7 ᠰᠠᠷ᠎ᠠ ᠶ᠋ᠢᠨ 9 ᠤ᠋ ᠡᠳᠦᠷ᠂ ᠲᠦᠩᠯᠢᠶᠣᠣ ᠬᠤᠳᠠ ᠶ᠋ᠢᠨ ᠵᠠᠷᠤᠳ ᠬᠣᠰᠢᠭᠤᠨ ᠤ᠋ ᠴᠢᠨᠳᠠᠮᠤᠨᠢ ᠰᠤᠮᠤ ᠶ᠋ᠢᠨ ᠲᠦᠮᠡᠨ ᠮᠤ᠌ ᠶ᠋ᠢᠨ ᠴᠠᠷᠭᠠᠰᠤ ᠶ᠋ᠢᠨ ᠲᠠᠷᠢᠮᠠᠯ ᠤ᠋ᠨ ᠰᠠᠭᠤᠷᠢᠨ ᠳ᠋ᠤ ᠬᠡᠳᠦᠨ ᠠᠷᠪᠠᠨ ᠲᠣᠮᠣ᠌ ᠬᠡᠯᠪᠡᠷᠢ ᠶ᠋ᠢᠨ ᠬᠠᠳᠤᠵᠤ ᠬᠤᠷᠢᠶᠠᠬᠤ ᠮᠠᠰᠢᠨ ᠨᠠᠭᠠᠰᠢ ᠴᠠᠭᠠᠰᠢ ᠰᠦᠯᠵᠢᠯᠳᠤᠵᠤ᠂ ᠮᠠᠰᠢᠨ ᠤ᠋ ᠦᠩᠭᠡᠷᠡᠭᠰᠡᠨ ᠭᠠᠵᠠᠷ ᠲᠤ᠌ ᠰᠢᠨ᠎ᠠ ᠰᠤᠷᠭᠤᠭ ᠴᠠᠷᠭᠠᠰᠤ ᠳᠡᠷᠢ ᠳᠡᠭᠰᠢ ᠬᠠᠳᠤᠭᠳᠠᠵᠤ᠂ ᠨᠤᠭᠤᠭᠠᠨ ᠳᠠᠯᠠᠩ ᠪᠤᠯᠵᠤ ᠵᠢᠭᠳᠡᠷᠡᠨ ᠬᠠᠷᠠᠭᠳᠠᠨ᠎ᠠ᠃

ᠳᠡᠭᠡᠭᠡᠪᠥᠷᠢᠯᠡᠨᠡ
ᠲᠣᠰ ᠰᠤᠮᠤ ᠵᠢᠨ 2.3 ᠲᠦᠮᠡᠨ ᠮᠦ᠍ ᠶ᠋ᠢᠨ ᠲᠥᠪᠯᠡᠷᠡᠵᠤ ᠵᠠᠯᠭᠠᠯᠳᠤᠭᠰᠠᠨ ᠲᠠᠷᠢᠮᠠᠯ ᠴᠠᠷᠭᠠᠰᠤ ᠶ᠋ᠢᠨ ᠡᠨᠡ ᠵᠢᠯ ᠤ᠋ᠨ ᠲᠥᠷᠥᠭᠥᠤ ᠡᠭᠡᠯᠵᠢ ᠵᠢᠨ ᠪᠠᠷᠢᠮᠵᠢᠶᠠᠵᠢᠭᠤᠯᠤᠭᠰᠠᠨ ᠬᠠᠳᠤᠵᠤ ᠬᠤᠷᠢᠶᠠᠬᠤ ᠠᠵᠢᠯ ᠡᠢᠨ ᠬᠦ᠌ ᠪᠥᠬᠥ ᠲᠠᠯ᠎ᠠ ᠪᠠᠷ ᠡᠬᠢᠯᠡᠵᠠᠢ᠃ ᠡᠨᠡ ᠪᠤᠯ ᠲᠤᠰ ᠬᠤᠰᠢᠭᠤ ᠶ᠋ᠢᠨ ᠡᠨᠡ ᠵᠣᠨ ᠤ᠋ ᠠᠩᠬᠠᠳᠠᠬᠴᠢ 《ᠡᠯᠪᠡᠭ ᠬᠤᠷᠢᠶᠠᠯᠲᠠ》 ᠪᠤᠯᠬᠤ ᠪᠡᠷ ᠪᠠᠷᠠᠬᠤ ᠥᠭᠡᠢ᠂ ᠪᠥᠬᠥ ᠵᠢᠯ ᠤ᠋ᠨ ᠰᠦᠯ ᠰᠠᠢᠲᠠᠢ ᠡᠪᠡᠰᠦ ᠪᠣᠷᠳᠣᠭᠠᠨ ᠤ᠋ ᠬᠤᠷᠢᠶᠠᠯᠲᠠ ᠶ᠋ᠢ ᠲᠣᠭᠲᠠᠪᠤᠷᠢᠵᠢᠭᠤᠯᠤᠨ ᠬᠠᠩᠭᠠᠯᠭ᠎ᠠ ᠶ᠋ᠢ ᠪᠠᠲᠤᠯᠠᠬᠤ ᠪᠠᠲᠤ ᠰᠠᠭᠤᠷᠢ ᠶ᠋ᠢ ᠲᠠᠯᠪᠢᠭᠰᠠᠨ ᠬᠤᠷᠢᠶᠠᠯᠳᠠ ᠪᠤᠯᠤᠨ᠎ᠠ᠃

2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号