ᠰᠤᠷᠭᠠᠨ ᠬᠥᠮᠦᠵᠢᠯ᠎ᠦᠨ ᠶᠠᠮᠤᠨ᠎ᠤ
ᠰᠦᠯᠵᠢᠶ᠎ᠡ ᠶᠢᠨ ᠮᠡᠳᠡᠭᠡ᠎ᠶᠢ ᠦᠨᠳᠦᠰᠦᠯᠡᠪᠡᠯ᠂ 2026-2027 《ᠳᠤᠮᠳᠠᠳᠤ
ᠣᠷᠣᠰ᠎ᠤᠨ ᠰᠤᠷᠭᠠᠨ ᠬᠥᠮᠦᠵᠢᠯ᠎ᠦᠨ ᠣᠨ》᠎ᠢ ᠴᠢᠨᠠᠷ ᠰᠠᠢᠲᠠᠢ
ᠡᠷᠭᠢᠯᠡᠬᠦ᠎ᠶᠢᠨ ᠲᠥᠯᠥᠭᠡ᠂ 7 ᠰᠠᠷ᠎ᠠ᠎ᠶᠢᠨ 16 ᠤ
ᠡᠳᠦᠷ 《ᠳᠤᠮᠳᠠᠳᠤ ᠣᠷᠣᠰ᠎ᠤᠨ ᠰᠤᠷᠭᠠᠨ ᠬᠥᠮᠦᠵᠢᠯ᠎ᠦᠨ ᠣᠨ》 ᠠᠯᠪᠠᠨ ᠰᠦᠯᠵᠢᠶ᠎ᠡ (cnru.moe.edu.cn) ᠵᠢᠩᠬᠢᠨᠢ᠎ᠪᠡᠷ ᠠᠰᠢᠭ᠍ᠯᠠᠯᠲᠠ᠎ᠳᠤ ᠣᠷᠣᠪᠠ᠃

《ᠳᠤᠮᠳᠠᠳᠤ ᠣᠷᠣᠰ᠎ᠤᠨ
ᠰᠤᠷᠭᠠᠨ ᠬᠥᠮᠦᠵᠢᠯ᠎ᠦᠨ ᠣᠨ》 ᠠᠯᠪᠠᠨ ᠰᠦᠯᠵᠢᠶ᠎ᠡ ᠨᠢ ᠰᠤᠷᠭᠠᠨ ᠬᠥᠮᠦᠵᠢᠯ᠎ᠦᠨ
ᠣᠨ᠎ᠤ ᠭᠣᠣᠯ ᠰᠡᠳᠦᠪ᠎ᠲᠠᠢ ᠨᠢᠭ᠍ᠲᠠ ᠤᠶᠠᠯᠳᠤᠭᠤᠯᠤᠨ᠂ ᠡᠷᠳᠡᠮ ᠰᠢᠨᠵᠢᠯᠡᠭᠡᠨ᠎ᠦ ᠰᠣᠯᠢᠯᠴᠠᠭ᠎ᠠ᠂ ᠠᠵᠢᠯᠲᠠᠨ᠎ᠤ
ᠬᠠᠷᠢᠯᠴᠠᠨ ᠠᠶ᠋ᠢᠯᠴᠢᠯᠠᠯᠲᠠ᠂ ᠲᠥᠷᠥᠯ ᠵᠦᠢᠯ᠎ᠢ ᠬᠠᠮᠲᠤ᠎ᠪᠠᠷ ᠪᠠᠶ᠋ᠢᠭᠤᠯᠬᠤ᠂ ᠦᠷ᠎ᠡ ᠪᠦᠲᠦᠭᠡᠯ᠎ᠢ ᠳᠡᠯᠭᠡᠷᠡᠭᠦᠯᠬᠦ
ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠴᠢᠬᠤᠯᠠ ᠮᠡᠳᠡᠭᠡᠳ᠋ᠤ ᠠᠩᠬᠠᠷᠤᠯ ᠵᠢᠨᠨ ᠲᠥᠪᠯᠡᠷᠡᠭᠦᠯᠬᠦ᠂
ᠬᠠᠮᠵᠢᠯᠴᠠᠨ ᠬᠥᠮᠥᠨ ᠬᠥᠮᠥᠵᠢᠭᠦᠯᠬᠦ᠂ ᠬᠠᠮᠲᠤᠷᠠᠨ ᠰᠢᠨ᠎ᠡ᠎ᠶᠢ ᠡᠭᠦᠳᠬᠦ᠂ ᠵᠠᠯᠠᠭᠤᠴᠤᠳ ᠪᠠᠭᠠᠴᠤᠳ᠎ᠤᠨ ᠰᠣᠯᠢᠯᠴᠠᠭ᠎ᠠ
ᠵᠡᠷᠭᠡ ᠪᠤᠯᠤᠩ ᠭᠠᠷᠭᠠᠵᠤ᠂ ᠡᠯ᠎ᠡ ᠲᠠᠯ᠎ᠠ᠎ᠶᠢᠨ ᠡᠷᠬᠡ ᠰᠦᠷᠲᠦ ᠮᠡᠳᠡᠭᠡ ᠵᠠᠩᠭᠢ ᠪᠠ ᠠᠭᠤᠯᠭ᠎ᠠ᠎ᠶᠢᠨ ᠡᠬᠢ ᠪᠠᠶᠠᠯᠢᠭ᠋᠎ᠢ ᠬᠤᠷᠠᠮᠳᠤᠭᠤᠯᠤᠨ᠂ ᠰᠤᠷᠭᠠᠨ ᠬᠥᠮᠦᠵᠢᠯ᠎ᠦᠨ ᠣᠨ᠎ᠤ ᠬᠤᠭᠤᠴᠠᠭᠠᠨ᠎ᠳᠠᠬᠢ ᠬᠣᠶᠠᠷ ᠤᠯᠤᠰ᠎ᠤᠨ ᠰᠤᠷᠭᠠᠨ ᠬᠥᠮᠦᠵᠢᠯ᠎ᠦᠨ
ᠬᠠᠮᠲᠤᠷᠠᠯᠴᠠᠭ᠎ᠠ ᠪᠠ ᠰᠣᠶᠣᠯ ᠢᠷᠭᠡᠨᠰᠢᠯ᠎ᠤᠨ ᠰᠣᠯᠢᠯᠴᠠᠭᠠᠨ᠎ᠤ ᠴᠣᠭ ᠵᠢᠪᠬᠤᠭ᠎ᠠ ᠪᠠ ᠬᠥᠳᠡᠯᠦᠯ ᠪᠠᠢᠳᠠᠯ᠎ᠢ
ᠪᠥᠬᠥ ᠲᠠᠯ᠎ᠠ᠎ᠪᠠᠷ ᠳᠡᠯᠭᠡᠨ ᠦᠵᠡᠭᠦᠯᠬᠦ ᠪᠤᠯᠤᠨ᠎ᠡ᠃
ᠠᠯᠪᠠᠨ ᠰᠦᠯᠵᠢᠶ᠎ᠡ ᠨᠢ ᠬᠣᠶᠠᠷ ᠤᠯᠤᠰ᠎ᠤᠨ
ᠰᠤᠷᠭᠠᠨ ᠬᠥᠮᠦᠵᠢᠯ ᠵᠡᠷᠭᠡ ᠡᠯ᠎ᠡ ᠬᠦᠷᠢᠶᠡᠨ᠎ᠳᠡᠬᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠂ ᠵᠠᠯᠠᠭᠤᠴᠤᠳ᠎ᠤᠨ
ᠬᠠᠷᠢᠯᠴᠠᠨ ᠰᠤᠷᠤᠯᠴᠠᠵᠤ ᠲᠣᠯᠢᠳᠠᠬᠤ᠎ᠶᠢ ᠠᠬᠢᠭᠤᠯᠬᠤ᠂ ᠠᠷᠠᠳ ᠣᠯᠠᠨ᠎ᠤ ᠨᠥᠬᠥᠷᠯᠡᠯ᠎ᠢ ᠭᠦᠨᠵᠡᠭᠡᠢᠷᠡᠭᠦᠯᠬᠦ᠎ᠳᠦ
ᠢᠳᠡᠪᠬᠢᠲᠡᠢ ᠦᠢᠯᠡᠳᠦᠯ ᠦᠵᠡᠭᠦᠯᠬᠦ ᠪᠣᠯᠣᠨ᠎ᠠ᠃ ᠳᠠᠷᠠᠭᠠᠴᠢ ᠵᠢᠨ ᠠᠯᠬᠤᠮ ᠳ᠋ᠤ᠂ ᠠᠯᠪᠠᠨ ᠰᠦᠯᠵᠢᠶ᠎ᠡ ᠨᠢ ᠪᠠᠰᠠ
ᠵᠠᠯᠭᠠᠭ᠎ᠠ᠎ᠪᠠᠷ ᠰᠢᠨ᠎ᠡ ᠵᠠᠭᠤᠴᠢᠯᠠᠭᠤᠷ᠎ᠤᠨ ᠠᠵᠢᠯᠯᠠᠭ᠎ᠠ᠂ ᠰᠦᠯᠵᠢᠶᠡᠨ ᠳᠡᠭᠡᠷᠡᠬᠢ ᠬᠢᠲᠠᠳ ᠬᠡᠯᠡᠨ᠎ᠦ ᠰᠤᠷᠤᠯᠴᠠᠯᠭ᠎ᠠ
ᠵᠡᠷᠭᠡ ᠪᠤᠯᠤᠩ᠎ᠢ ᠭᠠᠷᠭᠠᠵᠤ᠂ ᠬᠡᠷᠡᠭᠯᠡᠭᠴᠢ᠎ᠶᠢᠨ ᠪᠡᠶᠡᠴᠢ ᠣᠢᠯᠠᠭᠠᠯᠲᠠ᠎ᠶᠢ ᠤᠯᠠᠮ ᠨᠢᠭᠡ ᠠᠯᠬᠤᠮ ᠪᠠᠶᠠᠯᠢᠭ᠍ᠵᠢᠭᠤᠯᠬᠤ
ᠪᠣᠯᠣᠨ᠎ᠠ᠃
ᠢᠷᠡᠯᠲᠡ᠄ ᠳᠤᠮᠳᠠᠳᠤ ᠤᠯᠤᠰ᠎ᠤᠨ
ᠰᠣᠨᠢᠨ ᠮᠡᠳᠡᠭᠡᠨ᠎ᠦ ᠰᠦᠯᠵᠢᠶ᠎ᠡ