(2026 ᠣᠨ᠎ᠤ 7 ᠰᠠᠷ᠎ᠠ᠎ᠶᠢᠨ 1 ᠤ᠋ ᠡᠳᠦᠷ)
ᠳᠤᠮᠳᠠᠳᠤ ᠤᠯᠤᠰ᠎ᠤᠨ ᠡᠪ ᠬᠠᠮᠲᠤ᠌ ᠨᠠᠮ ᠨᠢᠭᠡᠨᠲᠡ 105 ᠵᠢᠯ᠎ᠦᠨ ᠭᠡᠷᠡᠯ ᠰᠠᠴᠤᠷᠠᠩᠭᠤᠶ ᠲᠡᠦᠬᠡᠨ ᠶᠠᠪᠤᠴᠠ᠎ᠶᠢ ᠥᠩᠭᠡᠷᠡᠭᠦᠯᠵᠠᠢ᠃ 105 ᠵᠢᠯ᠎ᠦᠨ ᠲᠤᠷᠰᠢ᠂ ᠮᠠᠨ᠎ᠤ ᠨᠠᠮ ᠢᠮᠠᠭᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠷᠡᠮᠡᠬᠡᠶ᠋ᠢᠯᠡᠨ ᠤᠷᠤᠭᠰᠢᠯᠠᠵᠤ᠂ ᠴᠥᠬᠥᠷᠡᠰᠢ ᠦᠭᠡᠢ ᠲᠡᠮᠡᠴᠡᠵᠦ᠍᠂ ᠲᠡᠦᠬᠡ᠎ᠶᠢᠨ ᠬᠠᠭᠤᠳᠠᠰᠤ᠎ᠶᠢ ᠭᠡᠶ᠋ᠢᠭᠦᠯᠦᠭᠰᠡᠨ ᠠᠭᠤᠤ ᠶᠡᠬᠡ ᠠᠮᠵᠢᠯᠲᠠ ᠪᠦᠲᠦᠮᠵᠢ᠎ᠶᠢ ᠡᠭᠦᠳᠪᠡ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠨ ᠪᠠᠲᠤ᠌ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠨᠠᠮ᠎ᠢᠶᠠᠷ᠎ᠢᠶᠠᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠠᠯᠢ ᠤᠯᠠᠨ ᠬᠤᠪᠢᠰᠤᠯᠲᠠ᠎ᠶᠢᠨ ᠴᠢᠨᠠᠷᠲᠠᠢ ᠦᠢᠯᠡᠳᠦᠯᠭᠡ᠎ᠶᠢ ᠠᠬᠢᠭᠤᠯᠵᠤ᠂ ᠠᠯᠢ ᠤᠯᠠᠨ ᠰᠢᠪᠲᠤᠯᠤᠯᠲᠠ᠎ᠶᠢᠨ ᠴᠢᠨᠠᠷᠲᠠᠢ ᠠᠬᠢᠴᠠ᠎ᠶᠢ ᠪᠡᠶᠡᠯᠡᠭᠦᠯᠵᠦ᠍᠂ ᠠᠯᠢ ᠤᠯᠠᠨ ᠪᠡᠯᠭᠡ ᠳᠡᠮᠳᠡᠭ᠎ᠦᠨ ᠴᠢᠨᠠᠷᠲᠠᠢ ᠦᠷ᠎ᠡ ᠪᠦᠲᠦᠭᠡᠯ ᠣᠯᠵᠤ᠂ ᠮᠠᠨ᠎ᠤ ᠤᠯᠤᠰ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠠᠭᠠᠨ ᠮᠣᠷᠳᠠᠪᠠ᠃ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠳᠣᠣᠷ᠎ᠠ᠂ ᠡᠯ᠎ᠡ ᠠᠵᠢᠯ ᠲᠦᠷᠦᠯ᠂ ᠡᠯ᠎ᠡ ᠬᠦᠷᠢᠶ᠎ᠠ᠂ ᠡᠯ᠎ᠡ ᠹᠷᠣᠨᠲ᠎ᠲᠤ᠌ ᠦᠯᠡᠮᠵᠢ ᠤᠯᠠᠨ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠰᠢᠯᠢᠳᠡᠭ ᠨᠠᠮ᠎ᠤᠨ ᠠᠵᠢᠯ ᠤ᠋ᠨ ᠠᠵᠢᠯᠳᠠᠨ ᠪᠠ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠴᠣᠯᠭᠣᠷᠠᠨ ᠭᠠᠷᠴᠠᠢ᠃ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠲᠠᠰᠢᠷᠠᠮ᠎ᠳᠤ᠂ ᠲᠡᠷᠢᠭᠦᠨ᠎ᠦ ᠬᠢ᠎ᠶᠢ ᠬᠥᠬᠢᠭᠦᠯᠦᠨ ᠰᠠᠶ᠋ᠢᠰᠢᠶᠠᠵᠤ᠂ ᠲᠥᠪ ᠰᠤᠷᠲᠠᠯ᠎ᠢ ᠪᠠᠳᠠᠷᠠᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠪᠣᠯᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠲᠡᠷᠢᠭᠦᠨ᠎ᠦ ᠬᠢ᠎ᠶᠢ ᠡᠭᠦᠳᠴᠦ᠍ ᠰᠢᠯᠢᠳᠡᠭ ᠪᠣᠯᠬᠤ᠎ᠪᠠᠷ ᠴᠢᠷᠮᠠᠶ᠋ᠢᠬᠤ᠂ ᠭᠠᠪᠢᠶ᠎ᠠ ᠵᠢᠳᠬᠦᠯ ᠪᠠᠶ᠋ᠢᠭᠤᠯᠬᠤ᠎ᠶᠢ ᠵᠣᠷᠢᠭᠵᠢᠭᠤᠯᠬᠤ᠎ᠶᠢᠨ ᠲᠥᠯᠥᠭᠡ᠂ ᠨᠠᠮ᠎ᠤᠨ ᠲᠥᠪ ᠬᠣᠷᠢᠶ᠎ᠠ ᠡᠴᠡ ᠦ᠋ ᠵᠢᠶᠠᠨ ᠫᠢᠩ ᠵᠡᠷᠭᠡ 141 ᠨᠥᠬᠥᠷ᠂ ᠬᠦ᠋ ᠰᠦᠩ ᠹᠸᠨ ᠵᠡᠷᠭᠡ 8 ᠨᠥᠬᠥᠷᠲᠦ᠍ 《ᠪᠦᠬᠦ᠌ ᠤᠯᠤᠰ᠎ᠤᠨ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ》 ᠤ᠋ ᠴᠣᠯᠠ ᠵᠢ ᠣᠯᠭᠣᠬᠤ ᠪᠤᠶᠤ ᠨᠡᠬᠡᠮᠵᠢᠯᠡᠨ ᠤᠯᠭᠤᠵᠤ᠂ ᠮᠸᠩ ᠡᠯ ᠮᠧᠢ ᠵᠡᠷᠭᠡ 150 ᠨᠥᠬᠥᠷᠲᠦ᠍ 《ᠪᠦᠬᠦ᠌ ᠤᠯᠤᠰ᠎ᠤᠨ ᠰᠢᠯᠢᠳᠡᠭ ᠨᠠᠮ᠎ᠤᠨ ᠠᠵᠢᠯ ᠤ᠋ᠨ ᠠᠵᠢᠯᠳᠠᠨ》 ᠤ᠋ ᠴᠣᠯᠠ ᠣᠯᠭᠣᠵᠤ᠂ ᠪᠡᠭᠡᠵᠢᠩ ᠬᠤᠳᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶᠠᠨ᠎ᠤ ᠠᠭᠠᠷ ᠮᠠᠨᠳᠠᠯ ᠣᠷᠴᠢᠨ ᠲᠣᠭᠣᠷᠢᠨ᠎ᠤ ᠭᠠᠵᠠᠷ᠎ᠤᠨ ᠨᠠᠮ᠎ᠤᠨ ᠡᠭᠦᠷ ᠵᠡᠷᠭᠡ 399 ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ 《ᠪᠦᠬᠦ᠌ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ》 ᠵᠢᠨ ᠴᠣᠯᠠ ᠣᠯᠭᠣᠬᠤ᠎ᠪᠠᠷ ᠲᠣᠭᠲᠠᠪᠠ᠃
ᠡᠨᠡ ᠤᠳᠠᠭ᠎ᠠ ᠬᠥᠬᠢᠭᠦᠯᠦᠭᠳᠡᠭᠰᠡᠨ ᠰᠢᠯᠢᠳᠡᠭ ᠬᠤᠪᠢ ᠬᠥᠮᠦᠨ ᠪᠠ ᠲᠡᠷᠢᠭᠦᠨ᠎ᠦ ᠬᠠᠮᠲᠤ᠌ ᠪᠣᠯ ᠡᠯ᠎ᠡ ᠹᠷᠣᠨᠲ᠎ᠤᠨ ᠰᠢᠯᠢᠳᠡᠭ ᠲᠥᠯᠥᠭᠡᠯᠡᠭᠴᠢ ᠮᠥᠨ᠃ ᠲᠡᠳᠡᠨ᠎ᠦ ᠲᠡᠷᠢᠭᠦᠨ᠎ᠦ ᠦᠢᠯᠡ ᠠᠵᠢᠯᠯᠠᠭ᠎ᠠ ᠪᠣᠯᠤᠨ ᠡᠷᠬᠢᠮ ᠳᠡᠭᠡᠳᠦ ᠵᠣᠷᠢᠭ ᠰᠠᠨᠠᠭ᠎ᠠ᠎ᠨᠢ ᠰᠢᠨ᠎ᠡ ᠴᠠᠭ ᠦᠶ᠎ᠡ᠎ᠶᠢᠨ ᠡᠪ ᠬᠠᠮᠲᠤ᠌ ᠨᠠᠮ᠎ᠤᠨ ᠭᠡᠰᠢᠭᠦᠨ᠂ ᠨᠠᠮ᠎ᠤᠨ ᠠᠵᠢᠯ ᠤ᠋ᠨ ᠠᠵᠢᠯᠲᠠᠨ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠬᠣᠰᠢᠭᠤᠴᠢ ᠵᠢᠨ ᠳᠦᠷᠢ᠎ᠶᠢ ᠲᠥᠪᠯᠡᠷᠡᠩᠭᠦᠶ ᠢᠯᠡᠷᠡᠭᠦᠯᠵᠦ᠍᠂ ᠨᠠᠮ᠎ᠤᠨ ᠦᠢᠯᠡᠰ ᠪᠣᠯᠤᠨ ᠨᠠᠮ᠎ᠤᠨ ᠪᠠᠶ᠋ᠢᠭᠤᠯᠤᠯᠲᠠ᠎ᠶᠢᠨ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ᠎ᠢ ᠭᠦᠢᠴᠡᠳ ᠢᠯᠡᠷᠡᠭᠦᠯᠵᠦ᠍᠂ ᠮᠠᠨ᠎ᠤ ᠨᠠᠮ᠎ᠤᠨ ᠴᠠᠭ ᠦᠶ᠎ᠡ᠎ᠲᠡᠶ ᠵᠡᠷᠭᠡ᠎ᠪᠡᠷ ᠤᠷᠤᠭᠰᠢᠯᠠᠬᠤ᠂ ᠵᠤᠷᠢᠭᠲᠠᠢ᠎ᠪᠡᠷ ᠡᠮᠦᠨ᠎ᠡ ᠨᠢ ᠭᠠᠪᠰᠢᠭᠠᠢᠯᠠᠬᠤ᠂ ᠦᠭᠡᠳᠡᠯᠡᠨ ᠳᠠᠪᠰᠢᠬᠤ ᠠᠮᠢᠵᠢᠷᠠᠯ᠎ᠤᠨ ᠬᠦᠴᠦᠨ᠎ᠢ ᠠᠮᠢᠳᠤᠯᠢᠭ᠎ᠢᠶᠠᠷ ᠲᠤᠰᠬᠠᠪᠠ᠃ ᠨᠠᠮ᠎ᠤᠨ ᠲᠥᠪ ᠬᠣᠷᠢᠶ᠎ᠠ᠎ᠡᠴᠡ᠂ ᠥᠷᠭᠡᠨ ᠤᠯᠠᠨ ᠨᠠᠮ᠎ᠤᠨ ᠭᠡᠰᠢᠭᠦᠨ ᠪᠣᠯᠤᠨ ᠨᠠᠮ᠎ᠤᠨ ᠠᠵᠢᠯ᠎ᠤᠨ ᠠᠵᠢᠯᠳᠠᠨ ᠬᠥᠬᠢᠭᠦᠯᠦᠭᠳᠡᠭᠰᠡᠨ ᠰᠢᠯᠢᠳᠡᠭ ᠬᠤᠪᠢ ᠬᠥᠮᠦᠨ᠎ᠢᠶᠡᠷ ᠳᠠᠭᠤᠷᠢᠶᠠᠯ ᠪᠣᠯᠭᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢᠶᠡᠨ ᠨᠢᠭᠡᠳᠬᠡᠨ ᠰᠦᠭ ᠰᠦᠨᠡᠰᠦ᠎ᠪᠡᠨ ᠱᠤᠭᠤᠬᠤ᠎ᠶᠢ ᠴᠥᠬᠥᠷᠡᠰᠢ ᠦᠭᠡᠢ ᠪᠠᠷᠢᠮᠲᠠᠯᠠᠵᠤ᠂ ᠢᠲᠡᠭᠡᠯ ᠪᠢᠰᠢᠷᠡᠯ ᠢᠲᠡᠭᠡᠯ ᠵᠤᠷᠢᠭ᠎ᠢᠶᠡᠨ ᠪᠠᠲᠤ᠌ ᠰᠠᠬᠢᠵᠤ᠂ ᠨᠠᠮ᠎ᠳᠠᠭᠠᠨ ᠦᠨᠡᠨᠴᠢ ᠰᠢᠳᠤᠷᠭᠤ ᠪᠠᠶ᠋ᠢᠬᠤ ᠪᠠᠢᠵᠤ᠂ ᠪᠠᠲᠤ᠌ ᠴᠢᠩᠭ᠎ᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ᠎ᠶᠢᠨ ᠲᠠᠯ᠎ᠠ᠎ᠪᠠᠷ ᠡᠷᠡᠰ ᠪᠠᠲᠤ᠌ ᠵᠢᠱ᠌ᠢᠶᠡᠴᠢ ᠪᠣᠯᠬᠤ᠎ᠪᠠᠷ ᠴᠢᠷᠮᠠᠶ᠋ᠢᠬᠤ ᠬᠡᠷᠡᠭᠲᠡᠢ;ᠨᠠᠮ᠎ᠤᠨ ᠵᠣᠷᠢᠯᠲᠠ᠎ᠶᠢ ᠪᠠᠲᠤ᠌ ᠴᠡᠭᠡᠵᠢᠯᠡᠵᠦ᠍᠂ ᠠᠷᠠᠳ ᠲᠦᠮᠡᠨ᠎ᠦ ᠵᠣᠭᠰᠣᠯᠲᠠ᠎ᠳᠤ ᠪᠠᠲᠤ᠌ ᠵᠣᠭᠰᠣᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠣᠯᠠᠨ ᠲᠦᠮᠡᠨᠴᠢ ᠱᠤᠭᠤᠮ᠎ᠢᠶᠠᠷ ᠰᠠᠶ᠋ᠢᠲᠤᠷ ᠵᠠᠮᠨᠠᠵᠤ᠂ ᠠᠷᠠᠳ ᠲᠦᠮᠡᠨ᠎ᠳᠦ ᠦᠢᠯᠡᠴᠢᠯᠡᠬᠦ ᠵᠢᠱ᠌ᠢᠶᠡᠴᠢ ᠪᠣᠯᠬᠤ᠎ᠪᠠᠷ ᠴᠢᠷᠮᠠᠶ᠋ᠢᠬᠤ ᠬᠡᠷᠡᠭᠲᠡᠶ; ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠵᠦ᠍᠂ ᠦᠨᠡᠨ᠎ᠢ ᠪᠠᠷᠢᠮᠲᠠᠯᠠᠨ ᠪᠣᠳᠠᠲᠠᠶ᠎ᠶᠢ ᠡᠷᠬᠢᠮᠯᠡᠵᠦ᠍᠂ ᠰᠢᠷᠭᠠᠭᠤ ᠬᠠᠲᠠᠭᠤᠵᠢᠯᠲᠠᠶ ᠠᠵᠢᠯᠯᠠᠨ᠂ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠬᠦ᠌ ᠵᠢᠱ᠌ᠢᠶᠡᠴᠢ ᠪᠣᠯᠬᠤ᠎ᠪᠠᠷ ᠴᠢᠷᠮᠠᠶ᠋ᠢᠬᠤ ᠬᠡᠷᠡᠭᠲᠡᠶ; ᠰᠠᠬᠢᠯᠭ᠎ᠠ ᠪᠠᠲᠤ᠌ ᠶᠣᠰᠣ ᠲᠦᠷᠢᠮ᠎ᠢ ᠴᠢᠩᠭ᠎ᠠ ᠰᠠᠬᠢᠵᠤ᠂ ᠠᠵᠢᠯᠴᠢ ᠠᠷᠪᠢᠴᠢ᠎ᠪᠠᠷ ᠪᠡᠶ᠎ᠡ᠎ᠪᠡᠨ ᠵᠠᠰᠠᠵᠤ᠂ ᠪᠡᠶ᠎ᠡ᠎ᠪᠡᠨ ᠴᠢᠩᠭ᠎ᠠ ᠱᠠᠭᠠᠷᠳᠠᠵᠤ᠂ ᠠᠷᠢᠭᠤᠨ ᠴᠢᠬᠡᠴᠢ᠎ᠶᠢᠨ ᠵᠢᠱ᠌ᠢᠶᠡᠴᠢ ᠪᠣᠯᠬᠤ᠎ᠪᠠᠷ ᠴᠢᠷᠮᠠᠶ᠋ᠢᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠬᠥᠬᠢᠭᠦᠯᠦᠭᠳᠡᠭᠰᠡᠨ ᠲᠡᠷᠢᠭᠦᠨ᠎ᠦ ᠬᠠᠮᠲᠤ᠎ᠡᠴᠡ ᠰᠤᠷᠤᠯᠴᠠᠵᠤ᠂ ᠨᠠᠮ᠎ᠤᠨ ᠲᠦᠷᠢᠮ᠎ᠳᠦ ᠲᠣᠭᠲᠠᠭᠠᠭᠰᠠᠨ ᠡᠯ᠎ᠡ ᠵᠦᠢᠯ᠎ᠦᠨ ᠲᠤᠰᠢᠶᠠᠯ ᠬᠠᠷᠢᠭᠤᠴᠠᠯᠭ᠎ᠠ᠎ᠪᠠᠨ ᠴᠢᠩᠭ᠎ᠠ ᠭᠦᠢᠴᠡᠳᠬᠡᠵᠦ᠍᠂ ᠤᠯᠤᠰ ᠲᠦᠷᠦ᠎ᠶᠢᠨ ᠴᠢᠳᠠᠮᠵᠢ ᠪᠠ ᠵᠣᠬᠢᠶᠠᠨ ᠪᠠᠶ᠋ᠢᠭᠤᠯᠤᠯᠲᠠ᠎ᠶᠢᠨ ᠴᠢᠳᠠᠮᠵᠢ᠎ᠪᠠᠨ ᠴᠢᠩᠭᠠᠳᠬᠠᠵᠤ᠂ ᠨᠠᠮ᠎ᠤᠨ ᠤᠨᠤᠯ ᠪᠠ ᠱᠤᠭᠤᠮ ᠴᠢᠭᠯᠡᠯᠲᠡ ᠲᠦᠷᠦ᠎ᠶᠢᠨ ᠪᠤᠳᠤᠯᠭ᠎ᠠ᠎ᠶᠢ ᠲᠤᠭᠤᠰᠢᠯᠠᠭᠤᠯᠤᠨ ᠬᠡᠷᠡᠭᠵᠢᠭᠦᠯᠵᠦ᠍᠂ ᠨᠠᠮ᠎ᠤᠨ ᠪᠦᠯᠬᠦᠮᠳᠡᠯ ᠨᠢᠭᠡᠳᠦᠯ᠎ᠢ ᠤᠬᠠᠮᠰᠠᠷ᠎ᠡᠴᠡ᠎ᠪᠠᠨ ᠬᠠᠮᠠᠭᠠᠯᠠᠵᠤ᠂ ᠠᠷᠠᠳᠴᠢᠯᠠᠯ ᠲᠥᠪᠯᠡᠷᠡᠯ᠎ᠦᠨ ᠶᠣᠰᠣ᠎ᠶᠢ ᠲᠤᠭᠤᠰᠢᠯᠠᠭᠤᠯᠤᠨ ᠬᠡᠷᠡᠭᠵᠢᠭᠦᠯᠵᠦ᠍᠂ ᠨᠠᠮ᠎ᠤᠨ ᠪᠠᠶ᠋ᠢᠭᠤᠯᠤᠯᠲᠠ᠎ᠶᠢᠨ ᠬᠠᠷᠢᠭᠤᠴᠠᠯᠭ᠎ᠠ᠎ᠶᠢ ᠡᠷᠡᠰ ᠨᠠᠶ᠋ᠢᠳᠠᠪᠤᠷᠢᠵᠢᠭᠤᠯᠵᠤ᠂ ᠤᠯᠠᠨ ᠲᠦᠮᠡᠨ ᠢ᠋ ᠨᠢᠭᠳᠠᠷᠠᠭᠤᠯᠤᠨ ᠤᠯᠠᠨ ᠲᠦᠮᠡᠨ᠎ᠳᠦ ᠦᠢᠯᠡᠴᠢᠯᠡᠬᠦ᠌᠎ᠶᠢ ᠨᠠᠷᠢᠨ ᠬᠢᠨᠠᠮᠠᠭᠠᠢ ᠵᠣᠬᠢᠶᠠᠨ ᠪᠠᠶ᠋ᠢᠭᠤᠯᠤᠨ ᠤᠬᠠᠭᠤᠯᠵᠤ᠂ ᠥᠭᠡᠷᠡᠴᠢᠯᠡᠯᠲᠡ ᠬᠦᠭᠵᠢᠯᠳᠡ ᠲᠣᠭᠲᠠᠭᠤᠨ ᠪᠠᠢᠯᠭᠠᠬᠤ ᠡᠯ᠎ᠡ ᠵᠦᠢᠯ᠎ᠦᠨ ᠡᠭᠦᠷᠭᠡ᠎ᠶᠢᠨ ᠳᠤᠮᠳᠠ ᠲᠠᠢ᠌ᠴᠢᠨ ᠪᠡᠬᠢᠯᠡᠯᠲᠡ᠎ᠶᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠪᠦᠬᠦ᠌ ᠲᠠᠯ᠎ᠠ᠎ᠪᠠᠷ ᠠᠬᠢᠭᠤᠯᠬᠤ ᠰᠢᠨ᠎ᠡ ᠠᠶᠠᠨᠳ᠋ᠦ᠍ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶ᠋ᠢᠯᠭ᠎ᠠ ᠭᠠᠷᠭᠠᠬᠤ ᠵᠢ ᠤᠷᠢᠶᠠᠯᠠᠵᠤ ᠪᠠᠢᠨ᠎ᠠ᠃ ᠨᠠᠮ᠎ᠤᠨ ᠲᠥᠪ ᠬᠣᠷᠢᠢ᠎ᠠ᠎ᠡᠴᠡ᠂ ᠬᠥᠬᠢᠭᠦᠯᠦᠭᠳᠡᠭᠰᠡᠨ ᠰᠢᠯᠢᠳᠡᠭ ᠬᠤᠪᠢ ᠬᠥᠮᠦᠨ ᠪᠣᠯᠤᠨ ᠲᠡᠷᠢᠭᠦᠨ᠎ᠦ ᠬᠠᠮᠲᠤ᠌ ᠢᠷᠠᠭᠤ ᠠᠯᠳᠠᠷ᠎ᠢᠶᠠᠨ ᠨᠠᠨᠳᠢᠩᠨᠠᠵᠤ᠂ ᠠᠮᠵᠢᠯᠲᠠ ᠪᠦᠲᠦᠮᠵᠢ᠎ᠪᠡᠨ ᠪᠠᠳᠠᠷᠠᠭᠤᠯᠵᠤ᠂ ᠴᠢᠷᠮᠠᠶ᠋ᠢᠭᠰᠠᠨ ᠳᠡᠭᠡᠷ᠎ᠡ᠎ᠪᠡᠨ ᠴᠢᠷᠮᠠᠶ᠋ᠢᠵᠤ᠂ ᠨᠠᠮ ᠪᠣᠯᠤᠨ ᠠᠷᠠᠳ ᠲᠦᠮᠡᠨ᠎ᠦ ᠦᠢᠯᠡᠰ᠎ᠲᠦ᠍ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ᠌᠎ᠶᠢ ᠬᠦᠰᠡᠵᠦ᠍ ᠪᠠᠶ᠋ᠢᠨ᠎ᠠ᠃
ᠰᠢᠨ᠎ᠡ ᠴᠠᠭ ᠦᠶ᠎ᠡ ᠠᠵᠠ ᠲᠤᠬᠢᠶᠠᠯ ᠵᠢᠡᠷ ᠲᠦᠭᠦᠷᠡᠩ᠂ ᠰᠢᠨ᠎ᠡ ᠠᠶᠠᠨ ᠳ᠋ᠦ ᠤᠷᠮ᠎ᠠ ᠵᠤᠷᠢᠬ ᠪᠠᠳᠠᠷᠠᠩᠭᠤᠢ᠃ ᠣᠳᠣᠬᠠᠨ᠎ᠳᠦ᠂ ᠮᠠᠨ᠎ᠤ ᠤᠯᠤᠰ᠎ᠤᠨ ᠬᠥᠭᠵᠢᠯᠲᠡ ᠨᠢᠭᠡᠨᠲᠡ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ᠎ᠶᠢ ᠪᠠᠳᠤᠳᠬᠠᠬᠤ᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶᠢᠨ ᠴᠠᠭ ᠦᠶ᠎ᠡ ᠳ᠋ᠤ ᠤᠷᠤᠵᠤ᠂ ᠪᠦᠬᠦ᠌ ᠨᠠᠮ᠎ᠤᠨ ᠨᠥᠬᠥᠳ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠲᠦᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ᠎ᠢ ᠲᠣᠭᠲᠠᠭᠠᠭᠰᠠᠨ》᠎ᠤ᠋ ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠤ᠂ 《ᠳᠥᠷᠪᠡᠨ ᠤᠬᠠᠮᠰᠠᠷ》ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠢᠭᠲᠠᠷᠠᠨ ᠪᠦᠯᠬᠦᠮᠳᠡᠵᠤ᠂ ᠵᠠᠪᠠᠯ ᠢᠯᠠᠬᠤ ᠢᠲᠡᠭᠡᠯ ᠵᠣᠷᠢᠭ᠎ᠢᠶᠠᠨ ᠪᠠᠲᠤᠳᠬᠠᠵᠤ᠂ ᠤᠮᠤᠭ ᠲᠡᠭᠦᠯᠳᠡᠷ ᠲᠡᠮᠡᠴᠡᠯ᠎ᠦᠨ ᠵᠣᠷᠢᠭ᠎ᠢᠶᠠᠨ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ ᠢ᠋ ᠪᠦᠬᠦ᠌ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠦᠷᠭᠦᠯᠵᠢᠯᠡᠨ ᠲᠡᠮᠡᠴᠡᠵᠡᠭᠡᠶ᠎ᠠ!
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 1 ᠤ᠋ ᠡᠳᠦᠷ᠎ᠦᠨ ᠴᠠᠬᠢᠯᠭᠠᠨ ᠮᠡᠳᠡᠭᠡ)