ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠬᠠᠮᠠᠳ ᠺᠠᠳ᠋ᠷ᠎ᠤᠨ ᠲᠣᠪᠴᠢᠶ᠎ᠠ᠂ ᠬᠥᠬᠡᠬᠣᠲᠠ᠎ᠶᠢᠨ ᠨᠠᠮ᠎ᠤᠨ ᠬᠣᠷᠢᠶᠠᠨ᠎ᠤ ᠠᠬᠠᠮᠠᠳ ᠺᠠᠳ᠋ᠷ᠎ᠤᠨ ᠲᠣᠪᠴᠢᠶ᠎ᠠ᠎ᠠᠴᠠ ᠬᠠᠮᠲᠤᠷᠠᠨ ᠭᠣᠣᠯᠯᠠᠨ ᠡᠷᠭᠢᠯᠡᠭᠰᠡᠨ 《ᠪᠢᠷ ᠪᠡᠬᠡᠰ ᠬᠤᠷᠴᠠᠯᠠᠵᠦ ᠨᠠᠮ᠎ᠤᠨ ᠠᠴᠢ᠎ᠶᠢ ᠮᠠᠭᠲᠠᠨ ᠳᠠᠭᠤᠯᠠᠵᠤ᠂ ᠴᠢᠩ ᠰᠡᠳᠬᠢᠯ ᠵᠢᠡᠷ ᠵᠢᠡᠨ ᠣᠷᠳᠣ᠌ ᠵᠠᠮ᠎ᠤᠨ ᠠᠶᠠᠨ ᠲᠡᠶ᠋ᠢᠨ᠎ᠢ ᠵᠢᠷᠤᠬᠯᠠᠶᠠ》 ᠭᠡᠬᠦ ᠭᠤᠤᠯ ᠰᠡᠳᠦᠪᠲᠦ ᠪᠠᠭ᠍ᠰᠢ ᠰᠤᠷᠤᠭ᠍ᠴᠢᠳ᠎ᠤᠨ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭ ᠴᠠᠭᠠᠰᠤᠨ ᠬᠠᠶ᠋ᠢᠴᠢᠯᠠᠮᠠᠯ᠎ᠤᠨ ᠵᠢᠭᠠᠨ ᠰᠤᠷᠭᠠᠯᠲᠠ᠎ᠶᠢᠨ ᠦᠷ᠎ᠡ ᠪᠦᠲᠦᠭᠡᠯ᠎ᠦᠨ ᠦᠵᠡᠭᠦᠯᠭᠡ ᠥᠪᠥᠷ ᠮᠣᠩᠭᠣᠯ᠎ᠤᠨ ᠦᠵᠡᠰᠬᠦᠯᠡᠩ᠎ᠦᠨ ᠣᠷᠳᠣᠨ᠎ᠳᠤ ᠡᠬᠢᠯᠡᠪᠡ᠃
ᠲᠣᠰ ᠤᠳᠠᠭᠠᠨ᠎ᠤ ᠬᠠᠮᠲᠤᠷᠠᠭᠰᠠᠨ ᠦᠵᠡᠭᠦᠯᠭᠡ᠎ᠳᠦ ᠬᠣᠶᠠᠷ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠤᠨ ᠵᠣᠬᠢᠶᠠᠨ ᠪᠦᠲᠦᠭᠡᠭᠰᠡᠨ 200 ᠭᠠᠷᠤᠢ ᠰᠣᠳᠣᠨ ᠪᠦᠲᠦᠭᠡᠯ᠎ᠢ ᠴᠤᠭᠯᠠᠭᠤᠯᠵᠤ᠂ ᠤᠷᠠᠨ ᠪᠢᠴᠢᠯᠭᠡ᠂ ᠤᠷᠠᠨ ᠵᠢᠷᠤᠭ᠂ ᠬᠡᠷᠡᠯ ᠵᠢᠷᠤᠭ᠂ ᠴᠠᠭᠠᠰᠤᠨ ᠬᠠᠢᠴᠢᠯᠠᠮᠠᠯ᠎ᠤᠨ ᠣᠯᠠᠨ ᠡᠰᠢᠲᠦ ᠤᠷᠠᠯᠢᠭ᠋᠎ᠤᠨ ᠲᠥᠷᠥᠯ᠎ᠢ ᠬᠠᠮᠤᠷᠪᠠ᠃ ᠥᠷᠭᠡᠨ ᠣᠯᠠᠨ ᠪᠠᠭ᠍ᠰᠢ ᠰᠤᠷᠤᠭ᠍ᠴᠢ ᠪᠢᠷ ᠪᠡᠬᠡᠰ᠎ᠢᠶᠡᠷ ᠬᠠᠢᠷ᠎ᠠ ᠰᠡᠳᠬᠢᠯᠭᠡ᠎ᠪᠡᠨ ᠢᠯᠡᠳᠬᠡᠵᠦ᠂ ᠬᠡᠷᠡᠯ ᠵᠢᠷᠤᠭ᠎ᠢᠶᠡᠷ ᠤᠴᠢᠷ ᠶᠠᠪᠤᠳᠠᠯ᠎ᠢ ᠲᠣᠭᠠᠴᠢᠵᠤ᠂ ᠳᠤᠮᠳᠠᠳᠦ ᠤᠯᠤᠰ᠎ᠤᠨ ᠡᠪ ᠬᠠᠮᠳᠦ ᠨᠠᠮ᠎ᠤᠨ ᠬᠡᠷᠡᠯ ᠰᠠᠴᠤᠷᠠᠩᠭᠤᠢ ᠠᠤᠭ᠎ᠠ ᠦᠢᠯᠡᠰ᠎ᠢ ᠮᠠᠭᠲᠠᠨ ᠳᠠᠭᠤᠯᠠᠵᠦ᠂ ᠣᠷᠳᠣ᠌ ᠵᠠᠮ᠎ᠤᠨ ᠠᠶᠠᠨ ᠲᠡᠶ᠋ᠢᠨ᠎ᠦ ᠰᠢᠷᠭᠠᠭᠤ ᠬᠠᠲᠠᠭᠤᠵᠢᠯᠲᠠᠢ ᠲᠡᠮᠡᠴᠡᠯ᠎ᠦᠨ ᠠᠶᠠᠨ᠎ᠢ ᠡᠷᠭᠢᠴᠡᠭᠦᠯᠦᠨ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠴᠣ ᠰᠢᠨ᠎ᠡ ᠳᠦᠷᠰᠦ ᠪᠠᠢᠳᠠᠯ᠎ᠢ ᠪᠥᠬᠥ ᠲᠠᠯ᠎ᠠ᠎ᠪᠡᠷ ᠢᠯᠡᠷᠡᠭᠦᠯᠵᠦ᠂ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠨᠢᠭᠡ ᠰᠡᠳᠬᠢᠯ ᠨᠢᠭᠡ ᠵᠣᠷᠢᠭ᠋᠎ᠢᠶᠠᠷ ᠭᠠᠷ ᠬᠣᠯᠪᠣᠨ ᠡᠷᠡᠯᠬᠡᠭᠯᠡᠨ ᠤᠷᠤᠭᠰᠢᠯᠠᠭᠰᠠᠨ ᠴᠠᠭ ᠦᠶ᠎ᠡ᠎ᠶᠢᠨ ᠬᠠᠭᠤᠳᠠᠰᠤ᠎ᠶᠢ ᠵᠢᠷᠤᠭᠯᠠᠪᠠ᠃ ᠲᠤᠰ ᠤᠳᠠᠭ᠎ᠠ᠎ᠶᠢᠨ ᠦᠵᠡᠬᠦᠯᠭᠡ᠎ᠵᠢᠨ ᠭᠣᠣᠯ ᠰᠡᠳᠦᠪ ᠨᠢ ᠢᠯᠡ ᠲᠣᠳᠣ᠌᠂ ᠬᠤᠪᠢᠰᠬᠠᠯ᠎ᠤᠨ ᠦᠩᠭᠡ ᠪᠤᠳᠤᠭ ᠵᠢᠡᠷ ᠭᠦᠨ ᠵᠤᠵᠠᠭᠠᠨ ᠪᠠᠢᠵᠦ᠂ ᠬᠣᠶᠠᠷ ᠱᠠᠲᠤᠨ᠎ᠤ ᠨᠠᠰᠤᠲᠠᠢᠴᠤᠳ᠎ᠤᠨ ᠶᠡᠬᠡ ᠰᠤᠷᠭᠠᠭᠤᠯᠢ᠎ᠶᠢᠨ ᠬᠤᠪᠢᠰᠬᠠᠯ᠎ᠤᠨ ᠬᠥᠮᠦᠵᠢᠯ᠎ᠢ ᠭᠦᠨᠵᠡᠭᠡᠢ ᠥᠷᠨᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠬᠦ ᠴᠢᠬᠤᠯᠠ ᠦᠢᠯᠡᠳᠦᠯᠭᠡ ᠪᠣᠯᠣᠨ᠎ᠠ᠃
ᠳᠤᠰ ᠤᠳᠠᠭᠠᠨ᠎ᠤ ᠦᠵᠡᠬᠦᠯᠬᠡ ᠨᠢ ᠪᠤᠭᠤᠷᠤᠯᠴᠤᠳ᠎ᠤᠨ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠨ ᠵᠠᠯᠭᠠᠮᠵᠢᠯᠠᠵᠤ᠂ ᠠᠭᠤᠤ ᠶᠡᠬᠡ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠠᠬᠤ ᠴᠢᠩ ᠦᠨᠡᠨᠴᠢ ᠤᠭ ᠰᠠᠨᠠᠭ᠎ᠠ᠎ᠶᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ᠎ᠶᠢᠨ ᠠᠬᠠᠮᠠᠳ ᠨᠥᠬᠥᠳ᠎ᠦᠨ ᠥᠲᠡᠯᠬᠦ ᠡᠴᠡ ᠰᠤᠷᠤᠯᠴᠠᠬᠤ ᠭᠠᠵᠠᠷ᠎ᠲᠠᠢ᠂ ᠥᠲᠡᠯᠬᠦ ᠡᠴᠡ ᠪᠠᠶᠠᠷ ᠪᠠᠶᠠᠰᠤᠯ᠎ᠲᠠᠢ᠂ ᠥᠲᠡᠯᠬᠦ ᠡᠴᠡ ᠵᠢᠳᠬᠦᠯ ᠴᠢᠷᠮᠠᠢᠯᠭ᠎ᠠ᠎ᠲᠠᠢ ᠪᠠᠢᠬᠤ ᠴᠣᠭ ᠪᠠᠳᠠᠷᠠᠩᠭᠤᠢ ᠣᠶᠤᠨ ᠰᠠᠨᠠᠭᠠᠨ᠎ᠤ ᠳᠦᠷᠰᠦ ᠪᠠᠢᠳᠠᠯ᠎ᠢ ᠠᠮᠢᠳᠤᠯᠢᠭ᠋᠎ᠢᠶᠠᠷ ᠲᠤᠳᠤᠷᠠᠭᠤᠯᠪᠠ᠃