ᠾᠧ ᠯᠢ ᠹᠧᠩ ᠥᠪᠥᠷ ᠮᠣᠩᠭᠣᠯ᠎ᠳᠤ ᠪᠠᠢᠴᠠᠭᠠᠨ ᠰᠤᠳᠤᠯᠬᠤ ᠳ᠋ᠠᠭᠠᠨ ᠵᠢᠭᠠᠵᠤ ᠭᠠᠷᠭᠠᠭᠰᠠᠨ ᠨᠢ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠴᠢᠨᠠᠷ ᠰᠠᠢᠲᠠᠢ ᠪᠦᠲᠦᠭᠡᠨ ᠪᠠᠢᠭᠤᠯᠵᠤ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠲᠦᠷᠭᠡᠨ ᠪᠠᠶ᠋ᠢᠭᠤᠯᠬᠤ ᠬᠡᠷᠡᠭᠲᠡᠢ
2026-07-18 11:09:04
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶᠢᠨ ᠲᠣᠪᠴᠢᠶᠠᠨ᠎ᠤ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠢᠳ ᠾᠧ ᠯᠢ ᠹᠧᠩ 7 ᠰᠠᠷ᠎ᠠ᠎ᠶᠢᠨ 14 ᠡᠴᠡ 16᠎ᠤ᠋ ᠡᠳᠦᠷ ᠪᠤᠯᠳᠠᠯ᠎ᠠ ᠥᠪᠦᠷ ᠮᠤᠩᠭᠤᠯ᠎ᠳᠦ ᠭᠠᠳᠠᠭᠠᠳᠤ ᠠᠵᠤ ᠠᠬᠤᠢ ᠠᠷᠠᠯᠵᠢᠶ᠎ᠠ ᠵᠢᠨ ᠠᠵᠢᠯ᠎ᠢ ᠪᠠᠢᠴᠠᠭᠠᠨ ᠰᠤᠳᠤᠯᠵᠠᠢ᠃ ᠾᠧ ᠯᠢ ᠹᠧᠩ᠂ ᠶᠡᠷᠦᠩᠬᠡᠢ ᠱᠦᠵᠢ ᠰᠢ᠎ᠶᠢᠨ ᠫᠢᠩ᠎ᠤ᠋ᠨ ᠥᠪᠥᠷ ᠮᠣᠩᠭᠣᠯ᠎ᠤᠨ ᠠᠵᠢᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠴᠢᠨᠠᠷ ᠰᠠᠢᠲᠠᠢ ᠪᠦᠲᠦᠭᠡᠨ ᠪᠠᠢᠭᠤᠯᠵᠤ᠂ ᠬᠢᠯᠢ ᠵᠢᠨ ᠪᠣᠭᠣᠮᠲᠠ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠴᠢᠩᠭᠠᠳᠬᠠᠵᠤ᠂ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶᠢ ᠳᠠᠰᠤᠷᠠᠯᠳᠠ ᠦᠭᠡᠢ ᠭᠦᠨᠵᠡᠭᠡᠢᠷᠡᠭᠦᠯᠵᠦ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠲᠦᠷᠭᠡᠨ ᠪᠠᠶ᠋ᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠾᠧ ᠯᠢ ᠹᠧᠩ ᠤᠷᠢᠳ ᠬᠣᠵᠢᠳ ᠳᠤᠮᠳᠠᠳᠤ ᠤᠯᠤᠰ (ᠥᠪᠥᠷ ᠮᠣᠩᠭᠣᠯ)᠎ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠮᠠᠨᠵᠤᠤᠷ᠎ᠤᠨ ᠬᠡᠰᠡᠭ ᠪᠣᠯᠣᠨ ᠬᠠᠢᠯᠠᠷ ᠵᠡᠷᠭᠡ ᠭᠠᠵᠠᠷ᠎ᠲᠤ ᠬᠦᠷᠴᠦ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠪᠠ ᠠᠵᠤ ᠠᠬᠤᠢ᠎ᠶᠢᠨ ᠨᠡᠭᠡᠭᠡᠯᠳᠡ ᠵᠢᠨ ᠲᠤᠭᠤᠷᠢᠬ᠎ᠤᠨ ᠪᠦᠲᠦᠭᠡᠨ ᠪᠠᠢᠭᠤᠯᠤᠯᠲᠠ᠂ ᠲᠡᠮᠦᠷ ᠵᠠᠮ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠶᠢᠨ ᠪᠣᠭᠣᠮᠲᠠ ᠥᠩᠭᠡᠷᠡᠬᠦ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠡᠵᠡᠩᠨᠡᠯᠲᠡ᠂ ᠡᠬᠡ ᠬᠠᠭᠤᠷᠠᠢ᠎ᠶᠢᠨ ᠭᠠᠷᠠᠮ᠎ᠤᠨ ᠤᠯᠠᠨ ᠤᠯᠤᠰ᠎ᠤᠨ ᠪᠠᠷᠠᠭᠠᠨ᠎ᠤ ᠭᠦᠢᠯᠭᠡᠭᠡᠨ᠎ᠦ ᠲᠥᠪ᠎ᠦᠨ ᠬᠥᠭᠵᠢᠯᠲᠡ ᠵᠡᠷᠭᠡ ᠠᠵᠢᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠵᠤ᠂ ᠬᠣᠯᠪᠣᠭᠳᠠᠯ ᠪᠦᠬᠦᠢ ᠭᠠᠳᠠᠭᠠᠳᠤ ᠠᠵᠤ ᠠᠬᠤᠢ ᠠᠷᠠᠯᠵᠢᠶ᠎ᠠ ᠪᠠ ᠦᠢᠯᠡᠳᠬᠦ ᠦᠢᠯᠡᠰ᠎ᠦᠨ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠂ ᠭᠠᠳᠠᠭᠠᠳᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ ᠵᠡᠷᠭᠡ ᠪᠠᠢᠳᠠᠯ᠎ᠢ ᠭᠦᠨᠵᠡᠭᠡᠢ ᠣᠢᠯᠠᠭᠠᠪᠠ᠃

ᠾᠧ ᠯᠢ ᠹᠧᠩ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠪᠥᠲᠥᠬᠡᠨ ᠪᠠᠶ᠋ᠢᠭᠤᠯᠬᠤ ᠪᠣᠯ ᠤᠯᠤᠰ᠎ᠤᠨ ᠭᠠᠳᠠᠭᠠᠳᠤ ᠨᠡᠭᠡᠭᠡᠯᠲᠡ᠎ᠶᠢᠨ ᠪᠠᠢᠷᠢᠰᠢᠯ᠎ᠢ ᠲᠡᠭᠦᠯᠳᠡᠷᠵᠢᠭᠦᠯᠬᠦ᠂ ᠤᠮᠠᠷᠠᠰᠢ ᠨᠡᠭᠡᠭᠡᠯᠲᠡ ᠬᠢᠬᠦ ᠲᠠᠪᠴᠠᠩ᠎ᠤᠨ ᠠᠴᠢᠶᠠᠯᠠᠪᠤᠷᠢ᠎ᠶᠢ ᠪᠡᠬᠢᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠠᠰᠢᠭ᠍ᠲᠠᠢ ᠠᠵᠠ ᠲᠣᠭᠢᠶᠠᠯ᠎ᠢ ᠠᠮᠵᠢᠵᠤ᠂ ᠪᠠᠢᠭᠤᠯᠤᠯ ᠲᠣᠭᠲᠠᠴᠠ᠎ᠶᠢᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠤᠯᠠᠨ ᠲᠠᠯᠠᠲᠤ ᠪᠠ ᠬᠣᠶᠠᠷ ᠲᠠᠯᠠᠲᠤ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ 《ᠨᠢᠭᠡ ᠪᠦᠰᠡ ᠨᠢᠭᠡ ᠵᠠᠮ》 ᠢ᠋ ᠬᠠᠮᠲᠤ ᠪᠠᠷ ᠪᠦᠲᠦᠭᠡᠨ ᠪᠠᠶ᠋ᠢᠭᠤᠯᠬᠤ ᠪᠠ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠶᠢᠨ ᠭᠦᠨᠵᠡᠭᠡᠢᠷᠡᠨ ᠪᠣᠳᠠᠲᠠᠢᠵᠢᠬᠤ᠎ᠶᠢ ᠠᠬᠢᠭᠤᠯᠬᠤ ᠬᠡᠷᠡᠭᠲᠡᠢ᠃ ᠥᠨᠳᠥᠷ ᠲᠦᠪᠰᠢᠨ ᠪᠦᠬᠦᠢ ᠬᠣᠯᠪᠣᠯᠳᠤᠨ ᠨᠡᠪᠲᠡᠷᠡᠯᠴᠡᠬᠦ ᠲᠤᠤᠷ᠎ᠢ ᠲᠦᠷᠭᠡᠨ ᠪᠠᠢᠭᠤᠯᠵᠤ᠂ ᠲᠡᠮᠦᠷ ᠵᠠᠮ ᠵᠠᠰᠠᠮᠠᠯ ᠵᠠᠮ᠎ᠤᠨ ᠤᠯᠠᠨ ᠭᠡᠯᠪᠡᠷᠢ᠎ᠶᠢᠨ ᠬᠠᠮᠲᠤᠷᠠᠭᠰᠠᠨ ᠲᠡᠭᠡᠭᠡᠪᠦᠷᠢ᠎ᠶᠢᠨ ᠦᠢᠯᠡᠴᠢᠯᠡᠭᠡ᠎ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ᠂ ᠬᠢᠯᠢ ᠵᠢᠨ ᠪᠣᠭᠣᠮᠲᠠ᠎ᠪᠠᠷ ᠥᠩᠭᠡᠷᠡᠬᠦ ᠶᠡᠷᠦᠩᠬᠡᠢᠯᠡᠭᠰᠡᠨ ᠦᠢᠯᠡᠴᠢᠯᠡᠭᠡᠨ᠎ᠦ ᠴᠢᠳᠠᠪᠬᠢ᠎ᠶᠢ ᠳᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠂ ᠡᠬᠡ ᠬᠠᠭᠤᠷᠠᠢ᠎ᠶᠢᠨ ᠭᠠᠷᠠᠮ᠎ᠤᠨ ᠤᠯᠠᠨ ᠤᠯᠤᠰ᠎ᠤᠨ ᠪᠠᠷᠠᠭᠠᠨ᠎ᠤ ᠭᠦᠢᠯᠭᠡᠭᠡᠨ᠎ᠦ ᠲᠥᠪ ᠵᠡᠷᠭᠡ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠣᠯᠣᠨ ᠬᠢᠯᠢ ᠠᠯᠤᠰᠯᠠᠭᠰᠠᠨ ᠪᠠᠷᠠᠭᠠᠨ᠎ᠤ ᠭᠦᠢᠯᠭᠡᠭᠡᠨ᠎ᠦ ᠬᠥᠭᠵᠢᠯᠲᠡ᠎ᠶᠢ ᠢᠳᠡᠪᠬᠢᠲᠡᠢ ᠠᠬᠢᠭᠤᠯᠵᠤ᠂ ᠨᠡᠪᠲᠡᠷᠡᠯ ᠵᠠᠮ᠎ᠤᠨ ᠠᠵᠤ ᠠᠬᠤᠢ᠎ᠡᠴᠡ ᠬᠦᠢᠰᠦ ᠠᠵᠤ ᠠᠬᠤᠢ ᠪᠣᠯᠣᠨ ᠠᠵᠤ ᠦᠢᠯᠡᠰ᠎ᠦᠨ ᠠᠵᠤ ᠠᠬᠤᠢ ᠲᠡᠢᠰᠢ ᠲᠡᠰ ᠳᠡᠪᠰᠢᠬᠦ᠎ᠶᠢ ᠴᠢᠨᠠᠭᠰᠢᠳᠠ ᠠᠬᠢᠭᠤᠯᠬᠤ ᠬᠡᠷᠡᠭᠲᠡᠢ᠃ ᠰᠢᠯᠭᠠᠨ ᠪᠠᠢᠴᠠᠭᠠᠬᠤ ᠬᠢᠵᠢᠭ ᠪᠠᠢᠴᠠᠭᠠᠬᠤ᠂ ᠲᠣᠭ᠎ᠠ ᠪᠠᠷᠢᠮᠲᠠ᠎ᠶᠢᠨ ᠬᠢᠯᠢ ᠠᠯᠤᠰᠯᠠᠬᠤ ᠵᠡᠷᠭᠡ ᠭᠣᠣᠯᠳᠠᠯᠭ᠎ᠠ᠎ᠲᠠᠢ ᠬᠦᠷᠢᠶᠡᠨ᠎ᠦ ᠠᠶᠤᠯ ᠲᠦᠭᠰᠢᠭᠦᠷᠢ᠎ᠶᠢ ᠢᠯᠭᠠᠨ ᠲᠠᠨᠢᠵᠤ ᠰᠡᠷᠭᠡᠢᠯᠡᠨ ᠡᠵᠡᠮᠳᠡᠬᠦ ᠠᠵᠢᠯ᠎ᠢ ᠦᠨᠡᠨ ᠬᠦ᠌ ᠰᠠᠢᠲᠤᠷ ᠬᠢᠵᠦ᠂ ᠥᠨᠳᠥᠷ ᠲᠦᠪᠰᠢᠨ ᠪᠦᠬᠦᠢ ᠨᠡᠭᠡᠭᠡᠯᠲᠡ᠎ᠲᠠᠢ ᠵᠣᠬᠢᠴᠠᠭᠰᠠᠨ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠰᠢᠰᠲᠧᠮ᠎ᠢ ᠪᠠᠢᠭᠤᠯᠤᠨ ᠪᠦᠷᠢᠨᠰᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠾᠧ ᠯᠢ ᠹᠧᠩ᠂ ᠡᠬᠢ ᠪᠠᠶᠠᠯᠢᠭ᠋᠎ᠤᠨ ᠳᠠᠪᠠᠭᠤᠯᠢᠭ᠋ ᠪᠣᠯᠣᠨ ᠣᠷᠣᠨ ᠪᠠᠢᠷᠢ᠂ ᠮᠡᠷᠭᠡᠵᠢᠯ ᠵᠡᠷᠭᠡ ᠳᠠᠪᠠᠭᠤᠯᠢᠭ᠋᠎ᠲᠠᠭᠠᠨ ᠲᠦᠰᠢᠭᠯᠡᠵᠦ᠂ ᠪᠣᠬᠢᠷᠳᠤᠯ ᠦᠭᠡᠢ ᠪᠤᠯᠭᠠᠬᠤ ᠪᠠ ᠣᠶᠤᠨᠴᠢᠯᠠᠭᠰᠠᠨ ᠥᠭᠡᠷᠡᠴᠢᠯᠡᠯᠲᠡ᠎ᠶᠢ ᠳᠠᠰᠤᠷᠠᠯᠳᠠ ᠦᠭᠡᠢ ᠠᠬᠢᠭᠤᠯᠵᠤ᠂ ᠥᠩᠭᠡᠲᠦ ᠲᠡᠮᠦᠷᠯᠢᠭ᠂ ᠲᠣᠨᠣᠭᠯᠠᠯ ᠦᠢᠯᠡᠳᠬᠦ ᠵᠡᠷᠭᠡ ᠠᠵᠤ ᠦᠢᠯᠡᠰ᠎ᠦᠨ ᠭᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠬᠦ᠎ᠶᠢ ᠲᠦᠷᠭᠡᠳᠬᠡᠵᠦ᠂ ᠪᠣᠬᠢᠷᠳᠤᠯ ᠦᠭᠡᠢ ᠴᠠᠭᠢᠯᠭᠠᠨ ᠬᠦᠴᠦᠨ ᠪᠣᠯᠣᠨ ᠪᠣᠳᠣᠯᠲᠠ ᠵᠢᠨ ᠬᠦᠴᠦᠨ ᠴᠠᠭᠢᠯᠭᠠᠨ᠎ᠢ ᠬᠠᠮᠵᠢᠯᠴᠠᠨ ᠬᠥᠭᠵᠢᠭᠦᠯᠵᠦ ᠲᠤᠬᠠᠢ᠎ᠶᠢᠨ ᠭᠠᠵᠠᠷ ᠲᠤᠨᠢ ᠰᠢᠩᠭᠡᠭᠡᠬᠦ ᠪᠣᠯᠣᠮᠵᠢᠲᠠᠢ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠦᠢᠯᠡᠳᠬᠦ ᠦᠢᠯᠡᠰ᠎ᠢᠶᠡᠷ ᠰᠠᠭᠤᠷᠢ ᠪᠣᠯᠭᠠᠨ ᠪᠣᠳᠠᠲᠤ ᠴᠣᠭᠴᠠ᠎ᠶᠢᠨ ᠠᠵᠤ ᠠᠬᠤᠢ᠎ᠶᠢ ᠦᠷᠭᠦᠯᠵᠢᠯᠡᠨ ᠬᠥᠭᠵᠢᠭᠦᠯᠵᠦ᠂ ᠦᠢᠯᠡᠳᠬᠦ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠶᠡᠬᠡ ᠪᠡᠷ ᠳᠡᠮᠵᠢᠵᠦ᠂ ᠦᠢᠯᠡᠴᠢᠯᠡᠭᠡᠨ᠎ᠦ ᠦᠢᠯᠡᠰ᠎ᠦᠨ ᠴᠢᠳᠠᠪᠬᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠭᠦ᠎ᠶᠢ ᠠᠬᠢᠭᠤᠯᠵᠤ᠂ ᠠᠵᠤ ᠠᠬᠤᠢ᠎ᠶᠢᠨ ᠲᠣᠭᠲᠠᠭᠤᠨ ᠡᠷᠬᠢᠯᠲᠠ᠂ ᠰᠢᠨ᠎ᠡ ᠰᠢᠯᠢᠳᠡᠭ ᠲᠡᠢᠰᠢ ᠬᠥᠭᠵᠢᠬᠦ᠎ᠶᠢ ᠪᠦᠭᠦ ᠬᠦᠴᠦᠨ᠎ᠢᠶᠡᠷ᠎ᠢᠶᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

 (ᠰᠢᠨᠬᠤᠸᠠ ᠬᠣᠷᠢᠶ᠎ᠠ ᠵᠢᠨ ᠭᠦᠭᠡᠬᠣᠲᠠ᠎ᠶᠢᠨ 7 ᠰᠠᠷ᠎ᠠ᠎ᠶᠢᠨ 17 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号