ᠦᠪᠦᠷ ᠮᠤᠩᠭᠤᠯ ᠤ᠋ᠨ ᠶᠢᠤ ᠷᠠᠨ ᠮᠠᠯ ᠠᠵᠤ ᠠᠬᠤᠢ ᠶ᠋ᠢᠨ ᠬᠢᠵᠠᠭᠠᠷᠳᠦ ᠺᠤᠮᠫᠠᠨᠢ ᠡᠴᠡ ᠤᠢᠯᠠᠭᠠᠭᠰᠠᠨ ᠶ᠋ᠢᠡᠷ᠂ 7 ᠰᠠᠷ᠎ᠠ ᠶ᠋ᠢᠨ 8 ᠤ᠋ ᠡᠳᠦᠷ ᠨᠠᠨᠴᠠᠩ ᠳ᠋ᠤ ᠬᠤᠷᠠᠯᠳᠤᠭᠰᠠᠨ ᠳᠤᠮᠳᠠᠳᠤ ᠤᠯᠤᠰ ᠤ᠋ᠨ ᠰᠦ ᠶ᠋ᠢᠨ ᠦᠢᠯᠡᠰ ᠤ᠋ᠨ ᠶᠡᠬᠡ ᠬᠤᠷᠠᠯ ᠲᠠᠬᠡᠷ᠎ᠠ ᠲᠤᠰ ᠺᠤᠮᠫᠠᠨᠢ ᠪᠡᠶ᠎ᠠ ᠪᠡᠨ ᠳᠠᠭᠠᠭᠠᠨ ᠰᠤᠳᠤᠯᠤᠨ ᠦᠢᠯᠡᠳᠦᠭᠰᠡᠨ ᠬᠡᠪᠢᠭᠴᠢ ᠠᠮᠢᠳᠠᠨ ᠳ᠋ᠤ ᠨᠠᠷᠢᠨ ᠤᠨᠤᠴᠠᠳᠠᠢ ᠪᠡᠷ ᠰᠢᠮ᠎ᠠ ᠲᠡᠵᠢᠭᠡᠯ ᠨᠦᠬᠦᠪᠤᠷᠢᠯᠡᠬᠦ 《AI ᠦᠭᠡᠷᠴᠢᠨ ᠳ᠋ᠤᠺᠲ᠋ᠤᠷ》 ᠵᠤᠬᠢᠶᠠᠮᠠᠯ ᠤᠶᠤᠨ ᠴᠢᠳᠠᠪᠤᠷᠢ ᠶ᠋ᠢᠨ ᠰᠢᠰᠲ᠋ᠧᠮ ᠶ᠋ᠢᠡᠨ ᠤᠯᠠᠨ ᠳ᠋ᠤ ᠨᠡᠢᠳᠡᠯᠡᠪᠡ᠃ ᠡᠨᠡ ᠨᠢ ᠶᠢᠤ ᠷᠠᠨ ᠮᠠᠯ ᠠᠵᠤ ᠠᠬᠤᠢ ᠶ᠋ᠢᠨ ᠬᠢᠵᠠᠭᠠᠷᠳᠦ ᠺᠤᠮᠫᠠᠨᠢ ᠮᠠᠨ ᠤ᠋ ᠤᠯᠤᠰ ᠤ᠋ᠨ ᠰᠠᠭᠠᠯᠢ ᠶ᠋ᠢᠨ ᠦᠨᠢᠶ᠎ᠠ ᠳ᠋ᠤ ᠰᠢᠮ᠎ᠠ ᠲᠡᠵᠢᠭᠡᠯ ᠨᠦᠬᠦᠪᠤᠷᠢᠯᠡᠬᠦ ᠬᠦᠷᠢᠶᠡᠨ ᠤ᠋ ᠠᠩᠬᠠᠳᠠᠭᠴᠢ AI ᠮᠡᠷᠭᠡᠵᠢᠯ ᠢ᠋ ᠠᠰᠢᠭᠯᠠᠨ ᠬᠡᠷᠡᠭᠯᠡᠭᠰᠡᠨ ᠠᠵᠤ ᠠᠬᠤᠢᠯᠠᠯ ᠪᠤᠯᠤᠭᠰᠠᠨ ᠢ᠋ ᠬᠠᠷᠠᠭᠤᠯᠬᠤ ᠲᠡᠳᠦᠢ ᠦᠭᠡᠢ AI ᠮᠡᠷᠭᠡᠵᠢᠯ ᠶ᠋ᠢᠡᠷ ᠦᠭᠡᠷ ᠲᠡᠵᠢᠭᠡᠬᠦ ᠴᠠᠭ ᠦᠶ᠎ᠠ ᠨᠢᠭᠡᠨᠳᠡ ᠬᠦᠷᠴᠦ ᠢᠷᠡᠭᠰᠡᠨ ᠢ᠋ ᠬᠠᠷᠠᠭᠤᠯᠵᠠᠢ᠃

ᠬᠡᠪᠢᠭᠴᠢ ᠠᠮᠢᠳᠠᠨ ᠳ᠋ᠤ ᠨᠠᠷᠢᠨ ᠤᠨᠤᠴᠠᠳᠠᠢ ᠪᠡᠷ ᠰᠢᠮ᠎ᠠ ᠲᠡᠵᠢᠭᠡᠯ ᠨᠦᠬᠦᠪᠤᠷᠢᠯᠡᠬᠦ ᠡᠨᠡ ᠬᠦ᠌ ᠴᠤ ᠰᠢᠨ᠎ᠠ 《AI ᠦᠭᠡᠷᠴᠢᠨ ᠳ᠋ᠤᠺᠲ᠋ᠤᠷ》 ᠵᠤᠬᠢᠶᠠᠮᠠᠯ ᠤᠶᠤᠨ ᠴᠢᠳᠠᠪᠤᠷᠢ ᠶ᠋ᠢᠨ ᠰᠢᠰᠲ᠋ᠧᠮ ᠨᠢ 《ᠮᠢᠩᠭᠠᠨ ᠠᠰᠠᠭᠤᠯᠳᠠ 3》 AI ᠲᠤᠮᠤ ᠵᠠᠭᠪᠤᠷ ᠤ᠋ᠨ ᠦᠨᠳᠦᠰᠦᠨ ᠴᠢᠳᠠᠮᠵᠢ ᠶ᠋ᠢ ᠠᠰᠢᠭᠯᠠᠨ ᠬᠡᠷᠡᠭᠯᠡᠵᠦ᠂ ᠶᠢᠤ ᠷᠠᠨ ᠮᠠᠯ ᠠᠵᠤ ᠠᠬᠤᠢ ᠶ᠋ᠢᠨ ᠬᠢᠵᠠᠭᠠᠷᠳᠦ ᠺᠤᠮᠫᠠᠨᠢ ᠶ᠋ᠢᠨ ᠦᠪᠡᠷ ᠤ᠋ᠨ 100 ᠮᠠᠯᠵᠢᠯ ᠤ᠋ᠨ ᠲᠠᠯᠠᠪᠠᠢ ᠂ 62 ᠲᠦᠮᠡ ᠰᠢᠬᠠᠮ ᠰᠠᠭᠠᠯᠢ ᠶ᠋ᠢᠨ ᠦᠨᠢᠶᠡᠨ ᠤ᠋ ᠡᠷᠡᠭᠦᠯ ᠮᠡᠨᠳᠦ ᠶ᠋ᠢᠨ ᠪᠠᠢᠳᠠᠯ ᠤ᠋ᠨ ᠲᠤᠭ᠎ᠠ ᠪᠠᠷᠢᠮᠳᠠ᠂ 30 ᠳ᠋ᠤᠺᠲ᠋ᠤᠷ ᠲᠡᠷᠢᠭᠦᠳᠠᠢ 400 ᠰᠢᠬᠠᠮ ᠬᠦᠮᠦᠨ ᠵᠢᠡᠷ ᠪᠦᠷᠢᠯᠳᠦᠭᠰᠡᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠪᠦᠯᠬᠦᠮ ᠤ᠋ᠨ ᠬᠡᠳᠦᠨ ᠠᠷᠪᠠᠨ ᠵᠢᠯ ᠤ᠋ᠨ ᠲᠤᠷᠰᠢᠬᠢ ᠪᠤᠳᠠᠳᠤ ᠦᠢᠯᠡᠳᠦᠯᠭᠡ ᠶ᠋ᠢᠨ ᠲᠤᠷᠰᠢᠯᠭ᠎ᠠ ᠪᠠ ᠤᠯᠤᠰ ᠤ᠋ᠨ ᠳᠤᠳᠤᠭᠠᠳᠤ ᠭᠠᠳᠠᠭᠠᠳᠦ ᠶ᠋ᠢᠨ ᠮᠠᠯ ᠠᠵᠤ ᠠᠬᠤᠢ ᠶ᠋ᠢᠨ ᠲᠡᠵᠢᠭᠡᠨ ᠦᠷᠡᠵᠢᠭᠦᠯᠬᠦ ᠦᠢᠯᠡᠰ ᠤ᠋ᠨ ᠮᠠᠯ ᠤ᠋ᠨ ᠰᠢᠮ᠎ᠠ ᠲᠡᠵᠢᠭᠡᠯ ᠢ᠋ ᠨᠦᠬᠦᠪᠤᠷᠢᠯᠡᠬᠦ ᠬᠦᠷᠢᠶᠡᠨ ᠳ᠋ᠤ ᠦᠵᠦᠭᠦᠷᠯᠡᠬᠦ ᠲᠤᠰᠬᠠᠢ ᠮᠡᠷᠭᠡᠵᠢᠯᠳᠡᠳ ᠤ᠋ᠨ ᠭᠤᠤᠯ ᠮᠡᠷᠭᠡᠵᠢᠯ ᠢ᠋ ᠭᠦᠨᠵᠡᠭᠡᠢ ᠠᠭᠤᠰᠤᠯᠴᠠᠭᠤᠯᠵᠤ᠂ AI ᠵᠠᠭᠪᠤᠷ ᠶ᠋ᠢᠡᠷ ᠲᠠᠰᠤᠷᠠᠯᠳᠠ ᠦᠭᠡᠢ ᠰᠤᠷᠤᠯᠴᠠᠬᠤ ᠪᠠ ᠰᠤᠷᠢᠯᠳᠠ ᠬᠢᠬᠦ ᠪᠡᠷ ᠳᠠᠮᠵᠢᠨ ᠮᠠᠯᠵᠢᠯ ᠤ᠋ᠨ ᠲᠠᠯᠠᠪᠠᠢ ᠶ᠋ᠢᠨ ᠬᠢᠨ ᠰᠢᠮ᠎ᠠ ᠲᠡᠵᠢᠭᠡᠯ ᠤ᠋ᠨ ᠬᠠᠮᠢᠶᠠᠷᠤᠯᠳᠠ ᠶ᠋ᠢᠨ ᠲᠠᠯ᠎ᠠ ᠪᠡᠷ ᠲᠤᠯᠭᠠᠷᠠᠭᠰᠠᠨ ᠡᠯ᠎ᠠ ᠲᠦᠷᠦᠯ ᠤ᠋ᠨ ᠬᠦᠴᠢᠷ ᠰᠡᠳᠦᠪ ᠶ᠋ᠢᠡᠨ 《AI ᠦᠭᠡᠷᠴᠢᠨ ᠳ᠋ᠤᠺᠲ᠋ᠤᠷ》 ᠲᠠᠢ ᠶᠠᠷᠢᠯᠴᠠᠪᠠᠯ ᠳᠠᠷᠤᠢ ᠳ᠋ᠤᠨᠢ ᠲᠤᠰᠬᠠᠢ ᠮᠡᠷᠭᠡᠵᠢᠯ ᠤ᠋ᠨ ᠰᠢᠢᠳᠪᠤᠷᠢᠯᠡᠬᠦ ᠲᠦᠰᠦᠯ ᠤᠯᠵᠤ ᠪᠤᠯᠬᠤ ᠳ᠋ᠤ ᠬᠦᠷᠭᠡᠵᠠᠢ᠃ ᠡᠳᠡᠭᠡᠷ ᠲᠦᠰᠦᠯ ᠢ᠋ ᠨᠢ ᠶᠢᠤ ᠷᠠᠨ ᠮᠠᠯ ᠠᠵᠤ ᠠᠬᠤᠢ ᠶ᠋ᠢᠨ ᠬᠢᠵᠠᠭᠠᠷᠳᠦ ᠺᠤᠮᠫᠠᠨᠢ ᠶ᠋ᠢᠨ ᠮᠡᠷᠭᠡᠵᠢᠯ ᠤ᠋ᠨ ᠦᠢᠯᠡᠴᠢᠯᠡᠭᠡᠨ ᠤ᠋ ᠪᠦᠯᠬᠦᠮ ᠤ᠋ᠨ ᠬᠢᠨ ᠴᠦᠮ ᠤᠷᠳᠤ ᠬᠤᠭᠤᠴᠠᠭᠠᠨ ᠤ᠋ ᠪᠤᠳᠠᠳᠤ ᠳᠠᠯᠠᠪᠤᠷ ᠤ᠋ᠨ ᠦᠢᠯᠡᠳᠦᠯᠭᠡ ᠳ᠋ᠤ ᠬᠡᠷᠡᠭᠵᠢᠭᠦᠯᠬᠦ ᠪᠡᠷ ᠳᠠᠮᠵᠢᠨ ᠨᠠᠢᠳᠠᠪᠤᠷᠢᠳᠠᠢ ᠪᠠᠢᠬᠤ ᠶ᠋ᠢ ᠭᠡᠷᠡᠴᠢᠯᠡᠪᠡ᠃ ᠲᠡᠭᠦᠨᠴᠢᠯᠡᠨ 《AI ᠦᠭᠡᠷᠴᠢᠨ ᠳ᠋ᠤᠺᠲ᠋ᠤᠷ》 ᠤ᠋ᠨ ᠵᠠᠳᠠᠯᠬᠤ ᠴᠢᠳᠠᠪᠤᠷᠢ ᠨᠢ ᠺᠤᠮᠫᠠᠨᠢ ᠶ᠋ᠢᠨ 《ᠠᠩᠬ᠎ᠠ ᠵᠡᠷᠭᠡ ᠶ᠋ᠢᠨ ᠦᠢᠯᠡᠴᠢᠯᠡᠭᠡᠨ ᠤ᠋ ᠢᠨᠵᠧᠨᠧᠷ᠂ ᠳᠤᠮᠳᠠ ᠵᠡᠷᠭᠡ ᠶ᠋ᠢᠨ ᠦᠢᠯᠡᠴᠢᠯᠡᠭᠡᠨ ᠤ᠋ ᠢᠨᠵᠧᠨᠧᠷ᠂ ᠳᠡᠭᠡᠳᠦ ᠵᠡᠷᠭᠡ ᠶ᠋ᠢᠨ ᠦᠢᠯᠡᠴᠢᠯᠡᠭᠡᠨ ᠤ᠋ ᠢᠨᠵᠧᠨᠧᠷ᠂ ᠦᠢᠯᠡᠴᠢᠯᠡᠭᠡᠨ ᠤ᠋ ᠲᠤᠰᠬᠠᠢ ᠮᠡᠷᠭᠡᠵᠢᠯᠳᠡᠨ᠂ ᠳᠡᠭᠡᠳᠦ ᠳᠡᠰ ᠤ᠋ᠨ ᠦᠢᠯᠡᠴᠢᠯᠡᠭᠡᠨ ᠤ᠋ ᠲᠤᠰᠬᠠᠢ ᠮᠡᠷᠭᠡᠵᠢᠯᠳᠡᠨ ᠪᠠ ᠡᠷᠬᠡ ᠰᠦᠷᠳᠦ ᠦᠢᠯᠡᠴᠢᠯᠡᠭᠡᠨ ᠤ᠋ ᠲᠤᠰᠬᠠᠢ ᠮᠡᠷᠭᠡᠵᠢᠯᠳᠡᠨ》 ᠬᠡᠬᠦ 6 ᠶᠡᠬᠡ ᠮᠡᠷᠭᠡᠵᠢᠯ ᠤ᠋ᠨ ᠦᠢᠯᠡᠴᠢᠯᠡᠭᠡᠨ ᠤ᠋ ᠳᠡᠰ ᠪᠦᠬᠦᠢ ᠰᠢᠰᠲ᠋ᠧᠮ ᠶ᠋ᠢᠡᠷ ᠪᠠᠷᠢᠮᠵᠢᠶᠠᠯᠠᠵᠤ᠂ ᠳᠡᠭᠡᠳᠦ ᠳᠡᠰ ᠤ᠋ᠨ ᠦᠢᠯᠡᠴᠢᠯᠡᠭᠡᠨ ᠤ᠋ ᠲᠤᠰᠬᠠᠢ ᠮᠡᠷᠭᠡᠵᠢᠯᠳᠡᠨ ᠤ᠋ ᠲᠦᠪᠰᠢᠨ ᠳ᠋ᠤ ᠬᠦᠷᠬᠦ ᠵᠢ ᠪᠠᠳᠤᠯᠠᠪᠠ᠃
ᠤᠢᠯᠠᠭᠠᠭᠰᠠᠨ ᠶ᠋ᠢᠡᠷ᠂ ᠦᠪᠦᠷ ᠮᠤᠩᠭᠤᠯ ᠤ᠋ᠨ ᠶᠢᠤ ᠷᠠᠨ ᠮᠠᠯ ᠠᠵᠤ ᠠᠬᠤᠢ ᠶ᠋ᠢᠨ ᠬᠢᠵᠠᠭᠠᠷᠳᠦ ᠺᠤᠮᠫᠠᠨᠢ ᠪᠤᠯ ᠳᠤᠮᠳᠠᠳᠤ ᠤᠯᠤᠰ ᠤ᠋ᠨ ᠴᠠᠭᠠᠨ ᠢᠳᠡᠭᠡᠨ ᠤ᠋ ᠦᠢᠯᠡᠰ ᠤ᠋ᠨ ᠡᠬᠢᠨ ᠤ᠋ ᠦᠢᠯᠡᠳᠭᠦᠨ ᠤ᠋ ᠪᠦᠬᠦ ᠠᠵᠤ ᠦᠢᠯᠡᠰ ᠤ᠋ᠨ ᠬᠡᠯᠬᠢᠶ᠎ᠠ ᠵᠢᠨ ᠳᠠᠭᠠᠭᠤᠯᠤᠭᠴᠢ ᠠᠵᠤ ᠠᠬᠤᠢᠯᠠᠯ᠂ ᠳᠡᠯᠡᠬᠡᠢ ᠶ᠋ᠢᠨ ᠬᠠᠮᠤᠭ ᠤ᠋ᠨ ᠲᠤᠮᠤ ᠲᠦᠬᠦᠭᠡᠢ ᠰᠦ ᠶ᠋ᠢᠨ ᠬᠠᠩᠭᠠᠯᠭ᠎ᠠ ᠶ᠋ᠢᠨ ᠬᠤᠳᠠᠯᠳᠤᠭᠠᠴᠢᠨ ᠪᠠᠢᠵᠤ᠂ ᠪᠦᠬᠦ ᠤᠯᠤᠰ ᠲᠤ᠌ ᠬᠠᠮᠤᠭ ᠤ᠋ᠨ ᠲᠦᠷᠦᠭᠦᠨ ᠳ᠋ᠤ ᠲᠡᠵᠢᠭᠡᠯ ᠪᠤᠷᠳᠤᠭ᠎ᠠ ᠶ᠋ᠢᠨ ᠲᠦᠬᠦᠭᠡᠢ ᠮᠠᠲᠧᠷᠢᠶᠠᠯ ᠤ᠋ᠨ ᠰᠢᠮ᠎ᠠ ᠲᠡᠵᠢᠭᠡᠯ ᠢ᠋ ᠤᠢᠷ᠎ᠠ ᠤᠯᠠᠭᠠᠨ ᠤ᠋ ᠭᠠᠳᠠᠨᠠᠬᠢ ᠲᠤᠶᠠᠭ᠎ᠠ ᠪᠡᠷ ᠰᠢᠯᠭᠠᠨ ᠪᠠᠢᠴᠠᠭᠠᠬᠤ ᠳ᠋ᠠᠢᠲ᠋ᠠ ᠬᠦᠮᠦᠷᠭᠡ ᠶ᠋ᠢ ᠪᠠᠢᠭᠤᠯᠤᠨ᠂ 1 ᠮᠢᠨᠦ᠋ᠲ ᠤ᠋ᠨ ᠲᠤᠳᠤᠷ᠎ᠠ ᠲᠡᠵᠢᠭᠡᠯ ᠪᠤᠷᠳᠤᠭ᠎ᠠ ᠶ᠋ᠢᠨ ᠦᠯᠢᠭᠡᠷ ᠮᠠᠲᠧᠷᠢᠶᠠᠯ ᠤ᠋ᠨ ᠰᠢᠮ᠎ᠠ ᠲᠡᠵᠢᠭᠡᠯ ᠢ᠋ ᠰᠢᠯᠭᠠᠨ ᠪᠠᠢᠴᠠᠭᠠᠵᠤ ᠦᠨ᠎ᠠ ᠦᠷᠳᠡᠭ ᠢ᠋ ᠨᠢ ᠵᠢᠱ᠌ᠢᠨ ᠦᠨᠡᠯᠡᠬᠦ ᠴᠢᠳᠠᠪᠤᠷᠢ ᠶ᠋ᠢ ᠪᠦᠷᠢᠯᠳᠦᠭᠦᠯᠵᠤ᠂ ᠰᠠᠭᠠᠯᠢ ᠶ᠋ᠢᠨ ᠦᠨᠢᠶ᠎ᠠ ᠨᠢᠭᠡᠪᠤᠷᠢ ᠳ᠋ᠤ ᠵᠠᠬᠢᠶᠠᠯᠠᠭ᠎ᠠ ᠶ᠋ᠢᠨ ᠬᠡᠯᠪᠡᠷᠢ ᠶ᠋ᠢᠨ ᠨᠠᠷᠢᠨ ᠤᠨᠤᠴᠠᠳᠠᠢ ᠰᠢᠮ᠎ᠠ ᠲᠡᠵᠢᠭᠡᠯ ᠨᠦᠬᠦᠪᠤᠷᠢᠯᠡᠬᠦ ᠲᠦᠰᠦᠯ ᠬᠠᠩᠭᠠᠨ᠂ 《 ᠪᠦᠬᠦ ᠤᠯᠤᠰ ᠤ᠋ᠨ ᠤᠶᠤᠨᠴᠢ ᠬᠦᠳᠡᠭᠡ ᠠᠵᠤ ᠠᠬᠤᠢ ᠶ᠋ᠢᠨ ᠪᠦᠲᠦᠭᠡᠨ ᠪᠠᠢᠭᠤᠯᠤᠯᠳᠠ ᠶ᠋ᠢᠨ ᠨᠡᠢᠳᠡᠯᠢᠭ ᠵᠢᠱ᠌ᠢᠶᠠ 》 ᠶ᠋ᠢᠨ ᠠᠵᠤ ᠠᠬᠤᠢᠯᠠᠯ ᠶ᠋ᠢᠡᠷ ᠦᠨᠡᠯᠡᠭᠳᠡᠭᠰᠡᠨ ᠶᠤᠮ᠃ ᠤᠢᠷ᠎ᠠ ᠶ᠋ᠢᠨ ᠵᠢᠯ ᠳ᠋ᠤ ᠲᠤᠰ ᠺᠤᠮᠫᠠᠨᠢ 《ᠤᠶᠤᠨᠴᠢ ᠮᠠᠯᠵᠢᠯ ᠤ᠋ᠨ ᠡᠭᠦᠯᠡ》 ᠵᠤᠬᠢᠶᠠᠮᠠᠯ ᠤᠶᠤᠨ ᠴᠢᠳᠠᠪᠤᠷᠢ ᠶ᠋ᠢᠨ ᠲᠤᠮᠤ ᠳ᠋ᠠᠢᠲ᠋ᠠ ᠶ᠋ᠢᠨ ᠬᠠᠮᠢᠶᠠᠷᠤᠯᠳᠠ ᠶ᠋ᠢᠨ ᠰᠢᠰᠲᠧᠮ᠂ 《 ᠰᠦᠯ ᠰᠠᠢᠳᠠᠢ ᠲᠡᠵᠢᠭᠡᠯ ᠡᠪᠡᠰᠦᠨ ᠤ᠋ ᠡᠭᠦᠯᠡ 》 ᠲᠡᠵᠢᠭᠡᠯ ᠡᠪᠡᠰᠦ ᠲᠠᠷᠢᠵᠤ ᠤᠷᠭᠤᠭᠤᠯᠬᠤ ᠮᠡᠳᠡᠭᠡ ᠵᠠᠩᠬᠢ ᠶ᠋ᠢᠨ ᠰᠢᠰᠲᠧᠮ᠂ ᠪᠤᠳᠠᠰ ᠤ᠋ᠨ ᠰᠦᠯᠵᠢᠶᠠᠨ ᠤ᠋ ᠤᠶᠤᠨᠳᠤ ᠤᠷᠴᠢᠨ ᠨᠦᠬᠦᠴᠡᠯ ᠢ᠋ ᠬᠢᠨᠡᠨ ᠡᠵᠡᠮᠳᠡᠬᠦ ᠰᠢᠰᠲᠧᠮ᠂ AI ᠤᠶᠤᠨᠳᠤ ᠰᠦᠷᠴᠢᠨ ᠤᠬᠢᠶᠠᠬᠤ ᠰᠢᠰᠲᠧᠮ ᠵᠡᠷᠭᠡ ᠶ᠋ᠢ ᠤᠷᠢᠳ ᠬᠤᠵᠢᠳ ᠠᠰᠢᠭᠯᠠᠯᠳᠠ ᠳ᠋ᠤ ᠤᠷᠤᠭᠤᠯᠵᠤ᠂ ᠲᠡᠵᠢᠭᠡᠨ ᠦᠷᠡᠵᠢᠭᠦᠯᠬᠦ ᠦᠢᠯᠡᠰ᠂ ᠲᠡᠵᠢᠭᠡᠯ ᠡᠪᠡᠰᠦᠨ ᠤ᠋ ᠦᠢᠯᠡᠰ ᠪᠠ ᠡᠭᠦᠯᠳᠡᠷ ᠪᠤᠢᠵᠢᠭᠤᠯᠬᠤ ᠦᠢᠯᠡᠰ ᠢ᠋ ᠲᠤᠭᠠᠴᠢᠯᠠᠭᠰᠠᠨ ᠡᠷᠢᠨ ᠳ᠋ᠤ ᠤᠷᠤᠭᠤᠯᠵᠤ᠂ ᠪᠦᠷᠢᠮᠦᠰᠦᠨ ᠠᠦ᠋ᠲ᠋ᠤᠴᠢᠯᠠᠭᠰᠠᠨ 《ᠠᠷᠠᠴᠢᠯᠠᠬᠤ ᠬᠦᠮᠦᠨ ᠬᠡᠷᠡᠭᠰᠡᠬᠦ ᠦᠭᠡᠢ ᠦᠭᠡᠷ ᠤ᠋ᠨ ᠬᠠᠰᠢᠶ᠎ᠠ ᠰᠠᠷᠠᠪᠴᠢ》 ᠶ᠋ᠢ ᠪᠠᠢᠭᠤᠯᠤᠨ᠂ ᠮᠠᠯᠵᠢᠯ ᠤ᠋ᠨ ᠲᠠᠯᠠᠪᠠᠢ ᠶ᠋ᠢᠨ ᠨᠠᠷᠢᠨ ᠤᠨᠤᠴᠠᠳᠠᠢ ᠦᠨᠳᠤᠷ ᠪᠦᠲᠦᠮᠵᠢᠳᠤ ᠬᠠᠮᠢᠶᠠᠷᠤᠯᠳᠠ ᠶ᠋ᠢᠨ ᠲᠦᠪᠰᠢᠨ ᠢ᠋ ᠶᠡᠬᠡ ᠪᠡᠷ ᠳᠡᠭᠡᠭᠰᠢᠯᠡᠭᠦᠯᠵᠤ᠂ ᠡᠷᠬᠢᠨ ᠲᠤᠭᠤᠷᠢᠨ ᠤ᠋ 30 ᠲᠦᠮᠡᠨ ᠮᠠᠯᠴᠢᠨ ᠲᠠᠷᠢᠶᠠᠴᠢᠨ ᠢ᠋ ᠳᠠᠢᠴᠢᠯᠠᠨ ᠤᠷᠤᠯᠭ᠎ᠠ ᠶ᠋ᠢ ᠨᠢ ᠨᠡᠮᠡᠭᠳᠡᠭᠦᠯᠦᠨ᠂ ᠤᠷᠤᠨ ᠪᠦᠰᠡ ᠶ᠋ᠢᠨ ᠮᠠᠯ ᠠᠵᠤ ᠠᠬᠤᠢ ᠲᠠᠷᠢᠶᠠᠯᠠᠩ ᠤ᠋ᠨ ᠦᠷᠨᠢᠭᠦᠨ ᠬᠦᠭᠵᠢᠯᠳᠡ ᠶ᠋ᠢ ᠠᠬᠢᠭᠤᠯᠵᠤ᠂ ᠠᠵᠤ ᠠᠬᠤᠢ ᠶ᠋ᠢᠨ ᠦᠷ᠎ᠠ ᠠᠰᠢᠭ᠂ ᠨᠡᠢᠭᠡᠮ ᠤ᠋ᠨ ᠦᠷ᠎ᠠ ᠠᠰᠢᠭ ᠪᠠ ᠠᠮᠢ ᠠᠬᠤᠢ ᠶ᠋ᠢᠨ ᠦᠷ᠎ᠠ ᠠᠰᠢᠭ ᠤ᠋ᠨ ᠲᠠᠯ᠎ᠠ ᠪᠡᠷ ᠴᠦᠮ ᠬᠢᠯᠠᠯᠵᠠᠭᠰᠠᠨ ᠠᠮᠵᠢᠯᠳᠠ ᠶ᠋ᠢ ᠡᠬᠦᠳᠴᠠᠢ᠃ ᠡᠳᠦᠭᠡ ᠠᠵᠢᠯ ᠲᠦᠷᠦᠯ ᠤ᠋ᠨ ᠵᠢᠡᠨ ᠳᠤᠮᠳᠠ ᠡᠩ ᠲᠡᠷᠢᠭᠦᠨ ᠳ᠋ᠤ ᠬᠡᠪᠢᠭᠴᠢ ᠠᠮᠢᠳᠠᠨ ᠳ᠋ᠤ ᠨᠠᠷᠢᠨ ᠤᠨᠤᠴᠠᠳᠠᠢ ᠪᠡᠷ ᠰᠢᠮ᠎ᠠ ᠲᠡᠵᠢᠭᠡᠯ ᠨᠦᠬᠦᠪᠤᠷᠢᠯᠡᠬᠦ 《AI ᠦᠭᠡᠷᠴᠢᠨ ᠳ᠋ᠤᠺᠲ᠋ᠤᠷ》 ᠢ᠋ ᠠᠰᠢᠭᠯᠠᠯᠳᠠ ᠳ᠋ᠤ ᠤᠷᠤᠭᠤᠯᠤᠭᠰᠠᠨ ᠨᠢ ᠪᠦᠬᠦ ᠤᠯᠤᠰ ᠤ᠋ᠨ ᠰᠠᠭᠠᠯᠢ ᠶ᠋ᠢᠨ ᠦᠨᠢᠶ᠎ᠠ ᠲᠡᠵᠢᠭᠡᠬᠦ ᠦᠢᠯᠡᠰ ᠲᠤ᠌ ᠰᠢᠨ᠎ᠠ ᠬᠤᠪᠢᠰᠤᠯᠳᠠ ᠠᠪᠴᠢᠷᠠᠬᠤ ᠨᠢ ᠳᠠᠮᠵᠢᠭ ᠦᠭᠡᠢ᠃
《ᠳᠠᠷᠠᠭᠠᠴᠢ ᠪᠡᠷ ᠪᠢᠳᠡ ᠤᠶᠤᠨᠴᠢ ᠲᠡᠵᠢᠭᠡᠨ ᠦᠷᠡᠵᠢᠭᠦᠯᠬᠦ ᠪᠠ ᠰᠢᠮ᠎ᠠ ᠲᠡᠵᠢᠭᠡᠯ ᠨᠦᠬᠦᠪᠤᠷᠢᠯᠡᠬᠦ ᠮᠡᠷᠭᠡᠵᠢᠯ ᠶ᠋ᠢᠡᠨ ᠲᠠᠰᠤᠷᠠᠯᠳᠠ ᠦᠭᠡᠢ ᠰᠢᠨᠡᠴᠢᠯᠡᠨ ᠳᠡᠰ ᠳᠡᠪᠰᠢᠭᠦᠯᠵᠦ᠂ ᠪᠤᠳᠠᠳᠠᠢ ᠳ᠋ᠤ ᠨᠠᠢᠳᠠᠪᠤᠷᠢᠵᠢᠭᠤᠯᠵᠤ ᠪᠤᠯᠬᠤ᠂ ᠬᠠᠭᠤᠯᠪᠤᠷᠢᠯᠠᠵᠤ ᠪᠤᠯᠬᠤ ᠰᠢᠰᠲᠧᠮᠴᠢᠯᠡᠭᠰᠡᠨ ᠰᠢᠢᠳᠪᠤᠷᠢᠯᠡᠬᠦ ᠲᠦᠰᠦᠯ ᠢ᠋ ᠦᠷᠭᠦᠯᠵᠢᠯᠡᠨ ᠰᠤᠳᠤᠯᠤᠨ ᠨᠡᠢᠳᠡᠯᠡᠵᠦ᠂ ᠰᠠᠭᠠᠯᠢ ᠶ᠋ᠢᠨ ᠦᠨᠢᠶ᠎ᠠ ᠲᠡᠵᠢᠭᠡᠨ ᠦᠷᠡᠵᠢᠭᠦᠯᠬᠦ ᠦᠢᠯᠡᠰ ᠤ᠋ᠨ ᠴᠢᠨᠠᠷ ᠰᠠᠢᠳᠠᠢ ᠬᠦᠭᠵᠢᠯᠳᠡ᠂ ᠦᠷᠭᠦᠯᠵᠢᠯᠡᠬᠦ ᠬᠦᠭᠵᠢᠯᠳᠡ ᠶ᠋ᠢ ᠤᠯᠠᠮ ᠴᠢᠨᠠᠭᠰᠢᠳᠠ ᠠᠬᠢᠭᠤᠯᠤᠨ᠎ᠠ》 ᠭᠡᠵᠦ ᠶᠢᠤ ᠷᠠᠨ ᠮᠠᠯ ᠠᠵᠤ ᠠᠬᠤᠢ ᠶ᠋ᠢᠨ ᠬᠢᠵᠠᠭᠠᠷᠳᠦ ᠺᠤᠮᠫᠠᠨᠢ ᠶ᠋ᠢᠨ ᠬᠠᠷᠢᠭᠤᠴᠠᠯᠭᠠᠳᠠᠨ ᠢᠯᠡᠷᠬᠡᠢᠯᠡᠵᠤ ᠪᠠᠢᠯ᠎ᠠ᠃