7 ᠰᠠᠷ᠎ᠠ ᠶ᠋ᠢᠨ 17 ᠤ᠋ ᠡᠳᠦᠷ᠂ ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ ᠡᠴᠡ ᠬᠤᠷᠠᠯᠳᠤᠭᠤᠯᠤᠬᠰᠠᠨ ᠰᠤᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠠᠭᠤᠷᠬᠠᠶ ᠶ᠋ᠢᠨ ᠠᠮᠤᠷ ᠲᠦᠪᠰᠢᠨ ᠤ᠋ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠂ ᠪᠠᠴᠢᠮ ᠪᠠᠶ᠋ᠢᠳᠠᠯ ᠢ᠋ ᠠᠷᠭᠠᠴᠠᠭᠠᠬᠤ ᠬᠠᠮᠢᠶᠠᠷᠤᠯᠲᠠ ᠶ᠋ᠢᠨ ᠲᠢᠩᠬᠢᠮ᠂ ᠪᠠᠶ᠋ᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ᠂ ᠡᠨᠧᠷᠭᠢ ᠶ᠋ᠢᠨ ᠲᠣᠪᠴᠢᠶ᠎ᠠ᠂ ᠤᠯᠤᠰ ᠤ᠋ᠨ ᠠᠭᠤᠷᠬᠠᠶ ᠶ᠋ᠢᠨ ᠠᠮᠤᠷ ᠲᠦᠪᠰᠢᠨ ᠤ᠋ ᠬᠢᠨᠠᠨ ᠪᠠᠶ᠋ᠢᠴᠠᠭᠠᠬᠤ ᠲᠣᠪᠴᠢᠶ᠎ᠠ ᠶ᠋ᠢᠨ ᠥᠪᠥᠷ ᠮᠣᠩᠭᠣᠯ ᠤ᠋ᠨ ᠲᠣᠪᠴᠢᠶ᠎ᠠ ᠬᠠᠮᠲᠤᠷᠠᠨ 《ᠨᠡᠭᠦᠷᠡᠰᠦᠨ ᠠᠭᠤᠷᠬᠠᠶ ᠶ᠋ᠢᠨ ᠠᠶᠤᠯᠭᠦᠢ ᠦᠢᠯᠡᠳᠪᠦᠷᠢᠯᠡᠯ ᠤ᠋ᠨ 〈ᠠᠷᠪᠠᠨ ᠵᠤᠷᠪᠤᠰ〉 ᠲᠣᠭᠲᠠᠭᠠᠯ》 ᠪᠣᠯᠤᠨ 《ᠨᠡᠭᠦᠷᠡᠰᠦᠨ ᠤ᠋ ᠪᠤᠰᠤ ᠠᠭᠤᠷᠬᠠᠶ ᠶ᠋ᠢᠨ ᠠᠶᠤᠯᠭᠦᠢ ᠦᠢᠯᠡᠳᠪᠦᠷᠢᠯᠡᠯ ᠤ᠋ᠨ 〈ᠠᠷᠪᠠᠨ ᠵᠤᠷᠪᠤᠰ〉 ᠲᠣᠭᠲᠠᠭᠠᠯ》 (ᠳᠤᠷᠤᠬᠰᠢ 《ᠠᠭᠤᠷᠬᠠᠢ ᠶ᠋ᠢᠨ ᠠᠶᠤᠯᠭᠦᠢ ᠦᠢᠯᠡᠳᠪᠦᠷᠢᠯᠡᠯ ᠤ᠋ᠨ 〈ᠬᠤᠤᠰ ᠠᠷᠪᠠᠨ ᠵᠤᠷᠪᠤᠰ〉 ᠲᠤᠬᠲᠠᠭᠠᠯ》 ᠭᠡᠵᠦ ᠳᠦᠭᠦᠮᠴᠢᠯᠡᠨ᠎ᠡ) ᠢ᠋ ᠨᠡᠶ᠋ᠢᠲᠡᠯᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ ᠲᠠᠢᠯᠤᠮᠵᠢ ᠬᠢᠬᠦ ᠶ᠋ᠢᠨ ᠬᠠᠮᠲᠤ ᠰᠤᠷᠪᠤᠯᠵᠢᠯᠠᠬᠴᠢ ᠶ᠋ᠢᠨ ᠠᠰᠠᠭᠤᠯᠲᠠ ᠵᠢ ᠬᠠᠷᠢᠭᠤᠯᠪᠠ᠃
ᠤᠢᠯᠠᠭᠠᠬᠰᠠᠨ ᠢ᠋ᠶ᠋ᠡᠷ᠂ 《ᠠᠭᠤᠷᠬᠠᠢ ᠶ᠋ᠢᠨ ᠠᠶᠤᠯᠭᠦᠢ ᠦᠢᠯᠡᠳᠪᠦᠷᠢᠯᠡᠯ ᠤ᠋ᠨ 〈ᠬᠤᠤᠰ ᠠᠷᠪᠠᠨ ᠵᠤᠷᠪᠤᠰ〉 ᠲᠤᠬᠲᠠᠭᠠᠯ》 ᠨᠢ ᠠᠭᠤᠷᠬᠠᠢ ᠶ᠋ᠢᠨ ᠠᠵᠤ ᠠᠬᠤᠶ᠋ᠢᠯᠠᠯ ᠤ᠋ᠨ ᠭᠣᠣᠯ ᠴᠣᠭᠴᠠ ᠶ᠋ᠢᠨ ᠬᠠᠷᠢᠭᠤᠴᠠᠯᠭ᠎ᠠ ᠵᠢ ᠪᠦᠬᠦ᠌ ᠲᠠᠯ᠎ᠠ ᠪᠡᠷ ᠪᠣᠳᠠᠲᠠᠶ᠋ᠢᠵᠢᠭᠤᠯᠵᠤ᠂ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ᠂ ᠦᠶᠡᠷ ᠤ᠋ᠨ ᠬᠤᠭᠤᠴᠠᠭᠠᠨ ᠤ᠋ ᠪᠠᠴᠢᠮ ᠪᠠᠶ᠋ᠢᠳᠠᠯ ᠢ᠋ ᠠᠷᠭᠠᠴᠠᠭᠠᠬᠤ ᠬᠦᠷᠲᠡᠯᠡᠬᠢ ᠪᠥᠬᠥ᠌ ᠶᠠᠪᠤᠴᠠ ᠵᠢ ᠬᠠᠮᠤᠷᠴᠤ᠂ ᠠᠮᠤᠷ ᠲᠦᠪᠰᠢᠨ ᠤ᠋ ᠤᠯᠠᠭᠠᠨ ᠱᠤᠭᠤᠮ ᠢ᠋ ᠲᠣᠳᠣᠷᠬᠠᠶ᠋ᠢᠯᠠᠪᠠ᠃ ᠬᠦᠨᠳᠦ ᠶᠡᠬᠡ ᠠᠮᠤᠷ ᠲᠦᠪᠰᠢᠨ ᠤ᠋ ᠠᠶᠤᠯ ᠲᠦᠭᠰᠢᠭᠦᠷᠢ ᠳ᠋ᠤ ᠣᠨᠣᠴᠠᠲᠠᠢ ᠪᠡᠷ ᠠᠩᠬᠠᠷᠤᠯ ᠢ᠋ᠶ᠋ᠡᠨ ᠲᠥᠪᠯᠡᠷᠡᠭᠦᠯᠵᠦ᠂ ᠵᠦᠢᠯ ᠵᠤᠷᠪᠤᠰ ᠤ᠋ᠨ ᠠᠭᠤᠯᠭ᠎ᠠ ᠨᠢ ᠭᠠᠰ ᠳᠡᠯᠪᠡᠷᠡᠬᠦ᠌᠂ ᠤᠰᠤ ᠨᠡᠪᠴᠢᠬᠦ᠌᠂ ᠬᠥᠲᠥᠯ ᠨᠤᠷᠠᠬᠤ᠂ ᠦᠯᠡᠳᠡᠭᠳᠡᠯ ᠬᠦᠳᠡᠷ ᠤ᠋ᠨ ᠬᠥᠮᠥᠷᠭᠡ ᠶ᠋ᠢᠨ ᠬᠠᠰᠢᠯᠭ᠎ᠠ ᠨᠤᠷᠠᠬᠤ᠂ ᠬᠠᠤᠯᠢ ᠪᠤᠰᠤ ᠪᠡᠷ ᠬᠤᠯᠠᠭᠠᠶ᠋ᠢᠯᠠᠨ ᠮᠠᠯᠲᠠᠬᠤ ᠵᠡᠷᠭᠡ ᠣᠯᠠᠨ ᠬᠥᠮᠦᠨ ᠥᠭᠦᠵᠦ᠍ ᠰᠢᠷᠬᠠᠲᠤᠬᠤ ᠣᠨᠴᠠ ᠶᠡᠬᠡ ᠡᠨᠳᠡᠯ ᠤ᠋ᠨ ᠲᠦᠭᠰᠢᠭᠦᠷᠢ ᠵᠢ ᠴᠢᠩᠭ᠎ᠠ ᠡᠵᠡᠮᠳᠡᠵᠦ᠍᠂ ᠬᠠᠮᠢᠶᠠᠷᠤᠨ ᠡᠵᠡᠮᠳᠡᠬᠦ᠌ ᠪᠠᠷᠢᠮᠵᠢᠶ᠎ᠠ ᠵᠢ ᠲᠣᠳᠣᠷᠬᠠᠶ᠋ᠢᠯᠠᠵᠤ᠂ ᠠᠵᠢᠯᠲᠠᠨ ᠤ᠋ ᠬᠠᠮᠢᠶᠠᠷᠤᠯᠲᠠ᠂ ᠪᠠᠴᠢᠮ ᠪᠠᠶ᠋ᠢᠳᠠᠯ ᠢ᠋ ᠠᠷᠭᠠᠴᠠᠭᠠᠨ ᠰᠢᠢᠳᠪᠦᠷᠢᠯᠡᠬᠦ ᠵᠡᠷᠭᠡ ᠵᠠᠩᠭᠢᠯᠠᠭ᠎ᠠ ᠶ᠋ᠢᠨ ᠭᠣᠭᠴᠣᠭ᠎ᠠ ᠵᠢ ᠬᠠᠮᠤᠷᠪᠠ᠃ ᠠᠭᠤᠷᠬᠠᠢ ᠶ᠋ᠢᠨ ᠠᠮᠤᠷ ᠲᠦᠪᠰᠢᠨ ᠤ᠋ ᠵᠠᠰᠠᠯᠲᠠ ᠶ᠋ᠢᠨ ᠰᠢᠰᠲ᠋ᠧᠮ ᠢ᠋ ᠪᠥᠷᠢᠨᠰᠢᠬᠥᠯᠥᠨ ᠲᠡᠭᠦᠯᠳᠡᠷᠵᠢᠭᠦᠯᠵᠦ᠂ ᠠᠮᠤᠷ ᠲᠦᠪᠰᠢᠨ ᠤ᠋ ᠬᠢᠨᠠᠯᠲᠠ ᠬᠠᠮᠢᠶᠠᠷᠤᠯᠲᠠ ᠶ᠋ᠢᠨ ᠬᠡᠮ ᠰᠣᠭᠣᠭ ᠢ᠋ ᠦᠨᠳᠦᠰᠦᠨ ᠡᠴᠡ ᠨᠢ ᠵᠠᠰᠠᠬᠤ ᠶ᠋ᠢᠨ ᠬᠠᠮᠲᠤ᠌ ᠠᠵᠤ ᠠᠬᠤᠶ᠋ᠢᠯᠠᠯ ᠤ᠋ᠨ ᠠᠮᠤᠷ ᠲᠦᠪᠰᠢᠨ ᠢ᠋ ᠭᠣᠣᠯᠯᠠᠨ ᠬᠠᠮᠢᠶᠠᠷᠬᠤ᠂ ᠠᠶᠤᠯ ᠲᠦᠭᠰᠢᠭᠦᠷᠢ ᠵᠢ ᠰᠠᠨᠠᠭᠠᠴᠢᠯᠠᠭ᠎ᠠ ᠡᠴᠡ ᠪᠡᠨ ᠰᠡᠷᠭᠡᠶ᠋ᠢᠯᠡᠨ ᠡᠵᠡᠮᠳᠡᠬᠦ᠌ ᠳᠣᠲᠣᠭᠠᠳᠤ ᠬᠥᠳᠡᠯᠭᠡᠬᠦ᠌ ᠬᠦᠴᠦᠨ ᠢ᠋ ᠬᠥᠭᠵᠢᠭᠡᠬᠦ᠌ ᠪᠤᠯᠤᠨ᠎ᠠ᠃
《ᠠᠭᠤᠷᠬᠠᠢ ᠶ᠋ᠢᠨ ᠠᠶᠤᠯᠭᠦᠢ ᠦᠢᠯᠡᠳᠪᠦᠷᠢᠯᠡᠯ ᠤ᠋ᠨ 〈ᠬᠤᠤᠰ ᠠᠷᠪᠠᠨ ᠵᠤᠷᠪᠤᠰ〉 ᠲᠤᠬᠲᠠᠭᠠᠯ》 ᠢ᠋ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠶ᠋ᠢᠨ ᠲᠥᠯᠥᠭᠡ᠂ ᠦᠪᠦᠷ ᠮᠤᠨᠭᠭᠤᠯ ᠳᠣᠣᠷᠠᠬᠢ ᠬᠡᠳᠦᠨ ᠵᠦᠢᠯ ᠤ᠋ᠨ ᠠᠵᠢᠯ ᠢ᠋ ᠭᠣᠣᠯᠳᠠᠯᠭ᠎ᠠ ᠲᠠᠢ ᠪᠠᠷ ᠠᠬᠢᠭᠤᠯᠬᠤ ᠪᠤᠯᠤᠨ᠎ᠠ᠃
ᠨᠢᠭᠡ᠂ ᠠᠶᠤᠯ ᠲᠦᠭᠰᠢᠭᠦᠷᠢ ᠶᠡᠬᠡᠲᠡᠶ ᠴᠡᠭ ᠲᠦ᠍ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠴᠡᠭᠴᠡᠯᠡᠨ ᠵᠠᠰᠠᠬᠤ ᠲᠤᠰᠬᠠᠶ ᠠᠵᠢᠯ ᠢ᠋ ᠥᠷᠨᠢᠭᠦᠯᠦᠨ᠎ᠡ᠃ ᠭᠠᠮᠰᠢᠭ ᠬᠦᠨᠳᠦ ᠨᠣᠴᠢᠲᠠᠶ ᠠᠭᠤᠷᠬᠠᠶ ᠳ᠋ᠤ ᠴᠢᠭᠯᠡᠭᠦᠯᠦᠨ᠂ ᠲᠤᠰᠬᠠᠶ ᠪᠠᠶ᠋ᠢᠴᠠᠭᠠᠯᠲᠠ ᠪᠠ ᠲᠤᠰᠬᠠᠶ ᠮᠡᠷᠭᠡᠵᠢᠯᠲᠡᠨ ᠬᠠᠮᠲᠤᠷᠠᠨ ᠣᠨᠣᠰᠢᠯᠠᠵᠤ ᠰᠤᠳᠤᠯᠤᠨ ᠮᠠᠭᠠᠳᠯᠠᠬᠤ ᠠᠵᠢᠯ ᠢ᠋ ᠪᠠᠶ᠋ᠢᠩᠭᠤ ᠥᠷᠨᠢᠭᠦᠯᠦᠨ᠎ᠡ᠃ ᠨᠢᠭᠡ ᠪᠦᠯᠦᠭ ᠢ᠋ ᠰᠢᠭᠰᠢᠭᠳᠡᠭᠦᠯᠦᠨ ᠬᠠᠭᠠᠬᠤ᠂ ᠨᠢᠭᠡ ᠪᠦᠯᠦᠭ ᠢ᠋ ᠨᠡᠢᠳᠭᠡᠵᠦ ᠳᠠᠬᠢᠨ ᠵᠣᠬᠢᠶᠠᠨ ᠪᠠᠶ᠋ᠢᠭᠤᠯᠬᠤ᠂ ᠨᠢᠭᠡ ᠪᠦᠯᠦᠭ ᠢ᠋ ᠲᠠᠰ ᠳᠡᠪᠰᠢᠭᠦᠯᠦᠨ ᠥᠭᠡᠷᠡᠴᠢᠯᠡᠬᠦ᠌ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠵᠢ ᠨᠠᠢᠳᠠᠪᠤᠷᠢᠵᠢᠭᠤᠯᠵᠤ᠂ ᠲᠦᠭᠰᠢᠭᠦᠷᠢ ᠶ᠋ᠢᠨ ᠴᠡᠭ ᠢ᠋ ᠡᠬᠢ ᠡᠭᠦᠰᠦᠯ ᠡᠴᠡ ᠨᠢ ᠪᠠᠭᠠᠰᠬᠠᠨ᠎ᠠ᠃
ᠬᠤᠶᠠᠷ᠂ ᠣᠶᠤᠨᠴᠢ ᠬᠢᠨᠠᠯᠲᠠ ᠬᠠᠮᠢᠶᠠᠷᠤᠯᠲᠠ ᠶ᠋ᠢᠨ ᠲᠠᠪᠴᠠᠩ ᠢ᠋ ᠪᠠᠶ᠋ᠢᠭᠤᠯᠵᠤ᠂ ᠮᠡᠷᠭᠡᠵᠢᠯᠤᠨ ᠰᠡᠷᠭᠡᠶ᠋ᠢᠯᠡᠯᠳᠠᠵᠢᠨ ᠲᠦᠪᠰᠢᠨ ᠢ᠋ ᠳᠡᠭᠡᠭᠰᠢᠯᠡᠭᠦᠯᠦᠨ᠎ᠡ᠃ ᠠᠭᠤᠷᠬᠠᠢ ᠶ᠋ᠢᠨ ᠣᠶᠤᠨᠴᠢᠯᠠᠭᠰᠠᠨ ᠠᠯᠤᠰ ᠡᠵᠡᠮᠰᠢᠯᠲᠦ᠍ ᠬᠢᠨᠠᠯᠲᠠ ᠬᠠᠮᠢᠶᠠᠷᠤᠯᠲᠠ ᠶ᠋ᠢᠨ ᠰᠢᠰᠲ᠋ᠧᠮ ᠤ᠋ᠨ ᠪᠠᠶ᠋ᠢᠭᠤᠯᠤᠯᠲᠠ ᠶ᠋ᠢ ᠲᠦᠷᠭᠡᠳᠭᠡᠵᠦ᠂ 2026 ᠣᠨ ᠤ᠋ ᠡᠴᠦᠰ ᠪᠣᠯᠬᠤ ᠳ᠋ᠤ ᠨᠢᠭᠡ ᠪᠦᠯᠦᠭ ᠨᠡᠭᠦᠷᠡᠰᠦᠨ ᠤ᠋ ᠪᠤᠰᠤ ᠠᠭᠤᠷᠬᠠᠶ ᠶ᠋ᠢᠨ ᠠᠶᠤᠯ ᠲᠦᠭᠰᠢᠭᠦᠷᠢ ᠵᠢ ᠰᠤᠳᠤᠯᠤᠨ ᠮᠠᠭᠠᠳᠯᠠᠬᠤ ᠲᠠᠪᠴᠠᠩ ᠤ᠋ᠨ ᠰᠦᠯᠵᠢᠶᠡᠨ ᠳ᠋ᠤ ᠵᠠᠯᠭᠠᠬᠤ ᠠᠵᠢᠯ ᠢ᠋ ᠪᠡᠶᠡᠯᠡᠭᠦᠯᠦᠨ᠎ᠡ; 2027 ᠣᠨ ᠪᠣᠯᠬᠤ ᠳ᠋ᠤ᠂ ᠪᠥᠬᠥ᠌ ᠣᠷᠣᠨ ᠤ᠋ ᠪᠣᠶ ᠪᠥᠬᠥᠶ ᠠᠭᠤᠷᠬᠠᠶ ᠶ᠋ᠢᠨ ᠰᠦᠯᠵᠢᠶᠡᠨ ᠳ᠋ᠤ ᠵᠠᠯᠭᠠᠬᠤ ᠠᠵᠢᠯ ᠢ᠋ ᠪᠡᠶᠡᠯᠡᠭᠦᠯᠦᠨ᠎ᠡ᠃
ᠭᠤᠷᠪᠠ᠂ ᠵᠠᠩᠭᠢᠯᠠᠭ᠎ᠠ ᠶ᠋ᠢᠨ ᠪᠠᠭᠤᠷᠠᠢ ᠠᠭᠤᠷᠬᠠᠢ ᠵᠢ ᠴᠢᠩᠭ᠎ᠠ ᠠᠩᠬᠠᠷᠴᠤ᠌᠂ ᠪᠢᠲᠡᠭᠦᠮᠵᠢᠯᠡᠭᠰᠡᠨ ᠬᠠᠮᠢᠶᠠᠷᠤᠯᠲᠠ ᠡᠵᠡᠮᠳᠡᠯ ᠢ᠋ ᠬᠡᠷᠡᠭᠵᠢᠭᠦᠯᠦᠨ᠎ᠡ᠃ ᠭᠠᠳᠠᠭᠰᠢ ᠳᠠᠭᠠᠭᠠᠴᠢᠯᠠᠭᠤᠯᠬᠤ ᠢᠨᠵᠧᠨᠧᠷᠢᠩ ᠢ᠋ ᠮᠡᠳᠡᠭᠦᠯᠦᠨ ᠳᠠᠩᠰᠠᠯᠠᠭᠤᠯᠬᠤ ᠲᠦᠷᠢᠮ ᠢ᠋ ᠴᠢᠩᠭ᠎ᠠ ᠨᠠᠶ᠋ᠢᠳᠠᠪᠤᠷᠢᠵᠢᠭᠤᠯᠵᠤ᠂ ᠦᠢᠯᠡᠳᠪᠦᠷᠢᠯᠡᠯ ᠵᠣᠭᠰᠣᠭᠰᠠᠨ ᠪᠦᠲᠦᠭᠡᠨ ᠪᠠᠢᠭᠤᠯᠤᠯᠲᠠ ᠵᠤᠬᠰᠤᠬᠰᠠᠨ ᠠᠭᠤᠷᠬᠠᠢ ᠵᠢᠨ ᠪᠢᠲᠡᠭᠦᠮᠵᠢᠯᠡᠭᠰᠡᠨ ᠬᠠᠮᠢᠶᠠᠷᠤᠨ ᠡᠵᠡᠮᠳᠡᠬᠦ᠌ ᠲᠣᠭᠲᠠᠴᠠ ᠵᠢ ᠪᠦᠷᠢᠨᠰᠢᠬᠦᠯᠵᠦ᠂ ᠬᠠᠶᠠᠭᠳᠠᠮᠠᠯ ᠠᠭᠤᠷᠬᠠᠢ ᠶ᠋ᠢᠨ ᠠᠭᠤᠢ ᠶ᠋ᠢᠨ ᠬᠠᠮᠢᠶᠠᠷᠤᠯᠲᠠ ᠶ᠋ᠢ ᠴᠢᠩᠭᠠᠷᠠᠭᠤᠯᠤᠨ᠎ᠠ᠃
ᠲᠦᠷᠪᠠ᠂ ᠠᠮᠤᠷ ᠲᠦᠪᠰᠢᠨ ᠤ᠋ ᠬᠢᠨᠠᠯᠲᠠ ᠬᠠᠮᠢᠶᠠᠷᠤᠯᠲᠠ ᠶ᠋ᠢᠨ ᠲᠣᠭᠲᠠᠴᠠ ᠵᠢ ᠲᠡᠭᠦᠯᠳᠡᠷᠵᠢᠭᠦᠯᠵᠦ᠍᠂ ᠬᠠᠤᠯᠢ ᠬᠡᠷᠡᠭᠵᠢᠭᠦᠯᠬᠦ᠌ ᠬᠠᠷᠢᠭᠤᠴᠠᠯᠭ᠎ᠠ ᠨᠡᠬᠡᠮᠵᠢᠯᠡᠬᠦ᠌ ᠵᠢ ᠴᠢᠩᠭᠠᠳᠬᠠᠨ᠎ᠠ᠃ ᠪᠠᠴᠢᠮ ᠪᠠᠶ᠋ᠢᠳᠠᠯ ᠢ᠋ ᠠᠷᠭᠠᠴᠠᠭᠠᠵᠤ ᠠᠵᠢᠯᠲᠠᠨ ᠢ᠋ ᠠᠭᠤᠷᠬᠠᠢ ᠡᠴᠡ ᠭᠠᠷᠭᠠᠬᠤ ᠲᠣᠭᠲᠠᠴᠠ ᠵᠢ ᠪᠦᠷᠢᠨᠰᠢᠬᠦᠯᠵᠤ᠂ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠶ᠋ᠢᠨ ᠬᠡᠷᠡᠭ ᠤ᠋ᠨ ᠬᠠᠤᠯᠢ ᠴᠠᠭᠠᠵᠠ ᠵᠢ ᠵᠣᠯᠭᠠᠭᠤᠯᠬᠤ ᠵᠠᠮ ᠢ᠋ ᠨᠡᠪᠲᠡᠷᠡᠭᠦᠯᠦᠨ᠎ᠡ᠃ ᠡᠭᠦᠨ ᠤ᠋ ᠬᠠᠮᠲᠤ᠌᠂ ᠳᠣᠲᠣᠭᠠᠳᠤ ᠶ᠋ᠢᠨ ᠬᠠᠤᠯᠢ ᠬᠡᠷᠡᠭᠵᠢᠭᠦᠯᠦᠯᠲᠡ ᠳ᠋ᠤ ᠬᠢᠨᠠᠯᠲᠠ ᠲᠠᠯᠪᠢᠬᠤ ᠡᠷᠴᠢᠮᠵᠢᠡᠨ ᠴᠢᠡᠭᠭᠠᠷᠠᠭᠤᠯᠵᠤ᠂ ᠬᠢᠨᠠᠨ ᠬᠠᠮᠢᠶᠠᠷᠬᠤ ᠶᠠᠪᠤᠴᠠ ᠳ᠋ᠡᠬᠢ ᠬᠠᠤᠯᠢ ᠬᠡᠷᠡᠭᠵᠢᠭᠦᠯᠦᠯᠲᠡ ᠨᠢ ᠴᠢᠩᠭ᠎ᠠ ᠪᠤᠰᠤ᠂ ᠬᠠᠷᠢᠭᠤᠴᠠᠯᠭ᠎ᠠ ᠠᠯᠳᠠᠵᠤ ᠲᠤᠰᠢᠶᠠᠯ ᠢ᠋ᠶ᠋ᠡᠨ ᠭᠤᠲᠤᠭᠠᠬᠤ ᠵᠡᠷᠭᠡ ᠠᠵᠢᠯᠯᠠᠭ᠎ᠠ ᠡᠴᠡ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠍᠂ ᠶᠠᠭᠠᠬᠢᠭᠰᠠᠨ ᠴᠤ᠌ ᠢᠯᠳᠠᠷ ᠬᠠᠶᠠᠬᠤ ᠦᠭᠡᠢ᠃