ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠡᠴᠡ ᠤᠢᠯᠠᠭᠠᠭᠰᠠᠨ ᠶ᠋ᠢᠡᠷ᠂ ᠡᠨᠡ ᠵᠢᠯ ᠤ᠋ᠨ 5 ᠰᠠᠷ᠎ᠠ ᠶ᠋ᠢᠨ 31 ᠤ᠋ ᠡᠳᠦᠷ ᠪᠤᠯᠳᠠᠯ᠎ᠠ᠂ ᠪᠦᠬᠦ ᠤᠷᠤᠨ ᠤ᠋ ᠤᠯᠠᠭᠠᠨ ᠵᠠᠭᠠᠯᠮᠠᠢᠳᠠᠨ ᠤ᠋ ᠰᠢᠰᠲᠧᠮ ᠤ᠋ᠨ ᠬᠢᠨ ᠡᠯ᠎ᠠ ᠭᠠᠵᠠᠷ ᠤ᠋ᠨ ᠴᠢᠰᠦᠨ ᠤ᠋ ᠦᠷᠳᠡᠭᠡ ᠲᠠᠢ ᠬᠠᠮᠳᠤᠷᠠᠨ 307 ᠤᠳᠠᠭ᠎ᠠ ᠶ᠋ᠢᠨ ᠲᠦᠯᠦᠪᠤᠷᠢ ᠦᠭᠡᠢ ᠪᠡᠷ ᠴᠢᠰᠤ ᠬᠠᠨᠳᠢᠪᠯᠠᠬᠤ ᠠᠵᠢᠯᠯᠠᠭ᠎ᠠ ᠦᠷᠨᠢᠭᠦᠯᠵᠦ᠂ ᠨᠡᠢᠳᠡ 843.48 ᠲᠦᠮᠡᠨ ᠮᠢᠯᠢᠯᠢᠲᠷ ᠤ᠋ᠨ ᠲᠦᠯᠦᠪᠤᠷᠢ ᠦᠭᠡᠢ ᠪᠡᠷ ᠬᠠᠨᠳᠢᠪᠯᠠᠭᠰᠠᠨ ᠴᠢᠰᠦ ᠶ᠋ᠢ ᠬᠦᠯᠢᠶᠡᠨ ᠠᠪᠴᠠᠢ᠃ ᠡᠨᠡ ᠨᠢ 2025 ᠤᠨ ᠤ᠋ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ᠂ ᠴᠢᠰᠤ ᠬᠠᠨᠳᠢᠪᠯᠠᠬᠤ ᠠᠵᠢᠯᠯᠠᠭ᠎ᠠ 81 ᠤᠳᠠᠭ᠎ᠠ ᠨᠡᠮᠡᠭᠳᠡᠵᠦ᠂ ᠴᠢᠰᠦ ᠬᠠᠨᠳᠢᠪᠯᠠᠬᠰᠠᠨ ᠬᠡᠮᠵᠢᠶ᠎ᠠ 476.54 ᠲᠦᠮᠡᠨ ᠮᠢᠯᠢᠯᠢᠲᠷ ᠨᠡᠮᠡᠭᠳᠡᠨ᠂ 129.71% ᠪᠡᠷ ᠨᠡᠮᠡᠭᠳᠡᠪᠠ᠃
ᠡᠨᠡ ᠵᠢᠯ ᠤ᠋ᠨ ᠡᠬᠢᠨ ᠡᠴᠡ ᠨᠠᠭᠠᠰᠢ᠂ ᠦᠪᠡᠷᠳᠡᠭᠡᠨ ᠵᠠᠰᠠᠬᠤ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠲᠦᠯᠦᠪᠤᠷᠢ ᠦᠭᠡᠢ ᠪᠡᠷ ᠴᠢᠰᠤ ᠬᠠᠨᠳᠢᠪᠯᠠᠬᠤ ᠠᠵᠢᠯ ᠢ᠋ 《ᠠᠷᠠᠳ ᠲᠦᠮᠡᠨ ᠢ᠋ ᠳᠡᠭᠡᠳᠦᠯᠡᠬᠦ᠂ ᠠᠮᠢ ᠨᠠᠰᠤ ᠶ᠋ᠢ ᠳᠡᠭᠡᠳᠦᠯᠡᠬᠦ》 ᠱᠠᠭᠠᠷᠳᠠᠯᠭ᠎ᠠ ᠶ᠋ᠢ ᠨᠠᠢᠳᠠᠪᠤᠷᠢᠵᠢᠭᠤᠯᠬᠤ ᠴᠢᠬᠤᠯᠠ ᠤᠯᠤᠰ ᠲᠦᠷᠦ ᠶ᠋ᠢᠨ ᠡᠭᠦᠷᠭᠡ ᠪᠤᠯᠭᠠᠨ ᠠᠳᠬᠤᠵᠤ᠂ ᠵᠤᠬᠢᠶᠠᠨ ᠪᠠᠢᠭᠤᠯᠬᠤ᠂ ᠤᠬᠠᠭᠤᠯᠤᠨ ᠳᠠᠢᠴᠢᠯᠠᠬᠤ᠂ ᠬᠦᠮᠦᠯᠢᠭ ᠬᠠᠢᠷ᠎ᠠ ᠬᠠᠯᠠᠮᠵᠢ ᠬᠦᠷᠳᠡᠭᠡᠬᠦ ᠵᠡᠷᠭᠡ ᠲᠠᠯ᠎ᠠ ᠡᠴᠡ ᠤᠯᠠᠨ ᠵᠦᠢᠯ ᠤ᠋ᠨ ᠠᠷᠭ᠎ᠠ ᠬᠡᠮᠵᠢᠶ᠎ᠠ ᠠᠪᠴᠤ᠂ ᠬᠦᠴᠦᠨ ᠶ᠋ᠢᠡᠨ ᠲᠦᠪᠯᠡᠷᠡᠭᠦᠯᠦᠨ ᠰᠢᠰᠲᠧᠮ ᠲᠠᠢ ᠠᠬᠢᠭᠤᠯᠵᠤ᠂ ᠰᠠᠢᠨ ᠰᠠᠢᠬᠠᠨ ᠱᠠᠳᠤᠴᠢ ᠴᠢᠨᠠᠷᠳᠠᠢ ᠦᠷ᠎ᠠ ᠪᠦᠲᠦᠮᠵᠢ ᠤᠯᠤᠭᠰᠠᠨ ᠪᠠᠢᠨ᠎ᠠ᠃ ᠡᠭᠦᠨ ᠳ᠋ᠤ ᠦᠨᠳᠦᠰᠦᠳᠡᠨ ᠨᠤᠬᠦᠳ ᠤ᠋ᠨ ᠠᠷᠠᠳ ᠲᠦᠮᠡᠨ ᠤ᠋ ᠳᠤᠮᠳᠠᠬᠢ ᠨᠢᠩᠵᠢᠨ ᠰᠡᠳᠬᠢᠯ ᠤ᠋ᠨ ᠶᠡᠬᠡ ᠬᠠᠢᠷ᠎ᠠ ᠶ᠋ᠢᠨ ᠦᠯᠢᠭᠡᠷ ᠢ᠋ ᠭᠦᠨᠵᠡᠭᠡᠢ ᠠᠭᠤᠳᠠᠯᠤᠨ᠂ ᠰᠠᠢᠨ ᠳᠤᠷ᠎ᠠ ᠶ᠋ᠢᠨ ᠦᠢᠯᠡᠴᠢᠯᠡᠭᠡᠨ ᠤ᠋ ᠤᠬᠠᠭᠤᠯᠭ᠎ᠠ ᠶ᠋ᠢᠨ ᠪᠦᠯᠬᠦᠮ ᠢ᠋ ᠪᠠᠢᠭᠤᠯᠵᠤ᠂ ᠦᠨᠳᠦᠰᠦᠳᠡᠨ ᠤ᠋ ᠪᠦᠯᠬᠦᠮᠳᠡᠯ ᠤ᠋ᠨ ᠤᠬᠠᠭᠤᠯᠭ᠎ᠠ ᠶ᠋ᠢᠨ ᠰᠠᠷ᠎ᠠ᠂ ᠲᠦᠯᠦᠪᠤᠷᠢ ᠦᠭᠡᠢ ᠪᠡᠷ ᠴᠢᠰᠦ ᠬᠠᠨᠳᠢᠪᠯᠠᠬᠤ ᠤᠬᠠᠭᠤᠯᠭ᠎ᠠ ᠶ᠋ᠢᠨ ᠰᠠᠷ᠎ᠠ ᠵᠡᠷᠭᠡ ᠲᠠᠢ ᠤᠶᠠᠯᠳᠤᠭᠤᠯᠤᠨ 10 ᠭᠠᠷᠤᠢ ᠤᠳᠠᠭ᠎ᠠ ᠶ᠋ᠢᠨ 《ᠠᠮᠢ ᠨᠠᠰᠤᠨ ᠤ᠋ ᠬᠦᠮᠦᠵᠢᠯ》 ᠤ᠋ᠨ ᠭᠤᠤᠯ ᠰᠡᠳᠦᠪᠳᠦ ᠤᠬᠠᠭᠤᠯᠭ᠎ᠠ ᠶ᠋ᠢᠨ ᠠᠵᠢᠯᠯᠠᠭ᠎ᠠ ᠦᠷᠨᠢᠭᠦᠯᠪᠠ᠃ ᠪᠠᠰᠠ ᠵᠠᠯᠠᠭᠤᠴᠤᠳ ᠤ᠋ᠨ ᠬᠦᠴᠦᠨ ᠢ᠋ ᠨᠢᠭᠳᠠᠷᠠᠭᠤᠯᠬᠤ ᠶ᠋ᠢᠨ ᠲᠦᠯᠦᠭᠡ ᠪᠦᠬᠦ ᠤᠯᠤᠰ ᠲᠤ᠌ ᠡᠩ ᠲᠡᠷᠢᠭᠦᠨ ᠳ᠋ᠤ 《ᠲᠦᠯᠦᠪᠤᠷᠢ ᠦᠭᠡᠢ ᠪᠡᠷ ᠴᠢᠰᠦ ᠬᠠᠨᠳᠢᠪᠯᠠᠬᠤ ᠰᠠᠢᠨ ᠳᠤᠷ᠎ᠠ ᠶ᠋ᠢᠨ ᠦᠢᠯᠡᠴᠢᠯᠡᠭᠡ ᠶ᠋ᠢᠨ ᠶᠡᠬᠡ ᠳᠡᠭᠡᠳᠦ ᠰᠤᠷᠭᠠᠭᠤᠯᠢ ᠳ᠋ᠡᠬᠢ ᠠᠶᠠᠯᠠᠯ》 ᠤ᠋ᠨ ᠠᠵᠢᠯᠯᠠᠭ᠎ᠠ ᠶ᠋ᠢ ᠡᠬᠢᠯᠡᠭᠦᠯᠵᠦ᠂ ᠪᠦᠬᠦ ᠤᠷᠤᠨ ᠤ᠋ 26 ᠶᠡᠬᠡ ᠳᠡᠭᠡᠳᠦ ᠰᠤᠷᠭᠠᠭᠤᠯᠢ ᠳ᠋ᠤ ᠲᠦᠯᠦᠪᠤᠷᠢ ᠦᠭᠡᠢ ᠪᠡᠷ ᠴᠢᠰᠦ ᠬᠠᠨᠳᠢᠪᠯᠠᠬᠤ ᠰᠠᠢᠨ ᠳᠤᠷ᠎ᠠ ᠶ᠋ᠢᠨ ᠦᠢᠯᠡᠴᠢᠯᠡᠭᠡᠨ ᠤ᠋ ᠠᠩᠬᠢ ᠶ᠋ᠢ ᠪᠠᠢᠭᠤᠯᠤᠨ᠂ ᠶᠡᠬᠡ ᠳᠡᠭᠡᠳᠦ ᠰᠤᠷᠭᠠᠭᠤᠯᠢ ᠳ᠋ᠤ 36 ᠤᠳᠠᠭ᠎ᠠ ᠶ᠋ᠢᠨ ᠲᠦᠯᠦᠪᠤᠷᠢ ᠦᠭᠡᠢ ᠪᠡᠷ ᠴᠢᠰᠦ ᠬᠠᠨᠳᠢᠪᠯᠠᠬᠤ ᠪᠠ ᠰᠢᠨᠵᠢᠯᠡᠬᠦ ᠤᠬᠠᠭᠠᠨ ᠢ᠋ ᠲᠦᠭᠡᠮᠡᠯᠵᠢᠭᠦᠯᠬᠦ ᠤᠬᠠᠭᠤᠯᠭ᠎ᠠ ᠶ᠋ᠢᠨ ᠠᠵᠢᠯᠯᠠᠭ᠎ᠠ ᠦᠷᠨᠢᠭᠦᠯᠵᠠᠢ᠃
ᠤᠳᠤᠬᠠᠨ ᠳ᠋ᠤ ᠪᠦᠬᠦ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠬᠡᠮᠯᠢᠭ ᠤᠨ ᠬᠢᠨ ᠲᠦᠯᠦᠪᠤᠷᠢ ᠦᠭᠡᠢ ᠪᠡᠷ ᠴᠢᠰᠦ ᠬᠠᠨᠳᠢᠪᠯᠠᠬᠤ ᠵᠢᠴᠢ ᠴᠢᠰᠦ ᠪᠦᠲᠦᠭᠡᠬᠦ ᠭᠤᠤᠯ ᠡᠰ ᠶ᠋ᠢᠡᠨ ᠬᠠᠨᠳᠢᠪᠯᠠᠬᠤ᠂ ᠪᠡᠶ᠎ᠠ ᠵᠢᠨ ᠡᠷᠬᠡᠳᠡᠨ ᠬᠢᠭᠡᠳ ᠴᠢᠨᠳᠠᠷ ᠶ᠋ᠢᠡᠨ ᠬᠠᠨᠳᠢᠪᠯᠠᠬᠤ ᠰᠠᠢᠨ ᠳᠤᠷ᠎ᠠ ᠶ᠋ᠢᠨ ᠦᠢᠯᠡᠴᠢᠯᠡᠭᠡᠨ ᠤ᠋ ᠠᠩᠬᠢ ᠶ᠋ᠢ ᠨᠡᠢᠳᠡ 136 ᠰᠠᠯᠠᠭ᠎ᠠ ᠪᠠᠢᠭᠤᠯᠵᠤ᠂ ᠳᠠᠩᠰᠠᠯᠠᠭᠤᠯᠤᠭᠰᠠᠨ ᠰᠠᠢᠨ ᠳᠤᠷᠠᠴᠤᠳ 4200 ᠬᠦᠮᠦᠨ ᠤᠷᠴᠢᠮ ᠳ᠋ᠤ ᠬᠦᠷᠪᠡ᠃