ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠮᠴᠢᠯᠡᠯ᠎ᠦᠨ ᠡᠷᠬᠡ᠎ᠶᠢᠨ ᠳᠦᠷᠢᠮ᠎ᠢ ᠪᠦᠷᠢᠨᠰᠢᠭᠦᠯᠬᠦ᠎ᠶᠢᠨ ᠲᠥᠯᠥᠭᠡ᠂ ᠮᠠᠨ᠎ᠤ ᠤᠯᠤᠰ ᠪᠠᠢᠭᠠᠯᠢ᠎ᠶᠢᠨ ᠡᠬᠢ ᠪᠠᠶᠠᠯᠢᠭ᠋᠎ᠤᠨ ᠡᠷᠬᠡ᠎ᠶᠢ ᠨᠤᠲᠠᠯᠠᠨ ᠳᠠᠩᠰᠠᠯᠠᠬᠤ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠪᠠᠢᠭᠠᠯᠢ᠎ᠶᠢᠨ ᠡᠬᠢ ᠪᠠᠶᠠᠯᠢᠭ᠋ ᠪᠣᠯᠣᠨ ᠦᠯᠦ ᠬᠥᠳᠡᠯᠬᠦ ᠬᠥᠷᠥᠩᠭᠡ᠎ᠶᠢᠨ ᠡᠷᠬᠡ᠎ᠶᠢ ᠨᠢᠭᠡᠳᠦᠯᠲᠡᠢ ᠨᠤᠲᠠᠯᠠᠨ ᠳᠠᠩᠰᠠᠯᠠᠬᠤ ᠪᠦᠬᠦ ᠣᠷᠣᠨ ᠪᠦᠰᠡ᠎ᠶᠢᠨ ᠪᠣᠰᠣᠭ᠎ᠠ ᠴᠣᠭᠴᠠᠲᠤ ᠬᠥᠭᠵᠢᠯᠲᠡ᠎ᠶᠢ ᠠᠬᠢᠭᠤᠯᠤᠨ᠎ᠠ᠃
ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠡᠷᠬᠡ᠎ᠶᠢ ᠨᠤᠲᠠᠯᠠᠨ ᠳᠠᠩᠰᠠᠯᠠᠬᠤ ᠲᠣᠪᠴᠢᠶᠠᠨ᠎ᠤ ᠳᠠᠷᠤᠭ᠎ᠠ ᠬᠤ᠌ ᠱᠠᠨ ᠱᠦᠨ 14᠎ᠤ᠋ ᠡᠳᠦᠷ ᠲᠥᠷᠥ᠎ᠶᠢᠨ ᠶᠠᠪᠤᠳᠠᠯ᠎ᠤᠨ ᠬᠤᠷᠢᠶ᠎ᠠ᠎ᠶᠢᠨ ᠰᠣᠨᠢᠨ ᠮᠡᠳᠡᠭᠡᠨ᠎ᠦ ᠠᠯᠪᠠᠨ ᠭᠡᠷ᠎ᠦᠨ ᠰᠣᠨᠢᠨ ᠮᠡᠳᠡᠭᠡ ᠨᠡᠢᠳᠡᠯᠡᠬᠦ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠤᠷᠢᠶ᠎ᠠ᠎ᠶᠢᠨ ᠠᠯᠪᠠᠨ ᠲᠢᠩᠬᠢᠮ᠎ᠦᠨ ᠳᠠᠷᠤᠮᠠᠯᠯᠠᠨ ᠲᠠᠷᠬᠠᠭᠠᠭᠰᠠᠨ 《ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠳᠦᠷᠢᠮ᠎ᠦᠨ ᠰᠢᠰᠲᠧᠮ᠎ᠢ ᠲᠡᠭᠦᠯᠳᠡᠷᠵᠢᠭᠦᠯᠬᠦ ᠲᠤᠬᠠᠢ ᠰᠠᠨᠠᠯ》 ᠨᠢ ᠨᠡᠢᠭᠡᠮ᠎ᠦᠨ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠮᠴᠢᠯᠡᠬᠦ ᠡᠷᠬᠡ ᠪᠠ ᠬᠡᠷᠡᠭᠯᠡᠬᠦ ᠡᠷᠬᠡ᠎ᠶᠢ ᠰᠠᠯᠭᠠᠬᠤ᠎ᠶᠢ ᠠᠬᠢᠭᠤᠯᠬᠤ ᠲᠠᠯ᠎ᠠ ᠡᠴᠡ ᠥᠮᠴᠢᠯᠡᠯ᠎ᠦᠨ ᠡᠷᠬᠡ᠎ᠶᠢᠨ ᠳᠦᠷᠢᠮ᠎ᠢ ᠲᠡᠭᠦᠯᠳᠡᠷᠵᠢᠭᠦᠯᠬᠦ ᠠᠯᠢ ᠣᠯᠠᠨ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢ ᠳᠤᠷᠠᠳᠴᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠷᠲᠡᠭ᠎ᠢ ᠤᠯᠠᠮ ᠨᠢᠭᠡ ᠠᠯᠬᠤᠮ ᠢᠯᠡ ᠪᠣᠯᠭᠠᠬᠤ᠂ ᠥᠨᠳᠥᠷ ᠪᠦᠲᠦᠮᠵᠢᠲᠡᠶ ᠲᠣᠬᠢᠷᠠᠭᠤᠯᠤᠯᠲᠠ᠎ᠶᠢ ᠠᠬᠢᠭᠤᠯᠬᠤ᠂ ᠴᠢᠨᠠᠷ ᠰᠠᠢᠲᠠᠢ ᠬᠥᠭᠵᠢᠯᠲᠡ᠎ᠳᠦ ᠨᠠᠩ ᠰᠠᠢᠨ ᠦᠢᠯᠡᠴᠢᠯᠡᠬᠦ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ᠂ ᠵᠢᠱ᠌ᠢᠶᠡᠯᠡᠪᠡᠯ ᠭᠦᠨ ᠳᠠᠪᠬᠤᠷᠭ᠎ᠠ᠎ᠶᠢᠨ ᠭᠠᠵᠠᠷ ᠳᠣᠣᠷᠠᠬᠢ ᠣᠷᠣᠨ ᠵᠠᠢ᠎ᠶᠢᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷᠬᠡᠷᠡᠭᠯᠡᠬᠦ ᠡᠷᠬᠡ᠎ᠶᠢ ᠲᠤᠰᠠᠭᠠᠷ ᠪᠠᠶ᠋ᠢᠭᠤᠯᠬᠤ᠎ᠶᠢ ᠬᠠᠢᠨ ᠰᠦᠪᠡᠭᠴᠢᠯᠡᠵᠦ᠂ ᠬᠣᠢᠰᠢᠳᠠ ᠠᠭᠤᠢ᠂ ᠬᠠᠶᠠᠭᠳᠠᠮᠠᠯ ᠠᠭᠤᠷᠬᠠᠢ᠎ᠶᠢᠨ ᠨᠦᠬᠡ ᠵᠡᠷᠭᠡ ᠭᠦᠨ ᠳᠠᠪᠬᠤᠷᠭ᠎ᠠ᠎ᠶᠢᠨ ᠭᠠᠵᠠᠷ ᠳᠣᠣᠷᠠᠬᠢ ᠣᠷᠣᠨ ᠵᠠᠢ᠎ᠶᠢ ᠠᠰᠢᠭ᠍ᠯᠠᠨ ᠵᠢᠭᠤᠯᠴᠢᠯᠠᠯ᠂ ᠡᠨᠧᠷᠭᠢ ᠬᠠᠳᠠᠭᠠᠯᠠᠬᠤ ᠵᠡᠷᠭᠡ ᠠᠵᠤ ᠦᠢᠯᠡᠰ᠎ᠢ ᠬᠥᠭᠵᠢᠭᠦᠯᠬᠦ ᠵᠢ ᠳᠤᠷᠠᠳᠤᠭᠰᠠᠨ ᠨᠢ ᠬᠣᠯᠪᠣᠭᠳᠠᠯ ᠪᠦᠬᠦᠢ ᠡᠷᠬᠡ᠎ᠶᠢ ᠨᠠᠩ ᠰᠠᠢᠨ ᠪᠠᠲᠤᠯᠠᠭ᠎ᠠ᠎ᠲᠠᠢ ᠪᠤᠯᠭᠠᠨ᠎ᠠ ᠭᠡᠪᠡ ᠃
ᠰᠤᠷᠪᠤᠯᠵᠢᠯᠠᠭ᠍ᠴᠢ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ ᠡᠴᠡ ᠣᠢᠯᠠᠭᠠᠭᠰᠠᠨ᠎ᠢᠶᠠᠷ᠂ ᠪᠥᠬᠥ ᠤᠯᠤᠰ᠎ᠤᠨ 13 ᠲᠤᠷᠰᠢᠯᠲᠠ᠎ᠶᠢᠨ ᠴᠡᠭ᠎ᠤᠨ ᠮᠤᠵᠢ ᠬᠣᠲᠠ ᠪᠤᠰᠤᠭ᠎ᠠ ᠴᠤᠬᠴᠠᠳᠤ ᠥᠯᠥ ᠬᠥᠳᠡᠯᠬᠦ ᠬᠥᠷᠥᠩᠭᠡ᠎ᠶᠢ ᠳᠠᠩᠰᠠᠯᠠᠬᠤ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠥᠷᠨᠢᠭᠦᠯᠵᠦ᠂ ᠬᠠᠩᠵᠧᠦ᠂ ᠱᠧᠨᠵᠧᠨ᠂ ᠴᠦᠩᠴᠢᠩ᠂ ᠭᠤᠸᠠᠩᠵᠸᠦ ᠵᠡᠷᠭᠡ ᠭᠠᠵᠠᠷ᠎ᠲᠤ ᠭᠤᠷᠪᠠᠨ ᠬᠡᠮᠵᠢᠯᠲᠦ ᠥᠯᠥ ᠬᠥᠳᠡᠯᠬᠦ ᠬᠥᠷᠥᠩᠭᠡ᠎ᠶᠢᠨ ᠡᠷᠬᠡ᠎ᠶᠢᠨ ᠦᠨᠡᠮᠯᠡᠯ᠎ᠢ ᠵᠠᠯᠭᠠᠭ᠎ᠠ᠎ᠪᠠᠷ ᠲᠠᠷᠬᠠᠭᠠᠭᠰᠠᠨ ᠪᠠᠢᠨ᠎ᠠ᠃ ᠳᠠᠪᠤᠰᠤᠨ ᠠᠭᠤᠢ᠎ᠶᠢᠨ ᠪᠥᠭᠡᠮᠨᠡᠷᠡᠯ᠎ᠡᠴᠡ ᠲᠡᠯᠡᠶ ᠳᠠᠭᠠᠤ᠎ᠶᠢᠨ ᠭᠠᠵᠠᠷ ᠳᠣᠣᠷᠠᠬᠢ ᠤᠰᠤ ᠵᠢ ᠪᠢᠲᠡᠭᠦᠮᠵᠢᠯᠡᠭᠰᠡᠨ ᠠᠭᠤᠢ᠎ᠶᠢᠨ ᠬᠥᠮᠥᠷᠭᠡ ᠬᠦᠷᠲᠡᠯ᠎ᠡ᠂ ᠡᠲᠡᠭᠡᠷ ᠲᠣᠰᠣ᠌ ᠬᠡᠢ᠎ᠶᠢᠨ ᠪᠠᠢᠯᠳᠤᠬᠤ ᠪᠣᠳᠣᠯᠭ᠎ᠠ᠎ᠶᠢᠨ ᠨᠥᠭᠡᠴᠡᠯᠡᠯᠲᠡ᠂ ᠣᠷᠳᠣ᠌ ᠬᠤᠭᠤᠴᠠᠭ᠎ᠠ᠎ᠪᠠᠷ ᠡᠨᠧᠷᠭᠢ ᠬᠠᠳᠠᠭᠠᠯᠠᠬᠤ ᠵᠡᠷᠭᠡ ᠡᠭᠦᠷᠭᠡ ᠴᠢᠳᠠᠪᠤᠷᠢ᠎ᠶᠢ ᠳᠠᠭᠠᠭᠠᠵᠤ ᠳᠡᠶ᠋ᠢᠯᠬᠦ ᠭᠦᠨ ᠳᠠᠪᠬᠤᠷᠭ᠎ᠠ᠎ᠶᠢᠨ ᠭᠠᠵᠠᠷ ᠳᠣᠣᠷᠠᠬᠢ ᠣᠷᠣᠨ ᠵᠠᠢ᠎ᠶᠢ ᠠᠯᠬᠤᠮ ᠠᠯᠬᠤᠮ᠎ᠢᠶᠠᠷ ᠥᠮᠴᠢᠯᠡᠬᠦ ᠡᠷᠬᠡ᠎ᠶᠢᠨ ᠡᠷᠬᠡ᠎ᠶᠢ ᠨᠤᠲᠠᠯᠠᠬᠤ ᠠᠵᠢᠯ᠎ᠤᠨ ᠬᠠᠷᠠᠭᠠᠨ᠎ᠳᠤ ᠣᠷᠣᠭᠤᠯᠤᠨ᠎ᠠ᠃ ᠡᠭᠦᠨ᠎ᠡᠴᠡ ᠭᠠᠳᠠᠨ᠎ᠠ᠂ ᠤᠢᠷ᠎ᠠ ᠤᠭᠳᠠᠷᠭᠤᠢ᠎ᠶᠢᠨ ᠠᠵᠤ ᠠᠬᠤᠢ᠎ᠶᠢᠨ ᠬᠥᠭᠵᠢᠯᠲᠡ᠎ᠶᠢ ᠳᠠᠭᠠᠯᠳᠤᠨ᠂ ᠤᠢᠷ᠎ᠠ ᠤᠭᠳᠠᠷᠭᠤᠢ᠎ᠶᠢᠨ ᠣᠷᠣᠨ ᠪᠦᠰᠡ᠎ᠶᠢᠨ ᠡᠷᠬᠡ᠎ᠶᠢᠨ ᠬᠠᠷᠢᠶᠠᠯᠠᠯ᠎ᠢ ᠵᠠᠭᠠᠭᠯᠠᠨ ᠲᠣᠭᠲᠠᠭᠠᠬᠤ ᠠᠵᠢᠯ ᠣᠷᠣᠨ ᠨᠤᠲᠤᠭ᠎ᠤᠨ ᠲᠤᠷᠰᠢᠯᠲᠠ᠎ᠶᠢᠨ ᠬᠠᠢᠨ ᠰᠦᠪᠡᠭᠴᠢᠯᠡᠬᠦ ᠱᠠᠲᠤᠨ᠎ᠳᠤ ᠣᠷᠣᠪᠠ᠃
ᠬᠤ᠌ ᠱᠠᠨ ᠱᠦᠨ᠂ ᠤᠯᠤᠰ᠎ᠤᠨ ᠴᠡᠴᠡᠷᠯᠢᠭ᠂ ᠶᠡᠬᠡ ᠭᠣᠣᠯ ᠮᠥᠷᠡᠨ ᠶᠡᠬᠡ ᠨᠠᠭᠤᠷ᠂ ᠤᠯᠠᠨ ᠤᠯᠤᠰ᠎ᠤᠨ ᠴᠢᠬᠤᠯᠠ ᠨᠤᠭᠤ ᠭᠠᠵᠠᠷ᠂ ᠤᠯᠤᠰ᠎ᠤᠨ ᠭᠣᠣᠯᠳᠠᠯᠭ᠎ᠠ᠎ᠲᠠᠢ ᠰᠢᠭᠤᠢᠲᠤ ᠣᠷᠣᠨ ᠵᠡᠷᠭᠡ ᠴᠢᠬᠤᠯᠠ ᠠᠮᠢ ᠠᠬᠤᠢ᠎ᠶᠢᠨ ᠣᠷᠣᠨ ᠵᠠᠢ᠎ᠶᠢᠨ ᠪᠠᠢᠭᠠᠯᠢ᠎ᠶᠢᠨ ᠡᠬᠢ ᠪᠠᠶᠠᠯᠢᠭ᠋᠎ᠤᠨ ᠡᠷᠬᠡ᠎ᠶᠢ ᠨᠤᠲᠠᠯᠠᠨ ᠳᠠᠩᠰᠠᠯᠠᠬᠤ ᠠᠵᠢᠯ᠎ᠢ ᠯᠠᠪᠳᠠᠭᠤᠨ ᠪᠠᠲᠤᠲᠠᠢ ᠡᠮᠬᠢ ᠳᠢᠭ᠌ᠯᠢᠮ᠎ᠲᠠᠢ ᠥᠷᠨᠢᠭᠦᠯᠵᠦ᠂ ᠣᠳᠣᠬᠠᠨ᠎ᠳᠤ ᠲᠦᠷᠦᠭᠦᠦ ᠪᠦᠯᠦᠭ᠎ᠲᠦ ᠪᠠᠢᠭᠤᠯᠤᠭᠰᠠᠨ 5 ᠤᠯᠤᠰ᠎ᠤᠨ ᠴᠡᠴᠡᠷᠯᠢᠭ᠂ ᠬᠥᠬᠡᠮᠥ᠋ᠷᠡᠨ᠎ᠦ ᠭᠣᠣᠯ ᠤᠷᠤᠰᠬᠠᠯ (ᠰᠧᠴᠤᠸᠠᠨ᠎ᠤ ᠬᠡᠰᠡᠭ) ᠲᠠᠢ ᠬᠤ᠌ ᠨᠠᠭᠤᠷ ᠵᠡᠷᠭᠡ 3800 ᠭᠠᠷᠤᠢ ᠭᠣᠣᠯᠳᠠᠯᠭ᠎ᠠ᠎ᠲᠠᠢ ᠣᠷᠣᠨ ᠪᠦᠰᠡ᠎ᠶᠢ ᠳᠠᠩᠰᠠᠯᠠᠬᠤ ᠠᠵᠢᠯ᠎ᠢ ᠨᠢᠭᠡᠨᠲᠡ ᠳᠠᠭᠤᠰᠬᠠᠵᠤ᠂ ᠳᠠᠩᠰᠠᠯᠠᠭᠤᠯᠤᠭᠰᠠᠨ ᠲᠠᠯᠠᠪᠠᠢ ᠨᠢ 37.7 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠲᠦ ᠬᠦᠷᠴᠦ᠂ ᠨᠤᠮᠢᠨ ᠤᠰᠤ ᠬᠥᠬᠡᠮᠳᠦᠭ ᠠᠭᠤᠯᠠ ᠥᠪᠡᠷ᠎ᠦᠨ 《ᠡᠷᠦᠬᠡ ᠠᠮᠠ᠎ᠶᠢᠨ ᠳᠡᠪᠲᠡᠷ》 ᠲᠠᠢ ᠪᠣᠯᠵᠠᠢ ᠭᠡᠵᠦ ᠳᠠᠨᠢᠯᠴᠠᠭᠤᠯᠪᠠ᠃
ᠰᠠᠨᠠᠯ᠎ᠤᠨ ᠱᠠᠭᠠᠷᠳᠠᠯᠭ᠎ᠠ ᠶᠣᠰᠣᠭᠠᠷ᠂ ᠳᠠᠷᠠᠭᠠᠴᠢ᠎ᠶᠢᠨ ᠠᠯᠬᠤᠮ᠎ᠳᠤ ᠪᠠᠢᠭᠠᠯᠢ᠎ᠶᠢᠨ ᠡᠬᠢ ᠪᠠᠶᠠᠯᠢᠭ᠋᠎ᠤᠨ ᠡᠷᠬᠡ᠎ᠶᠢ ᠨᠤᠲᠠᠯᠠᠨ ᠳᠠᠩᠰᠠᠯᠠᠬᠤ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠭᠣᠣᠯᠳᠠᠯᠭ᠎ᠠ᠎ᠲᠠᠢ ᠪᠠᠢᠭᠠᠯᠢ᠎ᠶᠢᠨ ᠡᠬᠢ ᠪᠠᠶᠠᠯᠢᠭ᠋ ᠪᠠ ᠴᠢᠬᠤᠯᠠ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠨᠢᠭᠡᠳᠦᠯᠲᠡᠢ ᠡᠷᠬᠡ᠎ᠶᠢ ᠨᠤᠲᠠᠯᠠᠨ ᠳᠠᠩᠰᠠᠯᠠᠬᠤ ᠠᠵᠢᠯ᠎ᠢ ᠠᠬᠢᠭᠤᠯᠵᠤ᠂ ᠤᠢ ᠮᠣᠳᠣᠨ᠎ᠤ ᠡᠷᠬᠡ᠎ᠶᠢᠨ ᠲᠦᠷᠦᠯ᠂ ᠲᠠᠯᠠᠢ᠎ᠶᠢᠨ ᠣᠷᠣᠨ᠎ᠢ ᠬᠡᠷᠡᠭᠯᠡᠬᠦ ᠡᠷᠬᠡ ᠵᠡᠷᠭᠡ ᠦᠯᠦ ᠬᠥᠳᠡᠯᠬᠦ ᠬᠥᠷᠥᠩᠭᠡ᠎ᠶᠢᠨ ᠳᠠᠩᠰᠠᠯᠠᠯᠲᠠ᠎ᠶᠢ ᠰᠠᠢᠲᠤᠷ ᠬᠢᠵᠦ᠂ ᠲᠠᠯᠠᠢ᠎ᠶᠢ ᠲᠠᠪᠢᠰᠴᠦ ᠡᠬᠡ ᠬᠠᠭᠤᠷᠠᠢ ᠪᠣᠯᠭᠠᠭᠰᠠᠨ ᠲᠠᠯᠠᠢ᠎ᠶᠢᠨ ᠣᠷᠣᠨ᠎ᠢ ᠬᠡᠷᠡᠭᠯᠡᠬᠦ ᠡᠷᠬᠡ᠎ᠶᠢ ᠭᠠᠵᠠᠷ ᠰᠢᠷᠣᠢ᠎ᠶᠢ ᠬᠡᠷᠡᠭᠯᠡᠬᠦ ᠡᠷᠬᠡ ᠪᠣᠯᠭᠠᠨ ᠬᠤᠪᠢᠷᠠᠭᠤᠯᠬᠤ᠎ᠶᠢ ᠵᠣᠯᠭᠠᠭᠤᠯᠬᠤ ᠲᠣᠭᠲᠠᠴᠠ᠎ᠶᠢ ᠲᠡᠭᠦᠯᠳᠡᠷᠵᠢᠭᠦᠯᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠮᠥᠰᠥᠨ ᠲᠠᠯᠠᠢ᠎ᠶᠢ ᠬᠠᠮᠤᠷᠤᠭᠰᠠᠨ ᠡᠷᠬᠡ᠎ᠶᠢ ᠨᠤᠲᠠᠯᠠᠨ ᠳᠠᠩᠰᠠᠯᠠᠬᠤ ᠪᠠᠢᠷᠢᠰᠢᠯ᠎ᠢ ᠲᠦᠷᠭᠡᠪᠴᠢᠯᠡᠨ ᠪᠤᠢ ᠪᠣᠯᠭᠠᠨ᠎ᠠ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 7 ᠰᠠᠷ᠎ᠠ᠎ᠶᠢᠨ 14 ᠤ᠋ ᠴᠠᠬᠢᠯᠭᠠᠨ ᠮᠡᠳᠡᠭᠡ)