ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 36 ᠳ᠋ᠤᠭᠠᠷ ᠬᠤᠭᠤᠴᠠᠭᠠᠨ᠎ᠤ ᠵᠢᠭᠤᠯᠴᠢᠯᠠᠯ᠎ᠤᠨ ᠨᠠᠭᠠᠳᠤᠮ ᠡᠬᠢᠯᠡᠪᠡ
2026-07-19 09:52:30
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠨᠠᠭᠠᠳᠤᠮ ᠡᠬᠢᠯᠡᠭᠰᠡᠨ᠎ᠢ ᠵᠠᠷᠯᠠᠵᠤ ᠪᠤᠤ ᠭᠠᠩ  ᠵᠠᠩ ᠶᠠᠨ ᠺᠦᠨ ᠣᠷᠣᠯᠴᠠᠵᠠᠢ



ᠳᠡᠯᠭᠡᠷ ᠵᠤᠨ᠎ᠤ ᠲᠠᠯ᠎ᠠ ᠨᠤᠲᠤᠭ᠎ᠲᠤ ᠲᠦᠮᠡᠨ ᠪᠣᠳᠠᠰ ᠲᠠᠩᠰᠤᠬ ᠲᠦᠯᠵᠢᠨ᠎ᠡ᠃ 7 ᠰᠠᠷ᠎ᠠ᠎ᠶᠢᠨ 18 ᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 36 ᠳ᠋ᠤᠭᠠᠷ ᠬᠤᠭᠤᠴᠠᠭᠠᠨ᠎ᠤ ᠵᠢᠭᠤᠯᠴᠢᠯᠠᠯ᠎ᠤᠨ ᠨᠠᠭᠠᠳᠤᠮ ᠰᠢᠯᠢ᠎ᠶᠢᠨ ᠭᠣᠣᠯ ᠠᠢᠮᠠᠭ᠎ᠤᠨ ᠰᠢᠯᠢᠩᠬᠣᠲᠠ᠎ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠦᠩ ᠨᠠᠭᠠᠳᠤᠮ ᠳ᠋ᠤ ᠣᠷᠣᠯᠴᠠᠭᠰᠠᠨ ᠪᠥᠭᠡᠳ ᠨᠠᠭᠠᠳᠤᠮ ᠡᠬᠢᠯᠡᠭᠰᠡᠨ᠎ᠢ ᠵᠠᠷᠯᠠᠪᠠ᠃


41958672-d7a2-477c-8f21-a93e3e6496ef.png


7 ᠰᠠᠷ᠎ᠠ᠎ᠶᠢᠨ 18 ᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 36 ᠳ᠋ᠤᠭᠠᠷ ᠬᠤᠭᠤᠴᠠᠭᠠᠨ᠎ᠤ ᠵᠢᠭᠤᠯᠴᠢᠯᠠᠯ᠎ᠤᠨ ᠨᠠᠭᠠᠳᠤᠮ ᠰᠢᠯᠢ᠎ᠶᠢᠨ ᠭᠣᠣᠯ ᠠᠢᠮᠠᠭ᠎ᠤᠨ ᠰᠢᠯᠢᠩᠬᠣᠲᠠ᠎ᠳᠤ ᠡᠬᠢᠯᠡᠪᠡ᠃

ᠰᠤᠷᠪᠤᠯᠵᠢᠯᠠᠬᠴᠢ ᠮᠠ ᠵᠢᠶᠠᠨ ᠪᠢᠩ ᠰᠡᠬᠦᠳᠡᠷᠯᠡᠪᠡ


ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠪᠦᠦ ᠰᠢᠶᠠᠨ ᠬᠤᠸᠠ᠂ ᠢᠦᠢ ᠯᠢ ᠰᠢᠨ᠂ ᠰᠦᠬᠡ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠵᠤ᠂ ᠵᠠᠩ ᠪᠠᠢ ᠴᠧᠩ ᠪᠠᠶᠠᠷ᠎ᠤᠨ ᠦᠭᠡ ᠬᠡᠯᠡᠪᠡ᠃

ᠲᠣᠭ ᠳᠠᠯᠪᠠᠭ᠎ᠠ ᠨᠠᠮᠢᠷᠠᠵᠤ᠂ ᠮᠠᠯᠵᠢᠯ᠎ᠤᠨ ᠳᠠᠭᠤᠤ ᠤᠶᠠᠩᠭᠠᠷᠠᠨ᠎ᠠ᠃ ᠠᠷᠪᠠ ᠭᠠᠷᠤᠢ ᠲᠦᠮᠡᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠰᠢᠯᠢ᠎ᠶᠢᠨ ᠭᠣᠣᠯ᠎ᠤᠨ ᠨᠠᠭᠠᠳᠤᠮ᠎ᠤᠨ ᠵᠠᠩ ᠦᠶ᠋ᠯᠡ᠎ᠶᠢᠨ ᠬᠦᠷᠢᠶᠡᠯᠡᠩ᠎ᠳᠦ ᠴᠤᠭᠯᠠᠷᠠᠵᠤ᠂ ᠦᠪᠡᠳᠡᠭᠰᠢ ᠴᠤᠭᠯᠠᠭᠠᠨ᠎ᠢ ᠪᠠᠶᠠᠷᠯᠠᠨ ᠤᠭᠲᠤᠪᠠ᠃ ᠡᠬᠢᠯᠡᠯᠲᠡ᠎ᠶᠢᠨ ᠶᠣᠰᠣᠯᠠᠯ ᠨᠢ ᠦᠵᠡᠭᠳᠡᠯᠲᠦ ᠲᠤᠭᠯᠠᠯᠲᠠ 《ᠨᠠᠭᠠᠳᠤᠮ᠎ᠲᠠᠭᠤᠭᠰᠠᠨ ᠪᠠᠭᠠᠴᠤᠳ》 ᠪᠣᠯᠣᠨ ᠳᠠᠭᠤᠤ ᠪᠥᠵᠢᠭ᠎ᠦᠨ ᠲᠣᠭᠯᠠᠯᠲᠠ 《ᠨᠠᠭᠠᠳᠤᠮ ᠲᠠ ᠨᠠᠷ᠎ᠢ ᠪᠠᠶᠠᠷᠯᠠᠨ ᠤᠭᠲᠤᠨ᠎ᠠ》 ᠭᠡᠬᠦ ᠲᠣᠭᠯᠠᠯᠲᠠ ᠪᠡᠷ ᠬᠥᠰᠢᠭᠡ᠎ᠪᠡᠨ ᠰᠡᠬᠦᠪᠡ᠃ 《ᠪᠢ ᠡᠬᠡ ᠤᠯᠤᠰ ᠲᠠᠢ ᠪᠡᠨ》 ᠭᠡᠬᠦ ᠰᠡᠳᠬᠢᠯ ᠳᠤᠭᠳᠤᠯᠤᠮ᠎ᠠ ᠬᠦᠭ ᠠᠶᠠᠰ᠎ᠤᠨ ᠳᠤᠮᠳᠠ᠂ ᠵᠡᠪᠰᠡᠭᠲᠦ ᠴᠠᠭᠳᠠᠭ᠎ᠠ᠎ᠶᠢᠨ ᠳᠠᠷᠤᠭ᠎ᠠ ᠪᠠᠢᠯᠳᠤᠭ᠍ᠴᠢᠳ ᠢᠳᠡᠷᠡᠭᠦᠨ ᠠᠯᠬᠤᠭ᠎ᠠ᠎ᠪᠠᠷ ᠲᠠᠪᠤᠨ ᠣᠳᠣᠲᠤ ᠤᠯᠠᠭᠠᠨ ᠲᠤᠭ᠎ᠢ ᠬᠠᠮᠠᠭᠠᠯᠠᠨ ᠲᠠᠯᠠᠪᠠᠢ᠎ᠳᠤ ᠣᠷᠣᠵᠤ᠂ ᠦᠨᠳᠦᠰᠦᠲᠡᠨ᠎ᠦ ᠪᠦᠯᠬᠦᠮᠳᠡᠯ᠎ᠦᠨ ᠵᠢᠭ᠍ᠰᠠᠭᠠᠯ᠎ᠤᠨ ᠡᠩᠨᠡᠭᠡ᠂ ᠠᠷᠪᠠᠨ ᠬᠣᠶᠠᠷ ᠠᠢᠮᠠᠭ ᠬᠤᠳᠠ᠎ᠶᠢᠨ ᠵᠢᠭ᠍ᠰᠠᠭᠠᠯ᠎ᠤᠨ ᠡᠩᠨᠡᠭᠡ᠂ ᠰᠦᠯᠵᠢᠶᠡᠨ ᠤᠳᠤᠨ ᠪᠣᠯᠣᠨ ᠤᠯᠠᠨ ᠤᠯᠤᠰ᠎ᠤᠨ ᠵᠢᠭᠤᠯᠴᠢᠯᠠᠭᠰᠠᠳ᠎ᠤᠨ ᠵᠢᠭ᠍ᠰᠠᠭᠠᠯ᠎ᠤᠨ ᠡᠩᠨᠡᠭᠡ ᠳᠠᠷᠠᠭ᠎ᠠ ᠳᠠᠷᠠᠭ᠎ᠠ᠎ᠪᠠᠷ ᠲᠠᠯᠠᠪᠠᠢ᠎ᠳᠤ ᠣᠷᠣᠪᠠ᠃ ᠲᠠᠷᠠᠭ᠎ᠠ ᠨᠢ ᠲᠤᠬᠠᠢ᠎ᠶᠢᠨ ᠲᠠᠯᠠᠪᠠᠢ᠎ᠳᠤ ᠪᠠᠢᠭᠰᠠᠨ ᠬᠥᠮᠥᠰ ᠪᠦᠭᠦᠳᠡᠭᠡᠷ᠎ᠢᠶᠡᠨ ᠲᠥᠪ ᠵᠣᠭᠰᠣᠵᠤ᠂ ᠤᠯᠤᠰ᠎ᠤᠨ ᠰᠦᠯᠳᠡ ᠳᠠᠭᠤᠤ᠎ᠶᠢ ᠬᠠᠩᠭᠢᠨᠠᠲᠠᠯ᠎ᠠ ᠳᠠᠭᠤᠯᠠᠵᠤ᠂ ᠤᠯᠤᠰ᠎ᠤᠨ ᠲᠤᠭ ᠮᠠᠨᠳᠤᠭᠤᠯᠬᠤ ᠶᠣᠰᠣᠯᠠᠯ᠎ᠢ ᠦᠪᠡᠳᠡᠭᠰᠢ ᠶᠡᠬᠡ᠎ᠪᠡᠷ ᠶᠠᠪᠤᠭᠳᠠᠭᠤᠯᠪᠠ᠃ ᠤᠷᠠᠨ ᠰᠠᠢᠬᠠᠨ᠎ᠤ ᠲᠣᠭᠯᠠᠯᠲᠠ᠎ᠨᠢ 《ᠲᠠᠯ᠎ᠠ ᠨᠤᠲᠤᠭ᠎ᠤᠨ ᠳᠠᠭᠤᠯᠠᠯ ᠵᠢᠡᠷ ᠳᠡᠯᠡᠬᠡᠢ ᠳ᠋ᠠᠬᠢᠨ᠎ᠢ ᠤᠭᠲᠤᠶ᠎ᠠ》᠂ 《ᠤᠮᠠᠷᠠᠲᠤ ᠬᠢᠯᠢ᠎ᠶᠢᠨ ᠰᠢᠨ᠎ᠡ ᠠᠶᠠᠯᠭᠤ ᠪᠡᠷ ᠰᠢᠨ᠎ᠡ ᠠᠶᠠᠨ ᠵᠢᠡᠨ ᠡᠬᠢᠯᠡᠭᠦᠯᠦᠶ᠎ᠡ》᠂ 《ᠪᠠᠳᠠᠷᠠᠯᠲᠤ ᠦᠶ᠎ᠡ᠎ᠳᠦ ᠰᠡᠳᠬᠢᠯ᠎ᠨᠢᠭᠡᠳᠦᠨ ᠢᠷᠡᠭᠡᠳᠦᠢ᠎ᠪᠡᠨ ᠪᠠᠷᠠᠯᠠᠶ᠎ᠠ》 ᠭᠡᠬᠦ ᠭᠤᠷᠪᠠᠨ ᠪᠦᠯᠦᠭ ᠵᠢᠡᠷ ᠶᠠᠪᠤᠬᠳᠠᠪᠠ᠃ 《ᠦᠪᠡᠳᠡᠭᠰᠢ ᠨᠠᠭᠠᠳᠤᠮ᠎ᠤᠨ ᠮᠠᠭᠲᠠᠭᠠᠯ》 ᠢ᠋ ᠬᠠᠮᠲᠤ ᠳᠠᠭᠤᠯᠠᠵᠤ᠂ ᠮᠢᠨᠭᠭᠠᠨ ᠪᠦᠬᠡ ᠣᠮᠣᠭ ᠵᠢᠪᠬᠤᠭ᠎ᠠ᠎ᠲᠠᠢ ᠪᠡᠷ ᠲᠠᠯᠠᠪᠠᠢ᠎ᠳᠦ ᠮᠠᠭᠰᠢᠨ ᠳᠡᠪᠢᠵᠦ᠂ ᠰᠦᠷ ᠬᠦᠴᠦ ᠵᠢ ᠭᠠᠢᠬᠠᠭᠤᠯᠤᠨ᠂ ᠬᠥᠮᠥᠰ᠎ᠦᠨ ᠰᠡᠳᠬᠢᠯ᠎ᠢ ᠳᠣᠭᠳᠣᠯᠤᠭᠤᠯᠤᠨ᠎ᠠ᠃ 《ᠳᠡᠭᠦᠯᠢᠭᠡᠷᠡᠢ ᠥᠪᠥᠷ ᠮᠣᠩᠭᠣᠯ ᠮᠢᠨᠢ》 ᠳᠠᠭᠤᠤ ᠪᠥᠵᠢᠭ ᠨᠢ ᠥᠪᠥᠷ ᠮᠣᠩᠭᠣᠯ᠎ᠤᠨ ᠡᠬᠡ ᠭᠠᠵᠠᠷ᠎ᠤᠨ ᠥᠷᠨᠢᠭᠦᠨ ᠬᠥᠭᠵᠢᠯᠲᠡ᠎ᠶᠢᠨ ᠴᠤ ᠰᠢᠨ᠎ᠡ ᠳᠦᠷᠰᠦ ᠪᠠᠢᠳᠠᠯ᠎ᠢ ᠪᠦᠬᠦ ᠲᠠᠯ᠎ᠠ᠎ᠪᠠᠷ ᠳᠡᠯᠭᠡᠨ ᠦᠵᠡᠭᠦᠯᠪᠡ᠃ 《ᠰᠠᠬᠢᠨ ᠬᠠᠮᠠᠭᠠᠯᠠᠯᠲᠠ》 ᠦᠵᠡᠭᠳᠡᠯᠲᠦ ᠲᠣᠭᠯᠠᠯᠲᠠ ᠨᠢ ᠰᠡᠬᠡᠭᠡᠲᠡᠨ ᠵᠠᠯᠠᠭᠤᠴᠤᠳ᠎ᠤᠨ ᠲᠠᠯ᠎ᠠ ᠨᠤᠲᠤᠭ᠎ᠲᠤ ᠦᠨᠳᠦᠰᠦᠯᠡᠵᠦ᠂ ᠬᠢᠯᠢ ᠬᠢᠵᠠᠭᠠᠷ᠎ᠢ ᠰᠠᠬᠢᠨ ᠬᠠᠮᠠᠭᠠᠯᠠᠭᠰᠠᠨ ᠰᠡᠳᠬᠢᠯ ᠬᠥᠳᠡᠯᠭᠡᠮ᠎ᠡ ᠦᠯᠢᠭᠡᠷ᠎ᠢ ᠶᠠᠷᠢᠪᠠ᠃ 《ᠲᠦᠮᠡᠨ ᠠᠭᠲᠠ᠎ᠶᠢᠨ ᠲᠦᠪᠡᠷᠭᠡᠨ》 ᠮᠣᠷᠢᠨ ᠬᠤᠭᠤᠷ᠎ᠤᠨ ᠠᠶ᠎ᠠ ᠵᠢ ᠵᠡᠷᠭᠡ ᠪᠡᠷ ᠬᠥᠭᠵᠢᠮᠳᠡᠵᠦ᠂ ᠮᠢᠩᠭᠠᠨ ᠮᠤᠷᠢᠲᠠᠨ᠎ᠤ ᠵᠢᠭᠰᠠᠭᠠᠯ᠎ᠤᠨ ᠰᠦᠷᠯᠢᠭ ᠪᠣᠳᠠᠲᠤ ᠦᠵᠡᠮᠵᠢ᠎ᠪᠡᠷ ᠥᠷᠭᠡᠨ ᠠᠭᠤᠳᠠᠮ ᠰᠦᠷᠯᠢᠭ ᠰᠠᠢᠬᠠᠨ ᠲᠠᠯ᠎ᠠ ᠨᠤᠲᠤᠭ᠎ᠢ ᠵᠢᠷᠤᠭᠯᠠᠵᠤ᠂ ᠪᠦᠬᠦᠶ᠋ᠢᠯᠡ ᠲᠣᠭᠯᠠᠯᠲᠠ᠎ᠶᠢ ᠤᠷᠬᠢᠯ ᠳ᠋ᠤᠨᠢ ᠬᠦᠷᠭᠡᠵᠡᠢ᠃ ᠰᠡᠳᠬᠢᠯ ᠬᠥᠳᠡᠯᠭᠡᠮ᠎ᠡ ᠳᠠᠭᠤᠤ᠂ ᠤᠷᠠᠨ ᠢᠷᠠᠭᠤ ᠪᠥᠵᠢᠭ᠂ ᠭᠣᠢᠳᠠ ᠰᠠᠢᠬᠠᠨ ᠬᠥᠭᠵᠢᠮ᠎ᠤᠨ ᠲᠣᠭᠯᠠᠯᠲᠠ᠎ᠨᠤᠭᠤᠳ ᠨᠢ ᠪᠥᠬᠥ ᠣᠷᠣᠨ᠎ᠢᠶᠠᠷ᠎ᠢᠶᠠᠨ ᠶᠡᠷᠦᠩᠬᠡᠢ ᠱᠦᠵᠢ ᠰᠢ᠎ᠶᠢᠨ ᠫᠢᠩ᠎ᠤᠨ ᠵᠢᠭᠠᠭᠰᠠᠨ ᠴᠢᠭᠯᠡᠯ᠎ᠢᠶᠡᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠭᠴᠠᠯᠠᠬᠤ ᠭᠣᠣᠯ ᠰᠢᠵᠢᠮ᠎ᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠶᠡᠬᠡ ᠪᠡᠷ ᠪᠠᠳᠠᠷᠠᠭᠤᠯᠵᠤ᠂ ᠵᠤᠷᠢᠭᠲᠠᠢ ᠳᠠᠪᠰᠢᠵᠤ᠂ ᠵᠠᠮ ᠨᠡᠭᠡᠭᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠰᠠᠢᠨ ᠰᠠᠢᠬᠠᠨ ᠵᠢᠷᠤᠭ ᠲᠥᠰᠥᠪ᠎ᠢ ᠠᠮᠢᠳᠤᠯᠢᠭ᠋᠎ᠢᠶᠠᠷ ᠢᠯᠡᠷᠡᠭᠦᠯᠪᠡ᠃ ᠲᠣᠭᠯᠠᠯᠲᠠ᠎ᠶᠢᠨ ᠡᠴᠦᠰ᠎ᠲᠦ᠂ ᠪᠦᠬᠦ ᠲᠠᠯᠠᠪᠠᠢ᠎ᠪᠠᠷ᠎ᠢᠶᠠᠨ 《ᠡᠬᠡ ᠤᠯᠤᠰ᠎ᠢᠶᠠᠨ ᠮᠠᠭᠲᠠᠨ ᠳᠠᠭᠤᠯᠠᠶ᠎ᠠ》 ᠭᠡᠬᠦ ᠳᠠᠭᠤᠤ᠎ᠶᠢ ᠬᠠᠩᠭᠢᠨᠠᠲᠠᠯ᠎ᠠ ᠳᠠᠭᠤᠯᠠᠵᠤ᠂ ᠠᠭᠤᠤ ᠶᠡᠬᠡ ᠡᠬᠡ ᠤᠯᠤᠰ᠎ᠤᠨ ᠲᠦᠷᠦ ᠲᠦᠪᠰᠢᠨ ᠲᠦᠮᠡᠨ ᠠᠮᠤᠭᠤᠯᠠᠩ᠂ ᠴᠡᠴᠡᠭᠯᠡᠨ ᠬᠦᠴᠦᠷᠬᠡᠭᠵᠢᠬᠦ᠎ᠶᠢ ᠬᠠᠮᠲᠤ ᠪᠠᠷ ᠵᠥᠩᠨᠡᠪᠡ᠃

ᠡᠬᠢᠯᠡᠯᠲᠡ᠎ᠶᠢᠨ ᠶᠣᠰᠣᠯᠠᠯ ᠳᠠᠭᠤᠰᠤᠭᠰᠠᠨ᠎ᠤ ᠲᠠᠷᠠᠭ᠎ᠠ᠂ ᠸᠠᠩ ᠸᠧᠢ ᠵᠦᠩ᠂ ᠪᠤᠤ ᠭᠠᠩ᠂ ᠵᠠᠩ ᠶᠠᠨ ᠺᠦᠨ ᠵᠡᠷᠭᠡ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠪᠠᠰᠠ ᠭᠤᠸᠠᠨᠭᠳᠦᠢ᠍ᠩ ᠮᠤᠵᠢ᠎ᠶᠢᠨ ᠶᠦᠨ ᠹᠦ ᠬᠤᠳᠠ᠎ᠶᠢᠨ ᠦᠵᠡᠭᠦᠯᠭᠡ᠎ᠶᠢᠨ ᠭᠡᠷ ᠪᠣᠯᠣᠨ ᠡᠯ᠎ᠡ ᠠᠢᠮᠠᠭ ᠬᠤᠳᠠ᠎ᠶᠢᠨ ᠦᠵᠡᠭᠦᠯᠭᠡ᠎ᠶᠢᠨ ᠭᠡᠷ᠎ᠢ ᠲᠣᠭᠣᠷᠢᠨ ᠦᠵᠡᠵᠦ᠂ ᠣᠨᠴᠠᠯᠢᠭ᠍ᠲᠤ ᠪᠦᠲᠦᠭᠡᠭᠳᠡᠬᠦᠨ᠎ᠦ ᠪᠣᠷᠤᠯᠠᠭᠤᠯᠭ᠎ᠠ᠎ᠶᠢᠨ ᠪᠠᠢᠳᠠᠯ᠎ᠢ ᠨᠠᠷᠢᠨ ᠣᠢᠯᠠᠭᠠᠪᠠ᠃

ᠣᠢᠯᠠᠭᠠᠭᠰᠠᠨ᠎ᠢᠶᠠᠷ᠂ ᠲᠤᠰ ᠤᠳᠠᠭᠠᠨ᠎ᠤ ᠨᠠᠭᠠᠳᠤᠮ ᠨᠢ 《ᠦᠪᠦᠷ ᠮᠤᠨᠭᠭᠤᠯ ᠵᠢᠡᠷ ᠵᠢᠭᠤᠯᠴᠢᠯᠠᠶ᠎ᠠ·ᠦᠯᠵᠡᠢᠲᠦ ᠨᠠᠭᠠᠳᠤᠮ ᠵᠢᠡᠷ ᠵᠤᠯᠭᠠᠶ᠎ᠠ》 ᠪᠡᠷ ᠭᠣᠣᠯ ᠰᠡᠳᠦᠪ᠎ᠪᠤᠯᠭᠠᠵᠤ᠂ ᠠᠷᠠᠳ᠎ᠤᠨ ᠵᠠᠩ ᠦᠢᠯᠡ᠎ᠶᠢᠨ ᠣᠢᠯᠠᠭᠠᠯᠲᠠ᠂ ᠤᠷᠤᠯᠳᠤᠭᠠᠨ᠂ ᠰᠣᠶᠣᠯ ᠵᠢᠭᠤᠯᠴᠢᠯᠠᠯ᠎ᠤᠨ ᠬᠡᠷᠡᠭᠯᠡᠭᠡ᠎ᠶᠢ ᠨᠢᠭᠡᠳᠬᠡᠵᠡᠢ᠃ 7 ᠰᠠᠷ᠎ᠠ᠎ᠶᠢᠨ 18 ᠡᠴᠡ 20᠎ᠤ᠋ ᠡᠳᠦᠷ ᠪᠣᠯᠲᠠᠯ᠎ᠠ᠂ ᠭᠣᠣᠯ ᠨᠠᠭᠠᠳᠤᠮ᠎ᠤᠨ ᠲᠠᠯᠠᠪᠠᠶ᠎ᠳᠤ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠷᠠᠭ᠎ᠠ ᠬᠤᠳᠠᠯᠳᠤᠨ ᠠᠪᠬᠤ ᠰᠠᠷ᠎ᠠ᠂ ᠠᠭᠠᠷ᠎ᠤᠨ ᠠᠶᠠᠯᠠᠯ᠎ᠤᠨ ᠨᠠᠭᠠᠳᠤᠮ᠂ ᠡᠷ᠎ᠡ ᠵᠢᠨ ᠭᠤᠷᠪᠠᠨ ᠨᠠᠭᠠᠳᠤᠮ᠂ ᠲᠠᠯ᠎ᠠ ᠨᠤᠲᠤᠭ᠎ᠤᠨ ᠵᠢᠭᠤᠯᠴᠢᠯᠠᠭᠰᠠᠳ᠎ᠤᠨ ᠳᠥᠷᠪᠡᠨ ᠵᠦᠢᠯ᠎ᠦᠨ ᠤᠷᠤᠯᠳᠤᠭᠠᠨ ᠵᠡᠷᠭᠡ 20 ᠭᠠᠷᠤᠢ ᠵᠦᠢᠯ᠎ᠦᠨ ᠠᠵᠢᠯᠯᠠᠭ᠎ᠠ ᠵᠢ ᠶᠠᠪᠤᠭᠳᠠᠭᠤᠯᠬᠤ ᠵᠢᠨ ᠬᠠᠮᠲᠤ ᠥᠪᠥᠷ ᠮᠣᠩᠭᠣᠯ᠎ᠤᠨ ᠣᠨᠴᠠᠯᠢᠭ᠍ᠲᠤ ᠪᠦᠲᠦᠭᠡᠭᠳᠡᠬᠦᠨ᠎ᠦ ᠦᠵᠡᠭᠦᠯᠭᠡ᠎ᠶᠢᠨ ᠲᠣᠭᠣᠷᠢᠭ᠋᠂ ᠣᠷᠣᠨ ᠪᠦᠰᠡ᠎ᠶᠢᠨ ᠨᠡᠶ᠋ᠢᠲᠡ᠎ᠶᠢᠨ ᠬᠡᠷᠡᠭᠯᠡᠭᠡᠨ᠎ᠦ ᠲᠥᠷᠥᠯ ᠲᠡᠮᠳᠡᠭᠲᠦ᠎ᠶᠢ ᠡᠵᠡᠩᠨᠡᠨ ᠪᠣᠷᠣᠯᠠᠭᠤᠯᠬᠤ ᠲᠣᠭᠣᠷᠢᠭ᠋᠂ ᠠᠢ ᠯᠢ ᠴᠢᠶᠦ᠋ᠨ ᠲᠣᠭᠯᠠᠵᠤ ᠬᠣᠷᠰᠢᠯᠴᠠᠬᠤ ᠲᠣᠭᠣᠷᠢᠭ᠋ ᠵᠡᠷᠭᠡ ᠣᠷᠣᠨ ᠪᠦᠰᠡ᠎ᠶᠢ ᠪᠠᠢᠷᠢᠯᠠᠭᠤᠯᠵᠤ᠂ ᠡᠯᠪᠡᠭ ᠪᠠᠶᠠᠯᠢᠭ᠋ ᠣᠯᠠᠨ ᠡᠰᠢᠲᠦ ᠰᠣᠶᠣᠯ ᠵᠢᠭᠤᠯᠴᠢᠯᠠᠯ᠎ᠢ ᠪᠡᠶᠡᠴᠢᠯᠡᠨ ᠣᠢᠯᠠᠭᠠᠬᠤ᠎ᠪᠠᠷ ᠳᠠᠮᠵᠢᠭᠤᠯᠵᠤ᠂ ᠥᠪᠥᠷ ᠮᠣᠩᠭᠣᠯ᠎ᠤᠨ ᠣᠨᠴᠠᠯᠢᠭ᠍ᠲᠤ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠎ᠢ ᠪᠥᠬᠥ ᠲᠠᠯ᠎ᠠ᠎ᠪᠠᠷ ᠳᠡᠯᠭᠡᠨ ᠦᠵᠡᠭᠦᠯᠬᠦ᠎ᠶᠢᠨ ᠬᠠᠮᠲᠤ᠂ ᠵᠢᠭᠤᠯᠴᠢᠯᠠᠭ᠍ᠰᠠᠳ᠎ᠤᠨ ᠣᠷᠣᠯᠴᠠᠬᠤ ᠬᠡᠮᠵᠢᠶ᠎ᠡ ᠪᠠ ᠪᠡᠶᠡᠴᠢᠯᠡᠨ ᠣᠢᠯᠠᠭᠠᠬᠤ ᠲᠥᠷᠥᠭᠳᠡᠯ᠎ᠢ ᠳᠡᠭᠡᠭᠰᠢᠯᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号