭᠡ ᠦᠨᠳᠦᠰᠦᠨ ᠳᠦᠷᠢᠮ ᠪᠣᠯᠭᠠᠨ ᠲᠣᠭᠲᠠᠭᠠᠪᠠ᠂ ᠡᠨᠡ ᠨᠢ ᠮᠠᠨ᠎ᠤ ᠨᠠᠮ᠎ᠤᠨ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠵᠢᠮ᠎ᠡ ᠶᠣᠰᠣᠨ᠎ᠤ ᠲᠤᠬᠠᠢ ᠲᠠᠨᠢᠯᠲᠠ ᠰᠢᠨ᠎ᠡ ᠠᠬᠤᠢ ᠪᠠᠢᠳᠠᠯ᠎ᠳᠤ ᠬᠦᠷᠴᠦ ᠂ ᠮᠠᠷᠺᠰ᠎ᠤᠨ ᠦᠵᠡᠯ᠎ᠦᠨ ᠦᠵᠡᠯ ᠤᠬᠠᠮᠰᠠᠷ᠎ᠤᠨ ᠬᠡᠯᠪᠡᠷᠢ᠎ᠶᠢᠨ ᠤᠨᠤᠯ᠎ᠤᠨ ᠰᠢᠨ᠎ᠡ ᠡᠭᠦᠳᠦᠯᠲᠡ ᠪᠣᠯᠣᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠰᠢᠨ᠎ᠡ ᠡᠭᠦᠳᠦᠯᠲᠡ᠎ᠶᠢ ᠣᠷᠭᠠᠨᠢᠭ᠋᠎ᠢᠶᠠᠷ ᠨᠡᠪᠲᠡᠷᠡᠭᠦᠯᠦᠭᠰᠡᠨ ᠪᠠᠢᠨ᠎ᠠ᠃
ᠨᠠᠮ᠎ᠤᠨ ᠰᠣᠶᠣᠯ᠎ᠢ ᠤᠳᠤᠷᠢᠳᠬᠤ ᠡᠷᠬᠡ᠎ᠶᠢᠨ ᠤᠭ ᠶᠤᠰᠤ ᠪᠣᠯ ᠳᠡᠯᠡᠬᠡᠢ᠎ᠶᠢᠨ ᠨᠡᠢᠭᠡᠮ ᠵᠢᠷᠤᠮ᠎ᠤᠨ ᠬᠥᠭᠵᠢᠯᠲᠡ᠎ᠶᠢᠨ ᠶᠠᠪᠤᠴᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤ ᠭᠠᠷᠤᠢ ᠵᠢᠯ᠎ᠦᠨ ᠲᠡᠮᠡᠴᠡᠯ᠎ᠦᠨ ᠲᠡᠦᠬᠡ᠎ᠶᠢᠨ ᠵᠥᠪ ᠪᠤᠷᠤᠭᠤ ᠬᠣᠶᠠᠷ ᠲᠠᠯ᠎ᠠ᠎ᠶᠢᠨ ᠲᠤᠷᠰᠢᠯᠭ᠎ᠠ᠎ᠶᠢᠨ ᠭᠦᠨᠵᠡᠭᠡᠢ ᠳ᠋ᠦᠩᠨᠡᠯᠲᠡ ᠮᠥᠨ᠃ ᠡᠨᠡ ᠬᠦ᠌ ᠤᠭ ᠶᠣᠰᠣ᠌ ᠨᠢ ᠰᠣᠶᠣᠯ᠎ᠢ ᠤᠳᠤᠷᠢᠳᠬᠤ ᠡᠷᠬᠡ᠎ᠶᠢᠨ ᠬᠥᠲᠥᠯᠥᠨ ᠳᠠᠭᠠᠭᠤᠯᠬᠤ ᠦᠢᠯᠡᠳᠦᠯ᠂ ᠦᠵᠡᠯ ᠤᠬᠠᠮᠰᠠᠷ᠎ᠤᠨ ᠬᠡᠯᠪᠡᠷᠢ᠎ᠶᠢᠨ ᠰᠣᠶᠣᠯ᠎ᠤᠨ ᠬᠥᠭᠵᠢᠯᠲᠡ᠎ᠶᠢᠨ ᠴᠢᠭᠯᠡᠯ᠎ᠳᠦ ᠦᠵᠡᠭᠦᠯᠬᠦ ᠰᠢᠢᠳᠪᠦᠷᠢᠯᠡᠭᠴᠢ ᠴᠢᠨᠠᠷᠲᠠᠢ ᠦᠢᠯᠡᠳᠦᠯ ᠵᠡᠷᠭᠡ ᠴᠢᠬᠤᠯᠠ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶᠢ ᠭᠦᠨᠵᠡᠭᠡᠢ ᠲᠣᠳᠣᠷᠬᠠᠢᠯᠠᠨ ᠥᠭᠦᠯᠡᠵᠦ᠂ ᠤᠳᠤ ᠦᠶ᠎ᠡ᠎ᠶᠢᠨ ᠳᠡᠯᠡᠬᠡᠢ᠎ᠶᠢᠨ ᠨᠡᠢᠭᠡᠮ ᠵᠢᠷᠤᠮ᠎ᠤᠨ ᠬᠥᠳᠡᠯᠭᠡᠭᠡᠨ ᠪᠣᠯᠣᠨ ᠡᠯ᠎ᠡ ᠤᠯᠤᠰ᠎ᠤᠨ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠦᠵᠡᠯ ᠰᠠᠨᠠᠭ᠎ᠠ ᠰᠣᠶᠣᠯ᠎ᠤᠨ ᠠᠵᠢᠯ᠎ᠢ ᠰᠠᠢᠲᠤᠷ ᠬᠢᠬᠦ᠎ᠳᠦ ᠲᠣᠯᠢᠯᠠᠯ ᠪᠣᠯᠭᠠᠬᠤ ᠠᠴᠢ ᠬᠣᠯᠪᠣᠭᠳᠠᠯ᠎ᠲᠠᠢ ᠶᠤᠮ᠃
ᠦᠨᠳᠦᠰᠦᠲᠡᠨ᠎ᠦ ᠥᠪᠡᠷᠮᠢᠴᠡ ᠴᠢᠨᠠᠷ᠎ᠢ ᠢᠯᠡᠷᠡᠭᠦᠯᠵᠦ᠂ ᠰᠣᠶᠣᠯ᠎ᠤᠨ ᠭᠣᠣᠯ ᠴᠣᠭᠴᠠᠲᠤ ᠴᠢᠨᠠᠷ ᠤ᠋ᠨ ᠤᠭ ᠶᠣᠰᠣ᠌᠎ᠶᠢ ᠲᠣᠳᠣᠷᠬᠠᠢᠯᠠᠪᠠ᠃ ᠨᠢᠭᠡ ᠤᠯᠤᠰ ᠳᠡᠯᠡᠬᠡᠢ ᠳ᠋ᠠᠬᠢᠨ᠎ᠳᠤ ᠬᠠᠨᠳᠤᠵᠤ᠂ ᠣᠳᠣᠬᠢᠴᠢᠯᠠᠯᠲᠠ ᠲᠡᠢᠰᠢ ᠤᠷᠤᠭᠰᠢᠯᠠᠬᠤ ᠶᠠᠪᠤᠴᠠ᠎ᠳᠤ ᠬᠡᠷᠬᠢᠨ ᠥᠪᠡᠷ᠎ᠦᠨ ᠦᠨᠳᠦᠰᠦᠲᠡᠨ᠎ᠦ ᠰᠣᠶᠣᠯ᠎ᠤᠨ ᠥᠪᠡᠷᠮᠢᠴᠡ ᠴᠢᠨᠠᠷ᠂ ᠢᠲᠡᠭᠡᠯ ᠵᠣᠷᠢᠭ᠋᠎ᠢᠶᠠᠨ ᠬᠡᠷᠬᠢᠨ ᠪᠠᠲᠤᠯᠠᠬᠤ ᠪᠣᠯ ᠳᠡᠯᠡᠬᠡᠢ᠎ᠶᠢᠨ ᠡᠯ᠎ᠡ ᠤᠯᠤᠰ ᠢᠯᠠᠩᠭᠤᠶ᠎ᠠ ᠬᠥᠭᠵᠢᠵᠦ ᠪᠠᠢᠭ᠎ᠠ ᠤᠯᠤᠰ᠎ᠲᠤ ᠲᠤᠯᠭᠠᠷᠠᠵᠤ ᠪᠠᠢᠭ᠎ᠠ ᠨᠡᠢᠲᠡᠯᠢᠭ ᠴᠢᠨᠠᠷᠲᠠᠢ ᠬᠦᠴᠢᠷ ᠠᠰᠠᠭᠤᠳᠠᠯ ᠮᠦᠨ᠃ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠰᠣᠶᠣᠯ᠎ᠤᠨ ᠭᠤᠤᠯ ᠴᠣᠭᠴᠠ᠎ᠳᠤ ᠴᠢᠨᠠᠷ᠎ᠤᠨ ᠲᠤᠬᠠᠢ ᠠᠭᠤᠯᠭ᠎ᠠ ᠨᠢ ᠤᠬ ᠶᠤᠰᠤᠨ᠎ᠤ ᠳᠠᠪᠬᠤᠷᠭ᠎ᠠ᠎ᠳᠤ ᠮᠠᠷᠺᠰ᠎ᠤᠨ ᠦᠵᠡᠯ᠎ᠦᠨ ᠰᠣᠶᠣᠯ᠎ᠤᠨ ᠤᠨᠤᠯ᠎ᠢ ᠬᠥᠭᠵᠢᠭᠦᠯᠪᠡ᠃
ᠰᠣᠶᠣᠯ᠎ᠤᠨ ᠭᠤᠤᠯ ᠴᠣᠭᠴᠠᠲᠤ ᠴᠢᠨᠠᠷ ᠨᠢ ᠰᠣᠶᠣᠯ᠎ᠤᠨ ᠤᠬᠠᠮᠰᠠᠷ᠎ᠠᠴᠠ ᠡᠬᠢᠯᠡᠵᠦ᠂ ᠰᠣᠶᠣᠯ᠎ᠤᠨ ᠡᠵᠡᠨ ᠮᠡᠳᠡᠬᠦ᠎ᠳᠦ ᠰᠠᠭᠤᠷᠢᠯᠠᠵᠤ᠂ ᠰᠣᠶᠣᠯ᠎ᠤᠨ ᠢᠲᠡᠭᠡᠯ᠎ᠳᠦ ᠢᠯᠡᠷᠡᠨ᠎ᠡ᠃ ᠶᠡᠷᠦᠩᠬᠡᠢ ᠱᠦᠵᠢ ᠰᠢ ᠵᠢᠨ ᠫᠢᠩ᠄《ᠰᠣᠶᠣᠯ᠎ᠤᠨ ᠭᠣᠣᠯ ᠴᠣᠭᠴᠠᠲᠤ ᠴᠢᠨᠠᠷᠲᠠᠢ ᠪᠣᠯᠪᠠᠯ ᠳᠠᠷᠤᠢ ᠰᠣᠶᠣᠯ᠎ᠤᠨ ᠤᠳᠬ᠎ᠠ ᠳᠡᠭᠡᠷᠡᠬᠢ ᠪᠠᠲᠤ ᠴᠢᠩᠭ᠎ᠠ ᠥᠪᠡᠷ ᠪᠢᠲᠠᠢ ᠪᠣᠯᠵᠤ᠂ ᠰᠣᠶᠣᠯ᠎ᠤᠨ ᠢᠲᠡᠭᠡᠯ ᠳᠠᠷᠤᠢ ᠦᠨᠳᠦᠰᠦᠨ ᠲᠦᠰᠢᠭ᠎ᠲᠠᠢ ᠪᠣᠯᠣᠨ᠎ᠠ》 ᠭᠡᠵᠦ ᠵᠢᠭᠠᠵᠤ ᠭᠠᠷᠭᠠᠪᠠ᠃ ᠪᠡᠶ᠎ᠡ᠎ᠪᠡᠨ ᠳᠠᠭᠠᠭᠠᠵᠤ ᠡᠵᠡᠨ ᠮᠡᠳᠡᠬᠦ ᠪᠣᠯ ᠮᠠᠨ᠎ᠤ ᠨᠠᠮ᠎ᠢᠶᠠᠨ ᠪᠠᠢᠭᠤᠯᠵᠤ ᠤᠯᠤᠰ᠎ᠢᠶᠠᠨ ᠲᠣᠭᠲᠠᠨᠢᠭᠤᠯᠬᠤ᠎ᠶᠢᠨ ᠴᠢᠬᠤᠯᠠ ᠵᠠᠷᠴᠢᠮ ᠮᠥᠨ᠃ ᠤᠳᠤ ᠦᠶ᠎ᠡ᠎ᠶᠢᠨ ᠳᠤᠮᠳᠠᠳᠤ ᠤᠯᠤᠰ ᠠᠵᠤ ᠠᠬᠤᠢ ᠪᠠ ᠤᠯᠤᠰ ᠲᠦᠷᠦ᠎ᠶᠢᠨ ᠲᠠᠯ᠎ᠠ᠎ᠪᠠᠷ ᠥᠪᠡᠷ᠎ᠦᠨ ᠵᠠᠮ᠎ᠢᠶᠠᠷ᠎ᠢᠶᠠᠨ ᠵᠠᠮᠨᠠᠬᠤ᠎ᠶᠢ ᠪᠠᠷᠢᠮᠲᠠᠯᠠᠬᠤ ᠬᠡᠷᠡᠭᠲᠡᠢ ᠮᠥᠷᠲᠡᠭᠡᠨ ᠪᠠᠰᠠ ᠤᠶᠤᠨ ᠰᠠᠨᠠᠭᠠᠨ᠎ᠤ ᠲᠠᠯ᠎ᠠ᠎ᠪᠠᠷ ᠰᠣᠶᠣᠯ᠎ᠤᠨ ᠭᠤᠤᠯ ᠴᠣᠭᠴᠠᠲᠤ ᠴᠢᠨᠠᠷ᠎ᠢᠶᠠᠨ ᠬᠠᠳᠠᠭᠠᠯᠠᠬᠤ ᠬᠡᠷᠡᠭᠲᠡᠢ᠃ ᠨᠢᠭᠡ ᠤᠯᠤᠰ᠂ ᠨᠢᠭᠡ ᠦᠨᠳᠦᠰᠦᠲᠡᠨ ᠬᠡᠷᠪᠡ ᠰᠣᠶᠣᠯ᠎ᠤᠨ ᠭᠣᠣᠯ ᠴᠣᠭᠴᠠᠲᠤ ᠴᠢᠨᠠᠷ᠎ᠢᠶᠠᠨ ᠠᠯᠳᠠᠪᠠᠯ ᠬᠦᠯ ᠲᠣᠭᠲᠠᠵᠤ ᠳᠡᠶ᠋ᠢᠯᠬᠦ ᠦᠭᠡᠢ᠂ ᠬᠤᠯᠠ ᠶᠠᠪᠤᠵᠤ ᠳᠡᠶ᠋ᠢᠯᠬᠦ ᠦᠭᠡᠢ ᠶᠤᠮ᠃ ᠤᠶᠤᠨ ᠰᠠᠨᠠᠭᠠᠨ᠎ᠤ ᠲᠠᠯ᠎ᠠ᠎ᠪᠠᠷ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠎ᠶᠢ ᠪᠡᠶᠡᠯᠡᠭᠦᠯᠵᠦ᠂ 《ᠡᠷᠲᠡᠨ ᠡᠳᠦᠭᠡ ᠵᠢᠨ ᠳᠤᠮᠳᠠᠳᠤ ᠥᠷᠥᠨᠡᠳᠠᠬᠢᠨ᠎ᠤ ᠲᠡᠮᠡᠴᠡᠯ》᠎ᠢ᠋ ᠰᠢᠢᠳᠪᠦᠷᠢᠯᠡᠵᠦ᠂ ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲ᠋ᠸᠮ᠎ᠢ ᠪᠠᠶ᠋ᠢᠭᠤᠯᠬᠤ ᠵᠡᠷᠭᠡ ᠴᠣ ᠰᠢᠨ᠎ᠡ ᠰᠣᠶᠣᠯ᠎ᠤᠨ ᠰᠡᠳᠦᠪ ᠨᠢ ᠤᠳᠤ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠨᠤᠯ᠎ᠤᠨ ᠡᠭᠦᠳᠦᠯᠲᠡ᠎ᠶᠢ ᠢᠯᠡᠷᠡᠭᠦᠯᠦᠭᠰᠡᠨ ᠪᠠᠢᠨ᠎ᠠ᠃
ᠰᠣᠶᠣᠯ᠎ᠤᠨ ᠭᠣᠣᠯ ᠴᠣᠭᠴᠠᠲᠤ ᠴᠢᠨᠠᠷ᠎ᠤᠨ ᠤᠭ ᠶᠣᠰᠣ᠌ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠣᠶᠣᠯ᠎ᠤᠨ ᠠᠵᠢᠯ᠎ᠢ ᠤᠳᠤᠷᠢᠳᠤᠭᠰᠠᠨ ᠲᠡᠦᠬᠡ ᠵᠢᠨ ᠤᠶᠤᠨ ᠤᠬᠠᠭᠠᠨ᠎ᠤ ᠲᠠᠯᠠᠰᠳᠦ ᠪᠣᠯᠤᠭᠰᠠᠨ᠎ᠤ ᠬᠤᠪᠢ᠎ᠳᠤ ᠰᠣᠶᠣᠯ᠎ᠤᠨ ᠦᠨᠳᠦᠰᠦᠲᠡᠨ᠎ᠦ ᠥᠪᠡᠷᠮᠢᠴᠡ ᠴᠢᠨᠠᠷ᠂ ᠰᠣᠶᠣᠯ᠎ᠤᠨ ᠢᠲᠡᠭᠡᠯ᠎ᠦᠨ ᠭᠦᠨ ᠭᠦᠨᠵᠡᠭᠡᠢ ᠬᠦᠴᠦᠨ ᠴᠢᠳᠠᠯ᠂ ᠤᠶᠤᠨ ᠰᠠᠨᠠᠭᠠᠨ᠎ᠤ ᠡᠵᠡᠨ ᠮᠡᠳᠡᠬᠦ᠎ᠶᠢᠨ ᠴᠢᠬᠤᠯᠠ ᠶᠡᠬᠡ ᠠᠴᠢ ᠬᠣᠯᠪᠣᠭᠳᠠᠯ ᠵᠡᠷᠭᠡ ᠴᠢᠬᠤᠯᠠ ᠵᠢᠮ᠎ᠡ ᠶᠣᠰᠣᠴᠢ ᠴᠢᠨᠠᠷ᠎ᠤᠨ ᠲᠠᠨᠢᠯᠲᠠ᠎ᠶᠢ ᠭᠦᠨᠵᠡᠭᠡᠢ ᠲᠣᠳᠣᠷᠬᠠᠢᠯᠠᠵᠤ᠂ ᠰᠣᠶᠣᠯ᠎ᠤᠨ ᠭᠣᠣᠯ ᠴᠣᠭᠴᠠᠲᠤ ᠴᠢᠨᠠᠷ ᠬᠠᠮᠢᠭ᠎ᠠ᠎ᠠᠴᠠ ᠢᠷᠡᠬᠦ᠂ ᠶᠠᠮᠠᠷ ᠬᠡᠷᠡᠭᠴᠡᠭᠡ᠎ᠲᠠᠢ ᠪᠠᠢᠬᠤ᠂ ᠬᠡᠷᠬᠢᠨ ᠪᠡᠬᠢᠵᠢᠭᠦᠯᠬᠦ ᠵᠡᠷᠭᠡ ᠦᠨᠳᠦᠰᠦᠨ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠦ᠂ ᠳᠡᠯᠡᠬᠡᠢ᠎ᠶᠢᠨ ᠡᠯ᠎ᠡ ᠤᠯᠤᠰ ᠢᠯᠠᠩᠭᠤᠶ᠎ᠠ ᠬᠥᠭᠵᠢᠵᠦ ᠪᠠᠢᠭ᠎ᠠ ᠤᠯᠤᠰ᠎ᠤᠨ ᠰᠣᠶᠣᠯ᠎ᠤᠨ ᠪᠠᠢᠭᠤᠯᠤᠯᠲᠠ᠎ᠳᠤ ᠨᠡᠢᠳᠡᠮ ᠲᠣᠯᠢᠯᠠᠯ ᠪᠣᠯᠭᠠᠬᠤ ᠠᠴᠢ ᠬᠣᠯᠪᠣᠭᠳᠠᠯ᠎ᠲᠠᠢ ᠶᠤᠮ᠃
ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠢᠯᠡᠷᠡᠭᠦᠯᠵᠦ᠂ 《ᠬᠣᠶᠠᠷ᠎ᠢ ᠤᠶᠠᠯᠳᠤᠭᠤᠯᠬᠤ》 ᠤᠭ ᠶᠣᠰᠣ᠌᠎ᠶᠢ ᠲᠣᠳᠣᠷᠬᠠᠢᠯᠠᠪᠠ᠃ ᠮᠠᠷᠺᠰ᠎ᠤᠨ ᠦᠵᠡᠯ᠎ᠦᠨ ᠦᠨᠳᠦᠰᠦᠨ ᠤᠭ ᠶᠤᠰᠤ ᠪᠣᠯᠣᠨ ᠲᠤᠰ ᠤᠯᠤᠰ᠎ᠤᠨ᠎ᠢᠶᠠᠨ ᠪᠣᠳᠠᠲᠤ ᠪᠠᠢᠳᠠᠯ᠂ ᠲᠤᠰ ᠤᠯᠤᠰ᠎ᠤᠨ᠎ᠢᠶᠠᠨ ᠲᠡᠦᠬᠡ ᠰᠣᠶᠣᠯ᠎ᠤᠨ ᠤᠯᠠᠮᠵᠢᠯᠠᠯ ᠯᠤᠭ᠎ᠠ᠎ᠶᠢᠨ ᠬᠠᠷᠢᠴᠠᠭ᠎ᠠ᠎ᠶᠢ ᠬᠡᠷᠬᠢᠨ ᠰᠠᠢᠲᠤᠷ ᠰᠢᠢᠳᠪᠦᠷᠢᠯᠡᠬᠦ ᠪᠣᠯ ᠳᠡᠯᠡᠬᠡᠢ᠎ᠶᠢᠨ ᠡᠯ᠎ᠡ ᠤᠯᠤᠰ᠎ᠤᠨ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠳᠦ ᠲᠤᠯᠭᠠᠷᠠᠬᠰᠠᠨ ᠵᠠᠢᠯᠠᠭᠤᠯᠵᠤ ᠪᠣᠯᠣᠰᠢ ᠦᠭᠡᠢ ᠴᠢᠬᠤᠯᠠ ᠶᠡᠬᠡ ᠠᠰᠠᠭᠤᠳᠠᠯ ᠮᠥᠨ᠃ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠨᠢ 《ᠬᠣᠶᠠᠷ᠎ᠢ ᠤᠶᠠᠯᠳᠤᠭᠤᠯᠬᠤ》 ᠴᠢᠬᠤᠯᠠ ᠶᠡᠬᠡ ᠰᠡᠳᠦᠪ᠎ᠢ ᠲᠣᠳᠣᠷᠬᠠᠢ ᠳᠤᠷᠠᠳᠤᠭᠰᠠᠨ ᠪᠥᠭᠡᠳ ᠰᠢᠰᠲᠧᠮ᠎ᠲᠠᠢ ᠲᠣᠳᠣᠷᠬᠠᠢᠯᠠᠨ ᠥᠭᠦᠯᠡᠵᠦ᠂ ᠮᠠᠷᠺᠰ᠎ᠤᠨ ᠦᠵᠡᠯ᠎ᠦᠨ ᠰᠣᠶᠣᠯ᠎ᠤᠨ ᠤᠨᠤᠯ᠎ᠳᠤ ᠰᠢᠨ᠎ᠡ ᠴᠠᠭ ᠦᠶ᠎ᠡ᠎ᠶᠢᠨ ᠠᠭᠤᠯᠤᠭᠳᠠᠬᠤᠨ ᠨᠡᠮᠡᠷᠢᠯᠡᠪᠡ᠃
ᠮᠠᠷᠺᠰ᠎ᠤᠨ ᠦᠵᠡᠯ᠎ᠦᠨ ᠬᠥᠭᠵᠢᠯᠲᠡ᠎ᠶᠢᠨ ᠲᠡᠦᠬᠡ᠎ᠡᠴᠡ ᠠᠪᠴᠤ ᠦᠵᠡᠪᠡᠯ ᠂ ᠮᠠᠷᠺᠰ᠎ᠤᠨ ᠦᠵᠡᠯ᠎ᠦᠨ ᠰᠣᠩᠭᠣᠳᠠᠭ ᠵᠣᠬᠢᠶᠠᠯᠴᠢ ᠡᠴᠡ ᠮᠠᠷᠺᠰ᠎ᠤᠨ ᠦᠵᠡᠯ᠎ᠦᠨ ᠦᠨᠳᠦᠰᠦᠨ ᠤᠬ ᠶᠤᠰᠤ ᠵᠢ ᠡᠯ᠎ᠡ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠥᠭᠡᠳ ᠲᠡᠦᠬᠡ ᠰᠣᠶᠣᠯ᠎ᠤᠨ ᠤᠯᠠᠮᠵᠢᠯᠠᠯᠳᠤ ᠪᠠᠨ ᠬᠡᠷᠬᠢᠨ ᠬᠠᠨᠳᠤᠬᠤ ᠠᠰᠠᠭᠤᠳᠠᠯ᠎ᠢ ᠴᠤ᠌ ᠥᠭᠦᠯᠡᠵᠡᠢ᠃ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠶᠢ ᠠᠬᠢᠭᠤᠯᠬᠤ ᠶᠠᠪᠤᠴᠠ᠎ᠳᠤ ᠂ ᠮᠠᠤ ᠽᠧ ᠳ᠋ᠦᠩ ᠨᠥᠬᠥᠷ ᠮᠠᠷᠺᠰ᠎ᠤᠨ ᠦᠵᠡᠯ᠎ᠦᠨ ᠦᠨᠳᠦᠰᠦᠨ ᠤᠭ ᠶᠤᠰᠤ ᠵᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠤᠭᠰᠠᠨ ᠠᠯᠢ ᠤᠯᠠᠨ ᠴᠢᠬᠤᠯᠠ ᠶᠡᠬᠡ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠦ᠂ ᠳᠤᠮᠳᠠᠳᠤ᠎ᠶᠢᠨ ᠤᠯᠠᠮᠵᠢᠯᠠᠯᠲᠤ ᠰᠣᠶᠣᠯ᠎ᠳᠤ ᠬᠠᠨᠳᠤᠬᠤ ᠰᠢᠨᠵᠢᠯᠡᠬᠦ ᠤᠬᠠᠭᠠᠨᠴᠢ ᠣᠪᠣᠷ᠎ᠢ ᠰᠢᠰᠲᠧᠮ᠎ᠲᠠᠢ ᠲᠣᠳᠣᠷᠬᠠᠢᠯᠠᠨ ᠥᠭᠦᠯᠡᠪᠡ᠃ ᠰᠢᠨ᠎ᠡ ᠴᠠᠭ ᠦᠶ᠎ᠡ᠎ᠡᠴᠡ ᠨᠠᠭᠠᠰᠢ ᠂ ᠶᠡᠷᠦᠩᠬᠡᠢ ᠱᠦᠵᠢ ᠰᠢ ᠵᠢᠨ ᠫᠢᠩ ᠳᠡᠭᠡᠳᠦ ᠬᠡᠮᠵᠢᠶᠡᠨ᠎ᠦ ᠤᠨᠤᠯ᠎ᠤᠨ ᠤᠬᠠᠮᠰᠠᠷ ᠪᠣᠯᠣᠨ ᠤᠨᠤᠯ᠎ᠤᠨ ᠢᠲᠡᠭᠡᠯ᠎ᠢᠶᠡᠷ᠂ 《ᠬᠣᠶᠠᠷ᠎ᠢ ᠤᠶᠠᠯᠳᠤᠭᠤᠯᠬᠤ》 ᠶ᠋ᠢ ᠲᠣᠳᠣᠷᠬᠠᠢ ᠳᠤᠷᠠᠳᠴᠤ᠂ 《ᠬᠣᠶᠠᠷ᠎ᠢ ᠤᠶᠠᠯᠳᠤᠭᠤᠯᠬᠤ》 ᠢᠯᠠᠩᠭᠤᠶ᠎ᠠ 《ᠬᠣᠶᠠᠳᠤᠭᠠᠷ ᠤᠶᠠᠯᠳᠤᠭᠤᠯᠬᠤ》᠎ᠳᠦ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠪᠣᠳᠠᠲᠤ ᠠᠰᠠᠭᠤᠳᠠᠯ᠎ᠢ ᠭᠦᠨᠵᠡᠭᠡᠢ ᠪᠥᠭᠡᠳ ᠰᠢᠰᠲᠧᠮ᠎ᠲᠠᠢ ᠲᠣᠳᠣᠷᠬᠠᠢᠯᠠᠨ ᠥᠭᠦᠯᠡᠪᠡ᠃ ᠡᠨᠡ ᠨᠢ ᠮᠠᠨ᠎ᠤ ᠨᠠᠮ᠎ᠤᠨ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠦᠨᠳᠦᠰᠦᠨ ᠵᠢᠮ᠎ᠡ ᠶᠣᠰᠣᠨ᠎ᠤ ᠲᠤᠬᠠᠢ ᠲᠠᠨᠢᠯᠲᠠ ᠦᠷᠭᠦᠯᠵᠢᠯᠡᠨ ᠭᠦᠨᠵᠡᠭᠡᠢᠷᠡᠵᠦ ᠪᠠᠢᠬᠤ᠎ᠶᠢ ᠭᠦᠢᠴᠡᠳ ᠬᠠᠷᠠᠭᠤᠯᠤᠭᠰᠠᠨ ᠪᠥᠭᠡᠳ ᠮᠠᠨ᠎ᠤ ᠨᠠᠮ᠎ᠤᠨ ᠤᠨᠤᠯ᠎ᠤᠨ ᠰᠢᠨ᠎ᠡ ᠡᠭᠦᠳᠦᠯᠲᠡ᠎ᠶᠢ ᠠᠬᠢᠭᠤᠯᠬᠤ ᠂ ᠰᠣᠶᠣᠯ᠎ᠤᠨ ᠬᠥᠭᠵᠢᠯ ᠴᠡᠴᠡᠭᠯᠡᠯ᠎ᠢ ᠠᠬᠢᠭᠤᠯᠬᠤ ᠰᠢᠨᠵᠢᠯᠡᠬᠦ ᠤᠬᠠᠭᠠᠨᠴᠢ ᠠᠷᠭ᠎ᠠ ᠵᠠᠮ᠎ᠢ ᠲᠣᠳᠣᠷᠬᠠᠢ ᠵᠢᠭᠠᠭᠰᠠᠨ ᠪᠠᠢᠨ᠎ᠠ᠃
《ᠬᠣᠶᠠᠳᠤᠭᠠᠷ ᠤᠶᠠᠯᠳᠤᠭᠤᠯᠬᠤ》 ᠪᠣᠯ ᠨᠢᠭᠡ ᠤᠳᠠᠭ᠎ᠠ᠎ᠶᠢᠨ ᠴᠢᠬᠤᠯᠠ ᠶᠡᠬᠡ ᠤᠨᠤᠯ᠎ᠤᠨ ᠰᠢᠨ᠎ᠡ ᠡᠭᠦᠳᠦᠯᠲᠡ ᠪᠣᠯᠬᠤ ᠪᠥᠭᠡᠳ ᠪᠠᠰᠠ ᠤᠨᠤᠯ ᠪᠣᠯᠣᠨ ᠦᠢᠯᠡᠳᠦᠯᠭᠡ᠎ᠶᠢᠨ ᠰᠢᠨ᠎ᠡ ᠡᠭᠦᠳᠦᠯᠲᠡ᠎ᠳᠦ ᠨᠡᠩ ᠥᠷᠭᠡᠨ ᠣᠷᠣᠨ ᠵᠠᠢ᠎ᠶᠢ ᠨᠡᠭᠡᠭᠡᠵᠦ ᠥᠭᠭᠦᠭᠰᠡᠨ ᠪᠠᠢᠨ᠎ᠠ᠃ ᠶᠡᠷᠦᠩᠬᠡᠢ ᠱᠦᠵᠢ ᠰᠢ ᠵᠢᠨ ᠫᠢᠩ᠂ 《〈ᠬᠣᠶᠠᠳᠤᠭᠠᠷ ᠤᠶᠠᠯᠳᠤᠭᠤᠯᠬᠤ〉 ᠪᠣᠯ ᠪᠠᠰᠠ ᠨᠢᠭᠡ ᠤᠳᠠᠭ᠎ᠠ᠎ᠶᠢᠨ ᠦᠵᠡᠯ ᠰᠠᠨᠠᠭᠠᠨ᠎ᠤ ᠴᠢᠯᠦᠭᠡᠯᠡᠯᠲᠡ ᠪᠣᠯᠣᠨ᠎ᠠ》 ᠭᠡᠵᠦ ᠵᠢᠭᠠᠵᠤ ᠭᠠᠷᠭᠠᠪᠠ᠃ ᠡᠨᠡ ᠬᠦ᠌ ᠨᠤᠲᠠᠯᠠᠯᠲᠠ ᠨᠢ ᠲᠡᠦᠬᠡᠨ ᠲᠤᠷᠰᠢᠯᠭ᠎ᠠ᠎ᠳᠤ ᠰᠠᠭᠤᠷᠢᠯᠠᠨ᠂ ᠪᠣᠳᠠᠲᠤ ᠠᠰᠠᠭᠤᠳᠠᠯ᠎ᠳᠦ ᠰᠢᠭᠤᠳ ᠬᠠᠨᠳᠤᠵᠤ ᠂ ᠦᠵᠡᠯ ᠰᠠᠨᠠᠭᠠᠨ᠎ᠤ ᠴᠢᠯᠦᠭᠡᠯᠡᠯᠲᠡ᠎ᠶᠢᠨ ᠳᠤᠮᠳᠠ ᠰᠣᠶᠣᠯ᠎ᠤᠨ ᠶᠡᠬᠡᠪᠡᠷ ᠬᠥᠭᠵᠢᠬᠦ ᠵᠢᠮ᠎ᠡ ᠶᠣᠰᠣ᠌᠎ᠶᠢ ᠢᠯᠡᠷᠡᠭᠦᠯᠵᠦ᠂ ᠮᠠᠨ᠎ᠤ ᠨᠠᠮ᠎ᠤᠨ ᠰᠣᠶᠣᠯ᠎ᠤᠨ ᠲᠠᠯ᠎ᠠ᠎ᠪᠠᠷ ᠰᠢᠨ᠎ᠡ᠎ᠶᠢ ᠡᠭᠦᠳᠬᠦ ᠳᠡᠭᠡᠳᠦ ᠬᠡᠮᠵᠢᠶᠡᠨ᠎ᠦ ᠤᠬᠠᠮᠰᠠᠷ᠎ᠢ ᠬᠠᠷᠠᠭᠤᠯᠤᠭᠰᠠᠨ ᠪᠠᠢᠨ᠎ᠠ᠃ ᠰᠢᠨ᠎ᠡ ᠰᠣᠶᠣᠯ᠎ᠤᠨ ᠬᠥᠳᠡᠯᠭᠡᠭᠡᠨ᠎ᠡᠴᠡ ᠨᠠᠭᠠᠰᠢ᠂ ᠳᠤᠮᠳᠠᠳᠤ᠎ᠶᠢᠨ ᠤᠯᠠᠮᠵᠢᠯᠠᠯᠲᠤ ᠰᠣᠶᠣᠯ᠎ᠳᠤ ᠬᠡᠷᠬᠢᠨ ᠬᠠᠨᠳᠤᠬᠤ ᠲᠤᠬᠠᠢ ᠤᠷᠳᠤ ᠬᠤᠭᠤᠴᠠᠭ᠎ᠠ᠎ᠪᠠᠷ ᠮᠠᠷᠭᠤᠯᠳᠤᠭᠠᠨ᠎ᠲᠠᠢ ᠪᠠᠢᠵᠤ᠂ ᠰᠣᠶᠣᠯ᠎ᠤᠨ ᠬᠡᠪᠰᠢᠮᠡᠯ ᠦᠵᠡᠯ ᠪᠣᠯᠣᠨ ᠰᠣᠶᠣᠯ᠎ᠤᠨ ᠦᠭᠡᠶ᠋ᠢᠰᠬᠡᠬᠦ ᠦᠵᠡᠯ ᠵᠡᠷᠭᠡ ᠪᠤᠷᠤᠭᠤ ᠦᠵᠡᠯ ᠰᠠᠨᠠᠭᠠᠨ᠎ᠤ ᠤᠷᠤᠰᠬᠠᠯ᠎ᠢ ᠪᠤᠢ ᠪᠣᠯᠭᠠᠭᠰᠠᠨ ᠶᠤᠮ᠃ ᠤᠯᠠᠮᠵᠢᠯᠠᠯ ᠪᠠ ᠤᠳᠤ ᠦᠶ᠎ᠡ᠂ ᠣᠷᠣᠨ ᠨᠤᠲᠤᠭ ᠪᠠ ᠭᠠᠳᠠᠨ᠎ᠠ᠎ᠠᠴᠠ ᠢᠷᠡᠭᠰᠡᠨ ᠬᠣᠶᠠᠷ ᠡᠰᠢᠲᠦ ᠲᠠᠰᠤᠳᠠᠯᠤᠨ ᠦᠵᠡᠯ ᠰᠠᠨᠠᠭᠠᠨ᠎ᠤ ᠬᠠᠯᠬᠠᠪᠴᠢ᠎ᠶᠢ ᠡᠪᠳᠡᠬᠦ᠎ᠳᠦ᠂ ᠡᠷᠬᠡᠪᠰᠢ 《ᠬᠣᠶᠠᠳᠤᠭᠠᠷ ᠤᠶᠠᠯᠳᠤᠭᠤᠯᠬᠤ》᠎ᠪᠡᠷ ᠦᠵᠡᠯ ᠰᠠᠨᠠᠭ᠎ᠠ ᠲᠠᠨᠢᠯᠲᠠ᠎ᠶᠢᠨ ᠲᠠᠯ᠎ᠠ᠎ᠪᠠᠷ ᠬᠢ ᠥᠪᠡᠷ᠎ᠦᠨ ᠬᠦᠯᠢᠶᠡᠰᠦᠯᠡᠯ᠎ᠢ ᠲᠠᠢ᠍ᠢᠯᠵᠤ᠂ 《ᠡᠷᠲᠡᠨ ᠡᠳᠦᠭᠡ ᠵᠢᠨ ᠳᠤᠮᠳᠠᠳᠤ ᠥᠷᠥᠨᠡᠳᠠᠬᠢᠨ᠎ᠤ ᠲᠡᠮᠡᠴᠡᠯ》᠎ᠢ᠋ ᠲᠠᠢᠯᠬᠤ᠎ᠳᠦ ᠦᠨᠡᠨ ᠬᠦ᠌ ᠬᠡᠷᠡᠭᠵᠢᠭᠦᠯᠵᠦ ᠪᠣᠯᠬᠤᠢᠴᠠ ᠠᠷᠭ᠎ᠠ ᠵᠠᠮ ᠬᠠᠩᠭᠠᠭᠰᠠᠨ ᠪᠠᠢᠨ᠎ᠠ᠃
《ᠬᠣᠶᠠᠷ᠎ᠢ ᠤᠶᠠᠯᠳᠤᠭᠤᠯᠬᠤ》 ᠤᠭ ᠶᠣᠰᠣ᠌ ᠨᠢ ᠤᠨᠤᠯ᠎ᠤᠨ ᠰᠢᠨ᠎ᠡ ᠡᠭᠦᠳᠦᠯᠲᠡ᠎ᠶᠢᠨ ᠳᠣᠲᠣᠭᠠᠳᠤ ᠵᠢᠮ᠎ᠡ ᠬᠠᠤᠯᠢ᠂ ᠰᠣᠶᠣᠯ᠎ᠤᠨ ᠴᠡᠴᠡᠭᠯᠡᠯ᠎ᠦᠨ ᠴᠢᠬᠤᠯᠠ ᠬᠥᠳᠡᠯᠭᠡᠬᠦ ᠬᠦᠴᠦᠨ᠂ ᠦᠵᠡᠯ ᠰᠠᠨᠠᠭᠠᠨ᠎ᠤ ᠴᠢᠯᠦᠭᠡᠯᠡᠯᠲᠡ᠎ᠶᠢᠨ ᠲᠡᠦᠬᠡᠲᠦ ᠦᠢᠯᠡᠳᠦᠯ ᠵᠡᠷᠭᠡ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶᠢ ᠭᠦᠨᠵᠡᠭᠡᠢ ᠲᠣᠳᠣᠷᠬᠠᠢᠯᠠᠵᠤ᠂ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠌᠎ᠶᠢ ᠲᠤᠰ ᠤᠯᠤᠰ᠎ᠤᠨ᠎ᠢᠶᠠᠨ ᠪᠣᠳᠠᠲᠤ ᠪᠠᠢᠳᠠᠯ᠎ᠲᠠᠢ ᠤᠶᠠᠯᠳᠤᠭᠤᠯᠬᠤ᠂ ᠲᠤᠰ ᠤᠯᠤᠰ᠎ᠤᠨ᠎ᠢᠶᠠᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠶᠣᠰᠣ᠌ ᠵᠦᠢ ᠭᠦᠨ ᠶᠣᠰᠣ᠌᠎ᠶᠢ ᠠᠭᠤᠯᠵᠤ᠂ ᠳᠡᠯᠡᠬᠡᠢ᠎ᠶᠢᠨ ᠡᠯ᠎ᠡ ᠤᠯᠤᠰ᠎ᠤᠨ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠳᠤ ᠴᠣ ᠰᠢᠨ᠎ᠡ ᠠᠷᠭᠠᠪᠠ ᠲᠣᠯᠢᠯᠠᠯ ᠬᠠᠩᠭᠠᠪᠠ᠃
ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠤᠭ ᠶᠣᠰᠣᠴᠢ ᠴᠢᠨᠠᠷ ᠪᠦᠬᠦᠢ ᠬᠤᠪᠢ ᠨᠡᠮᠡᠷᠢ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠣᠬᠠᠬᠤ ᠬᠡᠷᠡᠭᠲᠡᠢ
ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠨᠢ ᠮᠠᠰᠢ ᠤᠯᠠᠨ ᠤᠭ ᠶᠣᠰᠤᠴᠢ ᠴᠢᠨᠠᠷ ᠪᠦᠬᠦᠢ ᠬᠤᠪᠢ ᠨᠡᠮᠡᠷᠢ᠎ᠪᠡᠷ᠎ᠢᠶᠡᠨ ᠮᠠᠷᠺᠰ᠎ᠤᠨ ᠦᠵᠡᠯ᠎ᠦᠨ ᠰᠣᠶᠣᠯ᠎ᠤᠨ ᠤᠨᠤᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶ᠋ᠢ ᠬᠦᠴᠦᠲᠡᠢ ᠠᠬᠢᠭᠤᠯᠵᠤ ᠰᠢᠨ᠎ᠡ ᠠᠯᠬᠤᠮ᠎ᠢ ᠠᠯᠬᠤᠵᠤ᠂ ᠰᠢᠨ᠎ᠡ ᠠᠬᠤᠢ ᠪᠠᠢᠳᠠᠯ᠎ᠢ ᠪᠤᠢ ᠪᠣᠯᠭᠠᠬᠤ᠎ᠳᠤ ᠤᠯᠠᠨ ᠲᠠᠯ᠎ᠠ᠎ᠶᠢᠨ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃
ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠰᠢᠰᠲᠧᠮᠵᠢᠯᠳᠡ ᠤᠨᠤᠯᠵᠢᠯᠠᠯᠳᠠᠵᠢᠨ ᠴᠢᠬᠤᠯᠠ ᠰᠠᠭᠤᠷᠢ᠎ᠶᠢ ᠲᠠᠯᠪᠢᠬᠤ ᠬᠡᠷᠡᠭᠲᠠᠢ᠃ ᠶᠠᠮᠠᠷᠪᠠ ᠰᠢᠨᠵᠢᠯᠡᠬᠦ ᠤᠬᠠᠭᠠᠨᠴᠢ ᠤᠨᠤᠯ᠎ᠤᠨ ᠬᠥᠭᠵᠢᠯᠲᠡ᠂ ᠪᠣᠯᠪᠠᠰᠤᠷᠠᠯᠳᠠ ᠨᠢ ᠴᠥᠮ ᠨᠢᠭ᠍ᠲᠠ ᠴᠢᠩᠭ᠎ᠠ ᠰᠢᠰᠲᠧᠮ᠎ᠦᠨ ᠪᠠᠢᠭᠤᠯᠤᠯᠲᠠ ᠪᠠ ᠭᠦᠨ ᠵᠤᠵᠠᠭᠠᠨ ᠶᠣᠰᠣ᠌ ᠵᠦᠢ᠎ᠶᠢᠨ ᠲᠤᠯᠭᠠᠭᠤᠷᠢᠯᠠᠯ᠎ᠠᠴᠠ ᠰᠠᠯᠵᠤ ᠴᠢᠳᠠᠬᠤ ᠦᠭᠡᠢ ᠶᠤᠮ᠃ ᠶᠡᠷᠦᠩᠬᠡᠢ ᠱᠦᠵᠢ ᠰᠢ ᠵᠢᠨ ᠫᠢᠩ᠄《ᠮᠠᠷᠺᠰ᠎ᠤᠨ ᠦᠵᠡᠯ ᠭᠦᠨ ᠭᠦᠨᠵᠡᠭᠡᠢ ᠠᠯᠤᠰ ᠬᠡᠳᠦ᠎ᠶᠢᠨ ᠨᠥᠯᠥᠭᠡ᠎ᠲᠠᠢ ᠪᠣᠯᠤᠭᠰᠠᠨ ᠨᠢ ᠭᠦᠨ ᠭᠦᠨᠵᠡᠭᠡᠢ ᠤᠨᠤᠯ᠎ᠢᠶᠠᠷ ᠬᠥᠮᠥᠨ ᠲᠥᠷᠥᠯᠬᠢᠲᠡᠨ᠎ᠦ ᠨᠡᠢᠭᠡᠮ᠎ᠦᠨ ᠬᠥᠭᠵᠢᠯᠲᠡ᠎ᠶᠢᠨ ᠦᠨᠡᠨ ᠶᠣᠰᠣᠴᠢ ᠴᠢᠨᠠᠷ᠎ᠢ ᠢᠯᠡᠷᠡᠭᠦᠯᠵᠦ ᠂ ᠪᠦᠷᠢᠨ ᠲᠥᠬᠥᠷ ᠰᠢᠰᠲᠧᠮ᠎ᠢᠶᠡᠷ ᠲᠡᠭᠦᠨ᠎ᠦ ᠤᠨᠤᠯ᠎ᠤᠨ ᠰᠢᠨᠵᠢᠯᠡᠬᠦ ᠤᠬᠠᠭᠠᠨᠴᠢ ᠴᠢᠨᠠᠷ᠎ᠢ ᠨᠤᠲᠠᠯᠠᠵᠠᠢ》 ᠭᠡᠵᠦ ᠵᠢᠭᠠᠵᠤ ᠭᠠᠷᠭᠠᠪᠠ᠃ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠤᠭ ᠶᠣᠰᠤᠴᠢ ᠴᠢᠨᠠᠷ ᠪᠦᠬᠦᠢ ᠦᠷ᠎ᠡ ᠪᠦᠲᠦᠭᠡᠯ᠎ᠢ ᠰᠠᠢᠲᠤᠷ ᠤᠬᠠᠬᠤ ᠪᠣᠯ ᠡᠨᠡ ᠬᠦ᠌ ᠴᠢᠬᠤᠯᠠ ᠦᠵᠡᠯ ᠰᠠᠨᠠᠭᠠᠨ᠎ᠤ ᠰᠢᠰᠲᠧᠮᠵᠢᠯᠳᠡ ᠤᠨᠤᠯᠵᠢᠯᠠᠯᠳᠠᠵᠢ ᠰᠤᠳᠤᠯᠤᠨ ᠲᠠᠢᠯᠪᠤᠷᠢᠯᠠᠬᠤ ᠵᠢ ᠭᠦᠨᠵᠡᠭᠡᠢᠷᠡᠭᠦᠯᠬᠦ᠎ᠶᠢᠨ ᠰᠠᠭᠤᠷᠢ ᠴᠢᠨᠠᠷᠲᠠᠢ ᠠᠵᠢᠯ ᠪᠣᠯᠣᠨ᠎ᠠ᠃ 《ᠰᠢᠰᠲᠧᠮᠵᠢᠭᠦᠯᠬᠦ》 ᠨᠢ ᠰᠤᠳᠤᠯᠭᠠᠨ ᠲᠠᠢᠯᠪᠤᠷᠢᠯᠠᠯᠲᠠ᠎ᠶᠢᠨ ᠥᠷᠭᠡᠨ ᠳᠡᠯᠭᠡᠷ ᠴᠢᠨᠠᠷ᠂ ᠰᠢᠰᠲᠧᠮᠲᠦ ᠴᠢᠨᠠᠷ᠎ᠢ ᠴᠢᠬᠤᠯᠠᠴᠢᠯᠠᠵᠤ᠂ ᠤᠭ ᠶᠣᠰᠣ᠌ ᠨᠢ ᠪᠤᠰᠤᠳ ᠤᠨᠤᠯ᠎ᠤᠨ ᠲᠠᠨᠢᠯᠲᠠ᠎ᠳᠤ ᠲᠤᠯᠭᠠᠭᠤᠷᠢᠯᠠᠬᠤ ᠦᠢᠯᠡᠳᠦᠯ᠎ᠲᠠᠢ ᠪᠠᠢᠵᠤ᠂ ᠰᠢᠰᠲᠧᠮ᠎ᠦᠨ ᠲᠣᠣᠷ᠎ᠤᠨ ᠦᠨᠳᠦᠰᠦᠨ ᠵᠠᠩᠭᠢᠯᠠᠭ᠎ᠠ ᠪᠣᠯᠣᠨ᠎ᠠ; 《ᠤᠨᠤᠯᠵᠢᠭᠤᠯᠬᠤ》 ᠨᠢ ᠰᠤᠳᠤᠯᠤᠨ ᠲᠠᠢᠯᠪᠤᠷᠢᠯᠠᠬᠤ᠎ᠶᠢᠨ ᠭᠦᠨ ᠭᠦᠨᠵᠡᠭᠡᠢ ᠴᠢᠨᠠᠷ᠂ ᠢᠲᠡᠭᠡᠭᠦᠯᠬᠦ ᠬᠦᠴᠦᠨ᠎ᠢᠶᠡᠷ ᠭᠣᠣᠯᠳᠠᠭᠤᠯᠵᠤ ᠂ ᠤᠭ ᠶᠣᠰᠣ᠌᠎ᠶᠢᠨ ᠴᠢᠨᠠᠷᠲᠠᠢ ᠦᠷ᠎ᠡ ᠪᠦᠲᠦᠭᠡᠯ ᠪᠣᠯ ᠡᠨᠡ ᠬᠦ᠌ ᠦᠵᠡᠯ ᠰᠠᠨᠠᠭᠠᠨ᠎ᠤ ᠭᠣᠣᠯ ᠤᠳᠬ᠎ᠠ᠎ᠶᠢ ᠡᠵᠡᠮᠳᠡᠬᠦ ᠲᠠᠨᠢᠯᠲᠠ᠎ᠶᠢᠨ ᠱᠠᠲᠤ ᠪᠣᠯᠣᠨ᠎ᠠ᠃
ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶᠢᠨ ᠵᠢᠮ᠎ᠡ ᠶᠣᠰᠣ᠌ ᠵᠢᠨ ᠲᠠᠨᠢᠯᠳᠠ ᠵᠢᠨ ᠰᠢᠨ᠎ᠡ ᠥᠨᠳᠥᠷᠴᠡ ᠵᠢᠨ ᠢᠯᠡᠷᠬᠡᠢ ᠲᠡᠮᠳᠡᠭ᠎ᠢ ᠢᠯᠡᠷᠡᠭᠦᠯᠬᠦ ᠬᠡᠷᠡᠭᠲᠠᠢ᠃ ᠤᠳᠤ ᠦᠶ᠎ᠡ᠎ᠶᠢᠨ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠥᠭᠵᠢᠯᠲᠡ᠎ᠡᠴᠡ ᠦᠵᠡᠪᠡᠯ᠂ 《ᠨᠡᠷ᠎ᠡ ᠲᠣᠮᠢᠶ᠎ᠠ᠎ᠶᠢᠨ ᠬᠤᠪᠢᠰᠬᠠᠯ》 ᠨᠢ ᠢᠮᠠᠭᠲᠠ ᠤᠨᠤᠯ᠎ᠤᠨ ᠬᠤᠪᠢᠰᠬᠠᠯ᠎ᠢ ᠳᠠᠭᠠᠯᠳᠤᠨ᠂ ᠤᠭ ᠶᠣᠰᠤᠴᠢ ᠴᠢᠨᠠᠷ ᠪᠦᠬᠦᠢ ᠦᠷ᠎ᠡ ᠪᠦᠲᠦᠭᠡᠯ ᠪᠣᠯ ᠴᠢᠬᠤᠯᠠ ᠶᠡᠬᠡ ᠤᠨᠤᠯ᠎ᠤᠨ ᠦᠷ᠎ᠡ ᠪᠦᠲᠦᠭᠡᠯ᠎ᠦᠨ ᠪᠤᠢ ᠪᠣᠯᠤᠭᠰᠠᠨ ᠢᠯᠡᠷᠬᠡᠢ ᠪᠡᠯᠭᠡ ᠲᠡᠮᠳᠡᠭ ᠪᠣᠯᠣᠨ᠎ᠠ᠃ ᠨᠡᠢᠭᠡᠮ ᠵᠢᠷᠤᠮᠲᠤ ᠤᠯᠤᠰ᠎ᠤᠨ ᠰᠣᠶᠣᠯ᠎ᠤᠨ ᠪᠠᠢᠭᠤᠯᠤᠯᠲᠠ ᠨᠢ ᠨᠢᠭᠡᠨ ᠤᠷᠲᠤ ᠬᠤᠭᠤᠴᠠᠭᠠᠨ᠎ᠤ ᠪᠥᠭᠡᠳ ᠨᠠᠷᠢᠨ ᠪᠤᠳᠤᠯᠢᠶᠠᠨᠲᠠᠢ ᠶᠠᠪᠤᠴᠠ᠎ᠶᠢ ᠥᠩᠭᠡᠷᠡᠭᠡᠬᠦ ᠨᠢ ᠵᠠᠢᠯᠠᠰᠢ ᠦᠭᠡᠢ ᠶᠤᠮ᠂ ᠲᠡᠭᠦᠨ᠎ᠦ ᠵᠢᠮ᠎ᠡ ᠶᠣᠰᠣ᠌ ᠨᠢ ᠲᠤᠰ ᠪᠡᠶ᠎ᠡ᠎ᠶᠢᠨ ᠬᠥᠭᠵᠢᠯᠲᠡ᠎ᠶᠢᠨ ᠶᠠᠪᠤᠴᠠ᠎ᠳᠤ ᠠᠯᠬᠤᠮ ᠠᠯᠬᠤᠮ᠎ᠢᠶᠠᠷ ᠢᠯᠡᠷᠡᠵᠦ᠂ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠵᠢᠮ᠎ᠡ ᠶᠣᠰᠣᠨ᠎ᠤ ᠲᠤᠬᠠᠢ ᠲᠠᠨᠢᠯᠲᠠ ᠲᠠᠰᠤᠷᠠᠯᠲᠠ ᠦᠭᠡᠢ ᠭᠦᠨᠵᠡᠭᠡᠢᠷᠡᠳᠡᠭ᠃ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠤᠭ ᠶᠣᠰᠤᠴᠢ ᠴᠢᠨᠠᠷ ᠪᠦᠬᠦᠢ ᠦᠷ᠎ᠡ ᠪᠦᠲᠦᠭᠡᠯ ᠨᠢ ᠭᠦᠨ ᠵᠤᠵᠠᠭᠠᠨ ᠲᠡᠦᠬᠡ᠎ᠶᠢᠨ ᠭᠦᠨᠵᠡᠭᠡᠢᠷᠡᠯᠲᠡ ᠪᠠ ᠠᠤᠭ᠎ᠠ ᠶᠡᠬᠡ ᠪᠣᠯᠪᠠᠰᠤᠨ᠎ᠤ ᠬᠠᠷᠠᠭᠠᠰᠤ᠎ᠶᠢ ᠢᠯᠡᠷᠡᠭᠦᠯᠵᠦ᠂ ᠠᠯᠢ ᠣᠯᠠᠨ ᠴᠢᠭᠯᠡᠯᠲᠦ ᠴᠢᠨᠠᠷᠲᠠᠢ᠂ ᠦᠨᠳᠦᠰᠦᠨ ᠴᠢᠨᠠᠷᠲᠠᠢ᠂ ᠪᠦᠬᠦ ᠲᠠᠯ᠎ᠠ᠎ᠶᠢᠨ ᠴᠢᠨᠠᠷᠲᠠᠢ ᠠᠰᠠᠭᠤᠳᠠᠯ᠎ᠢ ᠭᠦᠨᠵᠡᠭᠡᠢ ᠲᠣᠳᠣᠷᠬᠠᠢᠯᠠᠨ᠂ ᠣᠳᠣ᠌ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠶᠢᠨ ᠰᠢᠨ᠎ᠡ ᠥᠨᠳᠥᠷᠴᠡ᠎ᠶᠢ ᠲᠤᠰᠬᠠᠭᠰᠠᠨ ᠪᠠᠢᠨ᠎ᠠ᠃
ᠮᠠᠷᠺᠰ᠎ᠤᠨ ᠦᠵᠡᠯ᠎ᠦᠨ ᠰᠣᠶᠣᠯ᠎ᠤᠨ ᠣᠨᠣᠯ᠎ᠤᠨ ᠰᠢᠨ᠎ᠡ ᠬᠥᠭᠵᠢᠯᠲᠡ᠎ᠶᠢᠨ ᠲᠤᠬᠠᠢ ᠳᠤᠮᠳᠠᠳᠤ ᠤᠯᠤᠰ᠎ᠤᠨ ᠬᠤᠪᠢ ᠨᠡᠮᠡᠷᠢ᠎ᠶᠢ ᠢᠯᠡᠷᠡᠭᠦᠯᠬᠦ ᠬᠡᠷᠡᠭᠲᠠᠢ᠃ ᠮᠠᠷᠺᠰ᠎ᠤᠨ ᠦᠵᠡᠯ᠎ᠤᠨ ᠬᠥᠭᠵᠢᠯᠲᠡ᠎ᠶᠢᠨ ᠲᠡᠦᠬᠡ᠎ᠡᠴᠡ ᠦᠵᠡᠪᠡᠯ᠂ ᠮᠠᠷᠺᠰ᠎ᠤᠨ ᠦᠵᠡᠯ᠎ᠤᠨ ᠰᠣᠶᠣᠯ᠎ᠤᠨ ᠣᠨᠣᠯ᠎ᠢ ᠪᠣᠯ ᠮᠠᠷᠺᠰ᠂ ᠡᠩᠭᠧᠯᠰ ᠡᠭᠦᠳᠦᠨ ᠪᠠᠢᠭᠤᠯᠤᠭᠰᠠᠨ ᠪᠥᠭᠡᠳ ᠵᠠᠯᠭᠠᠮᠵᠢᠯᠠᠭ᠍ᠴᠢ᠎ᠡᠴᠡ ᠲᠠᠰᠤᠷᠠᠯᠲᠠ ᠦᠭᠡᠢ ᠬᠥᠭᠵᠢᠭᠦᠯᠵᠦ ᠪᠠᠢᠭ᠎ᠠ ᠰᠢᠨᠵᠢᠯᠡᠬᠦ ᠤᠬᠠᠭᠠᠨᠴᠢ ᠣᠨᠣᠯ ᠤ᠋ᠨ ᠰᠢᠰᠲᠧᠮ ᠪᠣᠯᠣᠨ᠎ᠠ᠃ ᠮᠠᠷᠺᠰ᠎ᠤᠨ ᠦᠵᠡᠯ᠎ᠦᠨ ᠰᠣᠩᠭᠣᠳᠠᠭ ᠵᠣᠬᠢᠶᠠᠯᠴᠢᠳ᠎ᠤᠨ ᠰᠣᠶᠣᠯ᠎ᠤᠨ ᠤᠨᠤᠯ᠎ᠤᠨ ᠲᠤᠬᠠᠢ ᠴᠢᠬᠤᠯᠠ ᠥᠭᠦᠯᠡᠯᠲᠡ᠎ᠳᠦ ᠠᠯᠢ ᠤᠯᠠᠨ ᠦᠨᠳᠦᠰᠦᠨ ᠦᠵᠡᠯᠲᠡ ᠠᠭᠤᠯᠤᠭᠳᠠᠵᠤ ᠪᠤᠢ᠃ ᠰᠣᠶᠣᠯ ᠪᠣᠯ ᠦᠨᠳᠦᠰᠦᠨ᠎ᠳᠡᠭᠡᠨ ᠪᠣᠳᠠᠰ᠎ᠤᠨ ᠠᠮᠢᠳᠤᠷᠠᠯ ᠡᠴᠡ ᠲᠣᠭᠲᠠᠭᠠᠭᠳᠠᠳᠠᠭ; ᠰᠣᠶᠣᠯ ᠨᠢ ᠠᠵᠤ ᠠᠬᠤᠢ᠂ ᠤᠯᠤᠰ ᠲᠥᠷᠥᠳᠦ ᠴᠢᠳᠠᠮᠠᠭᠠᠢ ᠭᠡᠳᠡᠷᠭᠦ ᠦᠢᠯᠡᠳᠦᠯ᠎ᠲᠠᠢ; ᠠᠷᠠᠳ ᠣᠯᠠᠨ ᠪᠣᠯ ᠰᠣᠶᠣᠯ᠎ᠤᠨ ᠬᠥᠭᠵᠢᠯᠲᠡ᠎ᠶᠢᠨ ᠭᠣᠣᠯ ᠴᠣᠭᠴᠠ᠎ᠶᠢᠨ ᠬᠦᠴᠦᠨ ᠮᠥᠨ; ᠲᠡᠦᠬᠡ ᠰᠣᠶᠣᠯ᠎ᠤᠨ ᠥᠪ᠎ᠲᠦ ᠬᠤᠪᠢᠰᠤᠩᠭᠤᠢ᠎ᠪᠠᠷ ᠬᠠᠨᠳᠤᠬᠤ ᠬᠡᠷᠡᠭᠲᠠᠢ᠃ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠨᠢ ᠨᠠᠮ᠎ᠤᠨ ᠰᠣᠶᠣᠯ᠎ᠢ ᠤᠳᠤᠷᠢᠳᠬᠤ ᠡᠷᠬᠡ᠂ ᠰᠣᠶᠣᠯ᠎ᠤᠨ ᠭᠣᠣᠯ ᠴᠣᠭᠴᠠᠲᠤ ᠴᠢᠨᠠᠷ᠂ 《ᠬᠣᠶᠠᠷ᠎ᠢ ᠤᠶᠠᠯᠳᠤᠭᠤᠯᠬᠤ》 ᠵᠡᠷᠭᠡ ᠲᠠᠯ᠎ᠠ᠎ᠪᠠᠷ ᠴᠢᠬᠤᠯᠠ ᠤᠭ ᠶᠣᠰᠤᠴᠢ ᠴᠢᠨᠠᠷ ᠪᠦᠬᠦᠢ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ᠎ᠤᠨ ᠲᠤᠷᠰᠢᠯᠭ᠎ᠠ᠎ᠠᠴᠠ ᠳᠤᠮᠳᠠᠳᠤ ᠤᠯᠤᠰ᠎ᠤᠨ ᠤᠨᠤᠯ ᠬᠦᠷᠳᠡᠯ᠎ᠡ᠂ ᠲᠠᠬᠢᠨ ᠡᠩ᠎ᠤᠨ ᠦᠨᠳᠦᠰᠦᠨ ᠤᠭ ᠶᠣᠰᠣ᠌ ᠬᠦᠷᠲᠡᠯᠡᠬᠢ ᠳᠡᠭᠡᠭᠰᠢᠯᠡᠯᠲᠡ᠎ᠶᠢ ᠪᠡᠶᠡᠯᠡᠭᠦᠯᠵᠦ᠂ ᠮᠠᠷᠺᠰ᠎ᠤᠨ ᠦᠵᠡᠯ᠎ᠦᠨ ᠰᠣᠶᠣᠯ᠎ᠤᠨ ᠤᠨᠤᠯ᠎ᠢ ᠪᠠᠶᠠᠯᠢᠭ᠍ᠵᠢᠭᠤᠯᠤᠨ ᠬᠥᠭᠵᠢᠭᠦᠯᠬᠦ᠎ᠳᠦ ᠴᠣ ᠰᠢᠨ᠎ᠡ ᠳᠤᠮᠳᠠᠳᠤ ᠤᠯᠤᠰ᠎ᠤᠨ ᠬᠤᠪᠢ ᠨᠡᠮᠡᠷᠢ ᠵᠢ ᠦᠵᠡᠭᠦᠯᠪᠡ᠃
( ᠵᠣᠬᠢᠶᠠᠭ᠍ᠴᠢ ᠵᠢᠨ ᠬᠠᠶᠢᠭ ᠄ ᠪᠡᠭᠡᠵᠢᠩ ᠶᠡᠬᠡ ᠰᠤᠷᠭᠠᠭᠤᠯᠢ᠎ᠶᠢᠨ ᠰᠢᠨ᠎ᠡ ᠴᠠᠭ ᠦᠶ᠎ᠡ᠎ᠶᠢᠨ ᠨᠠᠮ᠎ᠤᠨ ᠰᠢᠨ᠎ᠡ ᠡᠭᠦᠳᠦᠯᠲᠡ ᠵᠢᠨ ᠣᠨᠣᠯ᠎ᠤᠨ ᠰᠤᠳᠤᠯᠭᠠᠨ᠎ᠤ ᠲᠥᠪ )
— 《ᠠᠷᠠᠳ᠎ᠤᠨ ᠡᠳᠦᠷ᠎ᠦᠨ ᠰᠣᠨᠢᠨ》 ᠡᠴᠡ