ᠤᠯᠠᠭᠠᠨᠬᠠᠳᠠ ᠬᠣᠲᠠ᠎ᠶᠢᠨ ᠯᠤᠤᠬ᠎ᠠ᠎ᠶᠢᠨ ᠭᠤᠤᠯ᠎ᠢ ᠵᠠᠰᠠᠬᠤ ᠢᠨᠵᠧᠨᠧᠷᠢᠩ᠎ᠦᠨ ᠬᠣᠯᠪᠣᠭᠳᠠᠯ ᠪᠥᠬᠥᠶ ᠪᠠᠶ᠋ᠢᠳᠠᠯ ᠎ᠤᠨ ᠲᠤᠬᠠᠶ ᠲᠣᠳᠣᠷᠬᠠᠶ᠋ᠢᠯᠠᠯᠲᠠ
2026-07-18 12:01:18
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠠᠭᠠᠨᠬᠠᠳᠠ ᠬᠣᠲᠠ᠎ᠶᠢᠨ ᠯᠤᠤᠬ᠎ᠠ ᠎ᠶᠢᠨ ᠭᠤᠤᠯ᠎ᠢ ᠵᠠᠰᠠᠬᠤ ᠢᠨᠵᠧᠨᠧᠷᠢᠩ᠎ᠦᠨ ᠬᠣᠯᠪᠣᠭᠳᠠᠯ ᠪᠥᠬᠥᠶ ᠪᠠᠶ᠋ᠢᠳᠠᠯ᠎ᠤᠨ ᠲᠤᠬᠠᠶ ᠲᠣᠳᠣᠷᠬᠠᠶ᠋ᠢᠯᠠᠯᠲᠠ


ᠣᠶ᠋ᠢᠷ᠎ᠠ᠎ᠳᠤ᠂ 《ᠤᠯᠠᠭᠠᠨᠬᠠᠳᠠ᠎ᠶᠢᠨ ᠴᠧᠩ ᠠᠬ᠎ᠠ》 ᠵᠡᠷᠭᠡ ᠬᠡᠰᠡᠭ ᠰᠦᠯᠵᠢᠶᠡᠨ ᠠᠰᠢᠬᠯᠠᠭᠴᠢᠳ ᠥᠨᠥᠳᠦᠷ᠎ᠦᠨ ᠲᠦᠷᠦᠭᠦᠦ ᠵᠤᠷᠪᠤᠰ᠂ ᠴᠤᠤᠷᠢᠶ᠎ᠠ᠂ ᠪᠤᠰᠢᠭᠤ ᠭᠠᠷ ᠵᠡᠷᠭᠡ ᠰᠦᠯᠵᠢᠶᠡᠨ᠎ᠦ ᠲᠠᠪᠴᠠᠩ᠎ᠢᠶᠠᠷ ᠳᠠᠮᠵᠢᠭᠤᠯᠤᠨ᠂ 《ᠯᠤᠤᠬ᠎ᠠ᠎ᠶᠢᠨ ᠭᠤᠤᠯ᠎ᠤᠨ ᠵᠠᠰᠠᠯᠲᠠ᠎ᠶᠢᠨ ᠢᠨᠵᠧᠨᠧᠷᠢᠩ᠎ᠦᠨ ᠶᠡᠷᠦᠩᠬᠡᠶ ᠪᠠᠯᠠ ᠣᠷᠣᠭᠤᠯᠤᠯᠲᠠ 38.1 ᠳ᠋ᠦᠩᠰᠢᠭᠤᠷ ᠲᠥᠭᠥᠷᠢᠭ᠂ ᠪᠠᠷᠢᠯᠭ᠎ᠠ᠎ᠶᠢᠨ ᠬᠤᠭᠤᠴᠠᠭ᠎ᠠ᠎ᠨᠢ 2026 ᠣᠨ᠎ᠤ 6 ᠰᠠᠷ᠎ᠠ᠎ᠠᠴᠠ 12 ᠰᠠᠷ᠎ᠠ ᠪᠣᠯᠲᠠᠯ᠎ᠠ᠂ ᠨᠢᠩᠴᠧᠩ ᠰᠢᠶᠠᠨ᠂ ᠬᠠᠷᠠᠴᠢᠨ ᠬᠣᠰᠢᠭᠤ᠂ ᠶᠤᠸᠠᠨ ᠪᠦᠦ ᠱᠠᠨ ᠳᠤᠭᠤᠷᠢᠭ᠂ ᠠᠤᠬᠠᠨ ᠬᠤᠰᠢᠭᠤ ᠳᠠᠭᠠᠤ᠎ᠶᠢᠨ ᠭᠤᠤᠯ᠎ᠤᠨ ᠵᠠᠮ᠎ᠢ ᠨᠢᠭᠡᠳᠦᠯᠲᠡᠶ ᠰᠡᠯᠪᠢᠨ ᠵᠠᠰᠠᠵᠤ᠂ ᠰᠢᠪᠠᠷ ᠰᠢᠷᠣᠶ᠎ᠶᠢ ᠴᠡᠪᠡᠷᠯᠡᠬᠦ᠌᠂ ᠬᠠᠰᠢᠯᠭ᠎ᠠ ᠳᠠᠯᠠᠩ᠎ᠢ ᠪᠡᠬᠢᠵᠢᠭᠦᠯᠬᠦ᠌ ᠵᠡᠷᠭᠡ ᠢᠨᠵᠧᠨᠧᠷᠢᠩ᠎ᠦᠨ ᠪᠥᠲᠥᠭᠡᠨ ᠪᠠᠶ᠋ᠢᠭᠤᠯᠤᠯᠲᠠ ᠥᠷᠨᠢᠭᠦᠯᠬᠦ᠌》 ᠭᠡᠰᠡᠨ ᠦᠨᠡᠨ  ᠪᠣᠳᠠᠲᠠᠶ ᠪᠤᠰᠤ ᠮᠡᠳᠡᠭᠡ ᠵᠠᠩᠭᠢ᠎ᠶᠢ ᠳᠠᠮᠵᠢᠭᠤᠯᠪᠠ᠃


QQ截图20260718120637.png


ᠡᠨᠳᠡ᠂ ᠤᠯᠠᠭᠠᠨᠬᠠᠳᠠ ᠬᠣᠲᠠ᠎ᠶᠢᠨ ᠤᠰᠤᠨ ᠠᠰᠢᠭᠯᠠᠯᠲᠠ᠎ᠶᠢᠨ ᠲᠣᠪᠴᠢᠶ᠎ᠠ ᠥᠷᠭᠡᠨ ᠣᠯᠠᠨ ᠬᠣᠲᠠ᠎ᠶᠢᠨ ᠠᠷᠠᠳ᠎ᠲᠤ᠌ ᠳᠤᠤᠷᠠᠬᠢ ᠮᠡᠲᠦ᠍ ᠲᠣᠳᠣᠷᠬᠠᠶ᠋ᠢᠯᠠᠯᠲᠠ ᠬᠢᠪᠠ᠄ ᠳᠡᠭᠡᠷ᠎ᠡ ᠳᠤᠷᠠᠳᠤᠭᠰᠠᠨ ᠪᠠᠯᠠ ᠣᠷᠣᠭᠤᠯᠤᠯᠲᠠ᠎ᠶᠢᠨ ᠵᠣᠭᠣᠰ᠎ᠤᠨ ᠲᠣᠭ᠎ᠠ᠂ ᠪᠣᠳᠠᠲᠠᠶ ᠪᠠᠷᠢᠯᠭ᠎ᠠ᠎ᠶᠢᠨ ᠬᠤᠭᠤᠴᠠᠭ᠎ᠠ᠂ ᠪᠥᠲᠥᠭᠡᠨ ᠪᠠᠶ᠋ᠢᠭᠤᠯᠤᠯᠲᠠ᠎ᠶᠢᠨ ᠠᠭᠤᠯᠭ᠎ᠠ ᠵᠡᠷᠭᠡ ᠨᠢ ᠴᠥᠮ ᠦᠨᠡᠨ ᠪᠣᠳᠠᠲᠠᠶ ᠪᠤᠰᠤ ᠮᠡᠳᠡᠭᠡ ᠵᠠᠩᠭᠢ᠎ᠳᠤ ᠬᠠᠷᠢᠶᠠᠯᠠᠭᠳᠠᠨ᠎ᠠ!ᠣᠳᠣᠬᠠᠨ᠎ᠳᠤ ᠯᠤᠤᠬ᠎ᠠ᠎ᠶᠢᠨ ᠭᠤᠤᠯ᠎ᠤᠨ ᠵᠠᠰᠠᠯᠲᠠ᠎ᠶᠢᠨ ᠢᠨᠵᠧᠨᠧᠷᠢᠩ ᠶᠠᠭ ᠡᠮᠦᠨᠡᠬᠢ ᠬᠤᠭᠤᠴᠠᠭᠠᠨ᠎ᠤ ᠲᠥᠯᠥᠪᠵᠢᠭᠦᠯᠭᠡ᠎ᠶᠢᠨ ᠨᠤᠲᠠᠯᠠᠯᠲᠠ᠎ᠶᠢᠨ ᠱᠠᠲᠤᠨ᠎ᠳᠤ ᠣᠷᠣᠰᠢᠵᠤ᠂ ᠬᠠᠮᠤᠭ ᠡᠴᠦᠰ᠎ᠦᠨ ᠲᠥᠰᠦᠯ᠎ᠢ ᠬᠠᠷᠠᠬᠠᠨ ᠨᠠᠶ᠋ᠢᠷᠠᠭᠤᠯᠤᠨ ᠵᠣᠬᠢᠶᠠᠵᠤ ᠳᠠᠭᠤᠰᠤᠭ᠎ᠠ ᠥᠬᠡᠶ ᠪᠠᠶ᠋ᠢᠵᠤ᠂ ᠬᠠᠮᠢᠶ᠎ᠠ ᠪᠥᠬᠥᠶ ᠪᠥᠲᠥᠭᠡᠨ ᠪᠠᠶ᠋ᠢᠭᠤᠯᠤᠯᠲᠠ᠎ᠶᠢᠨ ᠠᠭᠤᠯᠭ᠎ᠠ᠂ ᠪᠠᠯᠠ ᠣᠷᠣᠭᠤᠯᠤᠯᠲᠠ᠎ᠶᠢᠨ ᠬᠡᠪᠴᠢᠶ᠎ᠡ᠂ ᠬᠡᠷᠡᠭᠵᠢᠭᠦᠯᠬᠦ᠌ ᠴᠠᠭ᠎ᠤᠨ ᠳᠠᠷᠠᠭᠠᠯᠠᠯ᠎ᠢ ᠴᠥᠮ ᠤᠯᠠᠮ ᠨᠢᠭᠡ ᠠᠯᠬᠤᠮ ᠰᠤᠳᠤᠯᠤᠨ ᠲᠡᠭᠦᠯᠳᠡᠷᠵᠢᠭᠦᠯᠵᠦ᠍ ᠪᠠᠶ᠋ᠢᠨ᠎ᠠ᠂ ᠲᠥᠰᠦᠯ᠎ᠢ ᠬᠢᠨᠠᠨ ᠵᠥᠪᠰᠢᠶᠡᠷᠡᠵᠦ᠍ ᠲᠣᠭᠲᠠᠭᠠᠭᠰᠠᠨ᠎ᠤ ᠳᠠᠷᠠᠭ᠎ᠠ᠂ ᠮᠠᠨ᠎ᠤ ᠲᠣᠪᠴᠢᠶ᠎ᠠ ᠠᠯᠪᠠᠨ ᠲᠠᠯ᠎ᠠ᠎ᠶᠢᠨ ᠠᠷᠭ᠎ᠠ ᠵᠠᠮ᠎ᠢᠶᠠᠷ ᠳᠠᠮᠵᠢᠭᠤᠯᠤᠨ ᠬᠠᠮᠢᠶ᠎ᠠ ᠪᠥᠬᠥᠶ ᠮᠡᠳᠡᠭᠡ ᠵᠠᠩᠭᠢ᠎ᠶᠢ ᠲᠡᠷᠡ ᠳᠠᠷᠤᠶ᠎ᠳᠤᠨᠢ ᠨᠡᠶ᠋ᠢᠭᠡᠮ ᠨᠡᠶ᠋ᠢᠲᠡ᠎ᠳᠦ ᠢᠯᠡ ᠨᠡᠶ᠋ᠢᠲᠡᠯᠡᠨ᠎ᠡ᠃ 2026 ᠣᠨ᠎ᠤ 4 ᠰᠠᠷ᠎ᠠ᠎ᠶᠢᠨ 1᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠡᠶ᠋ᠢᠲᠡᠯᠡᠭᠰᠡᠨ 《ᠥᠪᠥᠷ ᠮᠣᠩᠭᠣᠯ᠎ᠤᠨ ᠯᠤᠤᠬ᠎ᠠ ᠭᠤᠤᠯ᠎ᠤᠨ ᠭᠤᠤᠯᠳᠠᠯᠭ᠎ᠠ᠎ᠲᠠᠶ ᠳᠤᠮᠳᠠ ᠪᠠᠭ᠎ᠠ ᠭᠤᠤᠯ ᠮᠥᠷᠡᠨ᠎ᠦ ᠦᠶᠡᠷ᠎ᠢ ᠰᠡᠷᠭᠡᠶ᠋ᠢᠯᠡᠵᠦ᠍ ᠵᠠᠰᠠᠬᠤ ᠲᠥᠷᠥᠯ ᠵᠦᠢᠯ (ᠤᠯᠠᠭᠠᠨᠬᠠᠳᠠ᠎ᠶᠢᠨ ᠬᠡᠰᠡᠭ)᠎ᠤᠨ ᠪᠥᠲᠥᠭᠡᠨ ᠪᠠᠶ᠋ᠢᠭᠤᠯᠤᠯᠲᠠ᠎ᠶᠢᠨ ᠬᠡᠪᠴᠢᠶᠡᠨ᠎ᠳᠦ ᠰᠢᠨ᠎ᠡ᠎ᠪᠡᠷ ᠨᠡᠮᠡᠭᠳᠡᠭᠦᠯᠬᠦ᠌ ᠪᠥᠲᠥᠭᠡᠨ ᠪᠠᠶ᠋ᠢᠭᠤᠯᠤᠯᠲᠠ᠎ᠶᠢᠨ ᠲᠥᠷᠥᠯ ᠵᠦᠢᠯ ᠪᠠ ᠨᠡᠭᠦᠨ ᠣᠷᠣᠬᠤ ᠬᠥᠮᠦᠨ ᠠᠮᠠ᠎ᠶᠢ ᠴᠠᠭᠠᠵᠠᠯᠠᠬᠤ ᠲᠤᠬᠠᠶ ᠵᠠᠷᠯᠠᠯ》 ᠪᠣᠯ ᠯᠤᠤᠬ᠎ᠠ ᠵᠢᠨ ᠭᠤᠤᠯ᠎ᠤᠨ ᠵᠠᠰᠠᠯᠲᠠ᠎ᠶᠢᠨ ᠲᠥᠷᠥᠯ ᠵᠦᠢᠯ᠎ᠢ ᠬᠡᠷᠡᠭᠵᠢᠭᠦᠯᠬᠦ᠌᠎ᠡᠴᠡ ᠡᠮᠦᠨᠡᠬᠢ ᠬᠤᠭᠤᠴᠠᠭᠠᠨ᠎ᠤ ᠳᠠᠷᠠᠭᠠᠯᠠᠯ ᠪᠣᠯᠤᠨ᠎ᠠ᠂ ᠵᠥᠪᠬᠡᠨ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢᠨ ᠭᠠᠵᠠᠷ ᠲᠠᠲᠠᠪᠤᠷᠢᠯᠠᠬᠤ ᠬᠡᠪᠴᠢᠶ᠎ᠡ ᠪᠠ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠶᠢ ᠲᠣᠳᠣᠷᠬᠠᠶ᠋ᠢᠯᠠᠭᠰᠠᠨ᠎ᠠᠴᠠ ᠪᠢᠰᠢ᠂ ᠲᠥᠷᠥᠯ ᠵᠦᠢᠯ᠎ᠦᠨ ᠪᠠᠯᠠ ᠣᠷᠣᠭᠤᠯᠤᠯᠲᠠ᠂ ᠪᠥᠲᠥᠭᠡᠨ ᠪᠠᠶ᠋ᠢᠭᠤᠯᠤᠯᠲᠠ᠂ ᠪᠠᠷᠢᠯᠭ᠎ᠠ᠎ᠶᠢᠨ ᠬᠤᠭᠤᠴᠠᠭ᠎ᠠ ᠵᠡᠷᠭᠡ ᠪᠤᠰᠤᠳ ᠠᠭᠤᠯᠭ᠎ᠠ᠎ᠶᠢ ᠲᠣᠳᠣᠷᠬᠠᠶ᠋ᠢᠯᠠᠭᠰᠠᠨ ᠥᠬᠡᠶ ᠶᠤᠮ᠃ ᠣᠳᠣᠬᠠᠨ᠎ᠳᠤ ᠯᠤᠤᠬ᠎ᠠ᠎ᠶᠢᠨ ᠭᠤᠤᠯ ᠳᠠᠭᠠᠤ᠎ᠶᠢᠨ ᠪᠠᠷᠢᠯᠭ᠎ᠠ᠎ᠶᠢᠨ ᠲᠥᠷᠥᠯ ᠵᠦᠢᠯ᠎ᠨᠢ ᠯᠤᠤᠬ᠎ᠠ᠎ᠶᠢᠨ ᠭᠤᠤᠯ᠎ᠢ ᠵᠠᠰᠠᠬᠤ ᠢᠨᠵᠧᠨᠧᠷᠢᠩ᠎ᠦᠨ ᠠᠭᠤᠯᠭ᠎ᠠ ᠪᠢᠰᠢ᠂ ᠵᠥᠪᠬᠡᠨ ᠬᠡᠰᠡᠭ ᠬᠣᠰᠢᠭᠤ ᠰᠢᠶᠠᠨ ᠲᠣᠭᠣᠷᠢᠭ᠎ᠤᠨ ᠬᠡᠷᠡᠭᠵᠢᠭᠦᠯᠵᠦ᠍ ᠪᠠᠶ᠋ᠢᠭ᠎ᠠ ᠭᠤᠤᠯ᠎ᠤᠨ ᠵᠠᠮ᠎ᠤᠨ ᠦᠶᠡᠷ᠎ᠢ ᠰᠡᠷᠭᠡᠶ᠋ᠢᠯᠡᠬᠦ᠌ ᠵᠡᠷᠭᠡ ᠬᠠᠮᠢᠶ᠎ᠠ ᠪᠥᠬᠥᠶ ᠪᠠᠷᠢᠯᠭ᠎ᠠ ᠵᠢᠨ ᠳᠦᠷᠦᠯ ᠪᠣᠯᠤᠨ᠎ᠠ᠃

ᠥᠷᠭᠡᠨ ᠣᠯᠠᠨ ᠰᠦᠯᠵᠢᠶᠡᠴᠢᠳ ᠴᠤᠤᠷᠬᠠᠯ᠎ᠢ ᠢᠲᠡᠭᠡᠬᠦ᠌ ᠥᠬᠡᠶ᠂ ᠴᠤᠤᠷᠬᠠᠯ ᠲᠠᠷᠬᠠᠭᠠᠬᠤ ᠥᠬᠡᠶ᠂ ᠠᠯᠪᠠᠨ᠎ᠤ ᠲᠠᠯ᠎ᠠ᠎ᠶᠢᠨ ᠬᠢᠨᠠᠨ ᠬᠠᠷᠭᠤᠭᠤᠯᠤᠭᠰᠠᠨ ᠥᠬᠡᠶ ᠮᠡᠳᠡᠭᠡ ᠵᠠᠩᠭᠢ᠎ᠶᠢ ᠳᠤᠷ᠎ᠠ᠎ᠪᠠᠷ᠎ᠢᠶᠠᠨ ᠳᠠᠮᠵᠢᠭᠤᠯᠤᠨ ᠲᠠᠷᠬᠠᠭᠠᠬᠤ ᠥᠬᠡᠶ ᠪᠠᠶ᠋ᠢᠵᠤ᠂ ᠠᠷᠢᠭᠤᠨ ᠴᠢᠬᠡᠴᠢ ᠰᠦᠯᠵᠢᠶᠡᠨ᠎ᠦ ᠣᠷᠴᠢᠨ ᠳᠤᠭᠤᠷᠢᠨ᠎ᠢ ᠬᠠᠮᠲᠤ᠎ᠪᠠᠷ ᠬᠠᠮᠠᠭᠠᠯᠠᠭᠠᠷᠠᠶ ᠭᠡᠵᠡᠶ᠃ ᠬᠡᠷᠪᠡ ᠵᠠᠯᠭᠠᠭᠠᠳ ᠯᠤᠤᠬ᠎ᠠ᠎ᠶᠢᠨ ᠭᠤᠤᠯ᠎ᠤᠨ ᠵᠠᠰᠠᠯᠲᠠ᠎ᠶᠢᠨ ᠢᠨᠵᠧᠨᠧᠷᠢᠩ᠎ᠦᠨ ᠬᠠᠮᠤᠭ᠎ᠤᠨ ᠰᠢᠨ᠎ᠡ ᠠᠬᠢᠴᠠ᠎ᠶᠢ ᠣᠶ᠋ᠢᠯᠠᠭᠠᠬᠤ ᠴᠢᠬᠤᠯᠠᠲᠠᠶ ᠪᠣᠯ᠂ ᠣᠯᠠᠨ᠎ᠢᠶᠠᠷ᠎ᠢᠶᠠᠨ ᠤᠯᠠᠭᠠᠨᠬᠠᠳᠠ ᠬᠣᠲᠠ᠎ᠶᠢᠨ ᠤᠰᠤᠨ ᠠᠰᠢᠭᠯᠠᠯᠲᠠ᠎ᠶᠢᠨ ᠲᠣᠪᠴᠢᠶ᠎ᠠ᠎ᠶᠢᠨ ᠠᠯᠪᠠᠨ ᠲᠠᠯ᠎ᠠ᠎ᠶᠢᠨ ᠨᠡᠶ᠋ᠢᠲᠡᠯᠡᠭᠰᠡᠨ ᠬᠠᠮᠢᠶ᠎ᠠ ᠪᠥᠬᠥᠶ ᠠᠯᠪᠠᠨ ᠵᠠᠷᠯᠠᠯ᠎ᠢ ᠠᠩᠬᠠᠷᠤᠭᠠᠷᠠᠶ᠃ ᠦᠨᠡᠨ ᠪᠤᠰᠤ ᠮᠡᠳᠡᠭᠡ ᠵᠠᠩᠭᠢ᠎ᠶᠢ ᠵᠣᠬᠢᠶᠠᠵᠤ᠂ ᠳᠠᠮᠵᠢᠭᠤᠯᠵᠤ ᠣᠯᠠᠨ ᠨᠡᠶ᠋ᠢᠲᠡ᠎ᠶᠢᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠠᠵᠢᠯᠯᠠᠭ᠎ᠠ ᠡᠴᠠ ᠬᠣᠯᠪᠣᠭᠳᠠᠯ ᠪᠥᠬᠥᠶ ᠰᠠᠯᠠᠭ᠎ᠠ ᠮᠥᠴᠢᠷ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃

ᠤᠯᠠᠭᠠᠨᠬᠠᠳᠠ ᠬᠣᠲᠠ᠎ᠶᠢᠨ ᠤᠰᠤᠨ ᠠᠰᠢᠭᠯᠠᠯᠲᠠ᠎ᠶᠢᠨ ᠲᠣᠪᠴᠢᠶ᠎ᠠ

2026 ᠣᠨ᠎ᠤ 7 ᠰᠠᠷ᠎ᠠ᠎ᠶᠢᠨ 16 ᠎ᠤ ᠡᠳᠦᠷ


ᠢᠷᠡᠯᠲᠡ᠄ ᠦᠪᠦᠷ ᠮᠤᠡᠭᠭᠤᠯ᠎ᠤᠨ ᠰᠦᠯᠵᠢᠶᠠᠨ᠎ᠤ ᠢᠯᠡᠴᠢᠯᠡᠨ ᠮᠡᠳᠡᠭᠦᠯᠦᠯᠳᠠ ᠳᠠᠪᠴᠠᠡᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号