ᠱᠢ ᠭᠤᠸᠠᠩ ᠬᠤᠢ 《7·1》 ᠡᠴᠡ ᠡᠮᠦᠨᠡᠬᠡᠨ ᠠᠬᠠᠮᠠᠳ ᠨᠠᠮ᠎ᠤᠨ ᠭᠡᠰᠢᠭᠦᠨ᠎ᠢ ᠪᠣᠯᠭᠣᠭᠠᠨ ᠲᠣᠬᠣᠨᠢᠭᠤᠯᠵᠥ ᠨᠠᠮ᠎ᠤᠨ ᠬᠠᠢᠷ᠎ᠠ ᠬᠠᠯᠠᠮᠵᠢ᠎ᠶᠢ ᠬᠦᠷᠭᠡᠪᠡ
2026-07-02 09:30:00
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 24 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶ᠎ᠠ ᠵᠢᠨ ᠱᠦᠵᠢ ᠱᠢ ᠭᠤᠸᠠᠩ ᠬᠤᠢ ᠬᠥᠬᠡᠬᠣᠲᠠ᠎ᠳᠤ ᠠᠬᠠᠮᠠᠳ ᠨᠠᠮ᠎ᠤᠨ ᠭᠡᠰᠢᠭᠦᠨ ᠪᠠ ᠢᠷᠠᠭᠤ ᠠᠯᠳᠠᠷ ᠰᠠᠢᠰᠢᠶᠠᠯ ᠬᠥᠬᠢᠭᠦᠯᠦᠯ ᠭᠥᠷᠳᠡᠭᠰᠡᠨ ᠨᠠᠮ᠎ᠤᠨ ᠭᠡᠰᠢᠭᠦᠨ᠎ᠢ ᠪᠣᠯᠭᠣᠭᠠᠨ ᠲᠣᠬᠣᠨᠢᠭᠤᠯᠵᠤ᠂ ᠲᠡᠳᠡᠨ᠎ᠳᠦ ᠨᠠᠮ᠎ᠤᠨ ᠬᠠᠢᠷ᠎ᠠ ᠬᠠᠯᠠᠮᠵᠢ᠎ᠶᠢ ᠬᠦᠷᠭᠡᠪᠡ᠃

ᠨᠠᠮ᠎ᠳᠤ ᠣᠷᠣᠭᠠᠳ 81 ᠵᠢᠯ᠎ᠪᠤᠯᠤᠬᠰᠠᠨ ᠮᠤᠵᠢ᠎ᠶᠢᠨ ᠲᠡᠰ᠎ᠤᠨ ᠠᠵᠢᠯ᠎ᠠᠴᠠ᠎ᠪᠠᠨ ᠲᠠᠷᠬᠠᠯᠠᠬ᠍ᠳᠠᠬ᠍ᠰᠠᠨ ᠠᠬᠠᠮᠠᠳ ᠨᠥᠬᠥᠷ ᠶᠦᠨ ᠵᠤᠤ ᠭᠤᠸᠠᠩ᠎ᠢ ᠡᠷᠬᠢᠨ ᠦᠵᠡᠬᠦ᠎ᠳᠡᠭᠡᠨ᠂ ᠱᠢ ᠭᠤᠸᠠᠩ ᠬᠤᠢ ᠨᠠᠰᠤᠲᠠᠨ᠎ᠤ ᠡᠮᠴᠢᠯᠡᠭᠡ ᠪᠠ ᠰᠤᠪᠢᠯᠠᠯᠲᠠ᠎ᠶᠢᠨ ᠪᠠᠢᠳᠠᠯ᠎ᠢ ᠨᠠᠷᠢᠨ ᠠᠰᠠᠭᠤᠬᠤ ᠵᠢᠨ ᠬᠠᠮᠳᠤ ᠡᠮᠨᠡᠯᠭᠡ᠎ᠶᠢᠨ ᠬᠣᠷᠢᠶ᠎ᠠ ᠪᠤᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ᠎ᠢ ᠡᠮᠨᠡᠨ ᠰᠤᠪᠢᠯᠠᠬᠤ ᠠᠵᠢᠯ᠎ᠢ ᠰᠠᠢᠲᠤᠷ ᠬᠢᠵᠦ᠂ ᠨᠠᠷᠢᠨ ᠨᠢᠮᠪᠠᠢ᠎ᠪᠠᠷ ᠪᠠᠲᠤᠯᠠᠭ᠎ᠠ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠵᠠᠬᠢᠪᠠ᠃ ᠱᠢ ᠭᠤᠸᠠᠩ ᠬᠤᠢ᠂ ᠠᠬᠠᠮᠠᠳ ᠨᠥᠬᠥᠳ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ ᠪᠠ ᠪᠦᠲᠦᠭᠡᠨ ᠪᠠᠢᠭᠤᠯᠤᠯᠲᠠ᠎ᠶᠢᠨ ᠦᠢᠯᠡᠰ᠎ᠲᠦ ᠴᠢᠬᠤᠯᠠ ᠬᠤᠪᠢ ᠨᠡᠮᠡᠷᠢ ᠦᠵᠡᠭᠦᠯᠵᠤ᠂ ᠨᠠᠮ ᠪᠠ ᠤᠯᠤᠰ᠎ᠤᠨ ᠡᠷᠬᠢᠮ ᠨᠠᠨᠳᠢᠨ ᠥᠪ ᠬᠥᠷᠥᠩᠭᠡ ᠮᠥᠨ᠂ ᠪᠢᠳᠡ ᠲᠡᠳᠡᠨ᠎ᠦ ᠡᠷᠡᠭᠦᠯ ᠮᠡᠨᠳᠦ ᠬᠠᠯᠠᠭᠤᠨ ᠳᠤᠯᠠᠭᠠᠨ᠎ᠢ ᠰᠡᠳᠬᠢᠯ᠎ᠳᠡᠭᠡᠨ ᠪᠤᠳᠤᠵᠤ᠂ ᠰᠠᠢᠲᠤᠷ ᠬᠠᠷᠠᠭᠠᠯᠵᠠᠵᠤ᠂ ᠰᠠᠢᠲᠤᠷ ᠬᠠᠯᠠᠮᠵᠢᠯᠠᠵᠤ᠂ ᠠᠬᠠᠮᠠᠳ ᠨᠥᠬᠥᠳ᠎ᠲᠦ ᠵᠣᠬᠢᠶᠠᠨ ᠪᠠᠢᠭᠤᠯᠤᠯᠲᠠ᠎ᠶᠢᠨ ᠬᠠᠢᠷ᠎ᠠ ᠬᠠᠯᠠᠮᠵᠢ᠎ᠶᠢ ᠦᠨᠡᠨ ᠎ᠬᠦ ᠮᠡᠳᠡᠷᠡᠭᠦᠯᠬᠦ ᠬᠡᠷᠡᠭᠲᠡᠢ ᠭᠡᠵᠦ ᠬᠡᠯᠡᠪᠡ᠃

ᠨᠠᠮ᠎ᠳᠤ ᠣᠷᠣᠭᠠᠳ 42 ᠵᠢᠯ ᠪᠤᠯᠤᠬᠰᠠᠨ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠫᠷᠤᠹᠸᠰᠰᠤᠷ ᠬᠠᠨ ᠭᠦᠸᠸ ᠳ᠋ᠦᠩ ᠪᠣᠯ ᠪᠦᠬᠦ ᠤᠯᠤᠰ᠎ᠤᠨ《5·1》 ᠤ᠋ ᠬᠥᠳᠡᠯᠮᠦᠷᠢ᠎ᠶᠢᠨ ᠱᠠᠩᠨᠠᠯ᠎ᠤᠨ ᠮᠧᠳᠠᠯ ᠬᠦᠷᠲᠡᠭᠴᠢ ᠪᠣᠯᠣᠨ᠎ᠠ᠂ ᠱᠢ ᠭᠤᠸᠠᠩ ᠬᠤᠢ ᠲᠡᠭᠦᠨ᠎ᠲᠠᠢ ᠳᠣᠲᠣᠨᠣ᠌᠎ᠪᠠᠷ ᠶᠠᠷᠢᠯᠴᠠᠵᠤ᠂ ᠡᠪᠡᠰᠦᠨ᠎ᠦ ᠰᠤᠳᠤᠯᠤᠯ᠎ᠤᠨ ᠦᠢᠯᠡᠰ᠎ᠦᠨ ᠬᠥᠭᠵᠢᠯᠲᠡ᠂ ᠴᠢᠳᠠᠪᠤᠷᠢᠲᠠᠨ᠎ᠤ ᠬᠥᠮᠥᠵᠢᠯ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠲᠡᠭᠦᠨ᠎ᠢ ᠦᠷᠭᠦᠯᠵᠢᠯᠡᠨ ᠲᠠᠷᠢᠶᠠᠯᠠᠩ᠎ᠤᠨ ᠤᠬᠠᠭᠠᠨ᠎ᠤ ᠰᠤᠳᠤᠯᠭᠠᠨ᠎ᠢ ᠭᠦᠨᠵᠡᠭᠡᠢ ᠬᠢᠵᠦ᠂ ᠮᠠᠨ᠎ᠤ ᠣᠷᠣᠨ᠎ᠤ ᠠᠮᠢ ᠠᠬᠤᠢ᠎ᠶᠢᠨ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠲᠦᠰᠢᠭᠯᠡᠨ᠂ ᠨᠡᠩ ᠤᠯᠠᠨ ᠦᠷ᠎ᠡ ᠪᠦᠲᠦᠭᠡᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠣᠨᠳᠣᠣᠰᠢᠭᠤᠯᠬᠤ᠎ᠶᠢ ᠠᠬᠢᠭᠤᠯᠵᠤ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠨᠡᠩ ᠤᠯᠠᠨ ᠤᠶᠤᠨ ᠤᠬᠠᠭᠠᠨ ᠬᠦᠴᠦᠨ ᠴᠢᠳᠠᠯ᠎ᠢᠶᠠᠨ ᠡᠷᠭᠦᠭᠡᠷᠡᠢ ᠭᠡᠵᠦ ᠵᠣᠷᠢᠭ᠍ᠵᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号