ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ ᠪᠣᠯᠣᠨ ᠽᠢ ᠵᠢᠩ ᠰᠣᠶᠣᠯ᠎ᠤᠨ ᠪᠦᠯᠦᠭᠯᠡᠯ᠎ᠬᠢᠵᠠᠭᠠᠷᠲᠤ ᠺᠤᠮᠫᠠᠨᠢ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠪᠤᠷᠤ ᠲᠦᠯᠦᠪ᠎ᠤᠨ ᠵᠦᠪᠯᠡᠯᠴᠡᠭᠡᠷ ᠳᠤᠬᠳᠠᠪᠠ
2026-07-19 10:22:39
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠪᠦᠦ ᠰᠢᠶᠠᠨ ᠬᠤᠸᠠ  ᠰᠢᠦᠢ ᠵᠧᠩ ᠵᠥᠩ  ᠭᠠᠷ᠎ᠤᠨ ᠦᠰᠦᠭ ᠵᠢᠷᠤᠬᠤ᠎ᠶᠢ ᠭᠡᠷᠡᠴᠢᠯᠡᠪᠡ


7 ᠰᠠᠷ᠎ᠠ᠎ᠶᠢᠨ 16 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ ᠪᠣᠯᠣᠨ ᠽᠢ ᠵᠢᠩ ᠰᠣᠶᠣᠯ᠎ᠤᠨ ᠪᠦᠯᠦᠭᠯᠡᠯ᠎ᠬᠢᠵᠠᠭᠠᠷᠲᠤ ᠺᠤᠮᠫᠠᠨᠢ ᠭᠦᠭᠡᠬᠣᠲᠠ᠎ᠳᠤ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠪᠤᠷᠤ ᠲᠦᠯᠦᠪ᠎ᠤᠨ ᠵᠦᠪᠯᠡᠯᠴᠡᠭᠡᠷ ᠳᠤᠬᠳᠠᠪᠠ᠃

ᠽᠢ ᠵᠢᠩ ᠰᠣᠶᠣᠯ᠎ᠤᠨ ᠪᠦᠯᠦᠭᠯᠡᠯ᠎ᠬᠢᠵᠠᠭᠠᠷᠲᠤ ᠺᠤᠮᠫᠠᠨᠢ ᠪᠣᠯ ᠨᠢᠭᠡᠨ ᠶᠡᠷᠦᠩᠬᠡᠢᠯᠡᠭᠰᠡᠨ ᠴᠢᠨᠠᠷᠲᠠᠢ ᠲᠣᠮᠣ᠌ ᠭᠡᠯᠪᠡᠷᠢ᠎ᠶᠢᠨ ᠭᠣᠣᠯᠯᠠᠭ᠍ᠴᠢ ᠰᠣᠶᠣᠯ ᠎ᠤᠨ ᠬᠦᠷᠢᠶᠡᠨ᠎ᠤ ᠲᠥᠪ᠎ᠦᠨ ᠠᠵᠤ ᠠᠬᠤᠢᠯᠠᠯ ᠪᠣᠯᠣᠨ᠎ᠠ᠂ ᠺᠢᠨᠣ᠋ ᠲᠧᠯᠸᠢᠰ᠎ᠦᠨ ᠠᠵᠤ ᠦᠢᠯᠡᠰ᠂ ᠵᠠᠭᠤᠴᠢᠯᠠᠭᠤᠷ᠎ᠤᠨ ᠮᠡᠳᠡᠭᠡ ᠵᠠᠩᠭᠢ᠂ ᠬᠡᠪᠯᠡᠨ ᠲᠠᠷᠬᠠᠭᠠᠬᠤ᠂ ᠰᠣᠶᠣᠯ ᠵᠢᠭᠤᠯᠴᠢᠯᠠᠯ᠎ᠤᠨ ᠲᠣᠬ᠍ᠯᠠᠯᠲᠠ᠎ᠶᠢᠨ ᠤᠷᠠᠯᠢᠭ᠋᠂ ᠮᠥᠩᠭᠥᠨ ᠭᠦᠢᠯᠭᠡᠭᠡᠨ᠎ᠦ ᠪᠡᠯᠡ ᠣᠷᠣᠭᠤᠯᠤᠯᠲᠠ ᠵᠡᠷᠭᠡ ᠲᠠᠪᠤᠨ ᠶᠡᠬᠡ ᠲᠤᠬᠠᠢᠯᠠᠭᠰᠠᠨ ᠠᠵᠢᠯ᠎ᠢ ᠭᠣᠣᠯᠳᠠᠯᠭ᠎ᠠ᠎ᠲᠠᠢ ᠬᠥᠭᠵᠢᠭᠦᠯᠳᠡᠭ᠃ ᠵᠥᠪᠯᠡᠯᠴᠡᠭᠡᠷ᠎ᠢ ᠦᠨᠳᠦᠰᠦᠯᠡᠪᠡᠯ᠂ ᠬᠣᠶᠠᠷ ᠲᠠᠯ᠎ᠠ᠎ᠪᠠᠷ᠎ᠢᠶᠠᠨ ᠡᠬᠢ ᠪᠠᠶᠠᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠂ ᠬᠣᠣᠰ ᠴᠢᠭᠯᠡᠯ᠎ᠢᠶᠡᠷ ᠬᠦᠴᠦᠨ ᠣᠯᠭᠣᠬᠤ᠂ ᠤᠷᠳᠤ ᠬᠤᠭᠤᠴᠠᠭ᠎ᠠ᠎ᠪᠠᠷ ᠬᠠᠮᠲᠤ ᠪᠠᠷ ᠪᠠᠶ᠋ᠢᠭᠤᠯᠬᠤ᠂ ᠬᠠᠷᠢᠯᠴᠠᠨ ᠠᠰᠢᠭ᠍ᠲᠠᠢ ᠬᠠᠮᠲᠤ ᠪᠠᠷ ᠠᠰᠢᠭ᠋ ᠭᠦᠷᠳᠡᠭᠦ ᠵᠠᠷᠴᠢᠮ᠎ᠢ ᠪᠠᠷᠢᠮᠲᠠᠯᠠᠵᠤ᠂ ᠺᠢᠨᠣ᠋ ᠲᠧᠯᠸᠢᠰ᠎ᠦᠨ ᠠᠵᠢᠯ ᠲᠦᠷᠦᠯ᠎ᠦᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ᠂ ᠭᠣᠣᠯᠳᠠᠯᠭ᠎ᠠ᠎ᠲᠠᠢ ᠲᠠᠪᠴᠠᠩ᠎ᠤᠨ ᠤᠬᠠᠭᠤᠯᠭ᠎ᠠ᠂ ᠣᠷᠣᠨ᠎ᠤ ᠬᠣᠭᠣᠷᠣᠨᠳᠣᠭᠢ ᠰᠣᠶᠣᠯ᠎ᠤᠨ ᠰᠣᠯᠢᠯᠴᠠᠭ᠎ᠠ᠂ ᠰᠣᠶᠣᠯ ᠢᠷᠭᠡᠨᠰᠢᠯ᠎ᠦᠨ ᠰᠣᠯᠢᠯᠴᠠᠭ᠎ᠠ ᠬᠣᠷᠰᠢᠯᠴᠠᠭ᠎ᠠ ᠵᠡᠷᠭᠡ ᠲᠠᠯ᠎ᠠ᠎ᠶᠢᠨ ᠲᠣᠭᠣᠷᠢᠨ᠎ᠳᠤ ᠬᠠᠮᠲᠤᠷᠠᠯᠴᠠᠭ᠎ᠠ᠎ᠪᠠᠨ ᠴᠢᠨᠠᠭᠰᠢᠳᠠ ᠭᠦᠨᠵᠡᠭᠡᠢᠷᠡᠭᠦᠯᠦᠨ᠎ᠡ᠃ ᠬᠠᠮᠲᠤᠷᠠᠯᠴᠠᠭ᠎ᠠ᠎ᠶᠢᠨ ᠦᠷ᠎ᠡ ᠪᠦᠲᠦᠭᠡᠯ᠎ᠢᠶᠡᠨ ᠪᠡᠬᠢᠵᠢᠭᠦᠯᠬᠦ᠎ᠪᠡᠷ ᠳᠠᠮᠵᠢᠭᠤᠯᠤᠨ᠂ ᠬᠠᠮᠲᠤᠷᠠᠯᠴᠠᠭ᠎ᠠ᠎ᠶᠢᠨ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠵᠤ᠂ ᠬᠣᠯᠪᠤᠭᠠᠯᠠᠨ ᠬᠥᠳᠡᠯᠦᠯᠴᠡᠬᠦ ᠲᠣᠭᠲᠠᠴᠠ᠎ᠶᠢ ᠪᠠᠢᠭᠤᠯᠤᠨ᠂ ᠰᠣᠶᠣᠯ᠎ᠢ ᠤᠯᠠᠮᠵᠢᠯᠠᠨ ᠬᠥᠭᠵᠢᠭᠦᠯᠬᠦ᠎ᠶᠢ ᠪᠦᠭᠦ ᠬᠦᠴᠦᠨ᠎ᠢᠶᠡᠷ᠎ᠢᠶᠡᠨ ᠠᠬᠢᠭᠤᠯᠵᠤ᠂ ᠳᠤᠮᠳᠠᠳᠤ᠎ᠶᠢᠨ ᠰᠣᠶᠣᠯ᠎ᠤᠨ ᠨᠥᠯᠥᠭᠡᠯᠡᠬᠦ ᠬᠦᠴᠦᠨ᠎ᠢ ᠴᠢᠩᠭᠠᠷᠠᠭᠤᠯᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠦᠢᠯᠡᠰ ᠪᠠ ᠰᠣᠶᠣᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠦᠭᠵᠢᠯᠳᠡ᠎ᠶᠢ ᠠᠬᠢᠭᠤᠯᠬᠤ ᠪᠤᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠪᠦᠦ ᠰᠢᠶᠠᠨ ᠬᠤᠸᠠ᠂ ᠽᠢ ᠵᠢᠩ ᠰᠣᠶᠣᠯ᠎ᠤᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠰᠢᠦᠢ ᠵᠧᠩ ᠵᠦᠩ ᠭᠠᠷ ᠎ᠤᠨ ᠦᠰᠦᠭ ᠵᠢᠷᠤᠬᠤ᠎ᠶᠢ ᠭᠡᠷᠡᠴᠢᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号