ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠵᠣᠬᠢᠶᠠᠨ ᠪᠠᠶ᠋ᠢᠭᠤᠯᠬᠤ ᠬᠡᠯᠲᠡᠰ
2025 ᠣᠨ᠎ᠤ 12 ᠰᠠᠷ᠎ᠠ᠎ᠶᠢᠨ 31᠎ᠤ᠋ ᠡᠳᠦᠷ ᠪᠣᠯᠲᠠᠯ᠎ᠠ᠂ ᠪᠥᠬᠥ ᠣᠷᠣᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠎ᠤ ᠶᠡᠷᠦᠨᠭᠬᠡᠢ ᠲᠤᠭ᠎ᠠ 183.2 ᠲᠦᠮᠡ ᠪᠣᠯᠵᠠᠢ᠃ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠶᠡᠷᠦᠩᠬᠡᠢ ᠲᠣᠭ᠎ᠠ 9.2 ᠲᠦᠮᠡ ᠪᠤᠯᠵᠤ᠂ ᠡᠭᠦᠨ᠎ᠳᠦ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ 0.6 ᠲᠦᠮᠡ᠂ ᠨᠠᠮ᠎ᠤᠨ ᠶᠡᠷᠦᠩᠬᠡᠢ ᠡᠭᠦᠷ 0.4 ᠲᠦᠮᠡ᠂ ᠨᠠᠮ᠎ᠤᠨ ᠡᠭᠦᠷ 8.1 ᠲᠦᠮᠡ ᠪᠠᠢᠨ᠎ᠠ᠃ ᠨᠠᠮ᠎ᠤᠨ ᠭᠡᠰᠢᠭᠦᠨ᠎ᠦ ᠡᠩᠨᠡᠭᠡ᠎ᠶᠢᠨ ᠶᠡᠷᠦᠩᠬᠡᠢ ᠬᠡᠮᠵᠢᠶᠡᠨ᠎ᠦ ᠨᠡᠮᠡᠭᠳᠡᠯ᠎ᠦᠨ ᠪᠠᠢᠳᠠᠯ ᠲᠣᠭᠲᠠᠭᠤᠨ ᠪᠠᠢᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠤᠬᠴᠠᠯᠠᠯᠳᠠ ᠨᠠᠩ ᠪᠠᠲᠤ ᠴᠢᠩᠭ᠎ᠠ ᠬᠦᠴᠦᠨ᠎ᠲᠠᠢ ᠪᠣᠯᠪᠠ᠃
ᠨᠢᠭᠡ᠂ ᠨᠠᠮ᠎ᠤᠨ ᠭᠡᠰᠢᠭᠦᠨ᠎ᠦ ᠡᠩᠨᠡᠭᠡ᠎ᠶᠢᠨ ᠪᠠᠢᠳᠠᠯ
ᠨᠠᠮ᠎ᠤᠨ ᠭᠡᠰᠢᠭᠦᠨ᠎ᠦ ᠬᠦᠢᠰᠦ᠎ᠵᠢᠨ ᠢᠯᠭᠠᠯ᠂ ᠦᠨᠳᠦᠰᠦᠲᠡᠨ ᠪᠠ ᠰᠤᠷᠤᠯᠭ᠎ᠠ᠎ᠶᠢᠨ ᠨᠠᠮᠲᠠᠷ᠃ ᠡᠮᠡᠭᠲᠡᠢ ᠨᠠᠮ᠎ᠤᠨ ᠭᠡᠰᠢᠭᠦᠨ 62.4 ᠲᠦᠮᠡ ᠪᠠᠢᠵᠤ᠂ ᠨᠠᠮ᠎ᠤᠨ ᠭᠡᠰᠢᠭᠦᠨ᠎ᠦ ᠶᠡᠷᠦᠨᠭᠬᠡᠢ ᠲᠣᠭᠠᠨ᠎ᠤ 34.1% ᠵᠢ ᠡᠵᠡᠯᠡᠪᠡ; ᠴᠥᠭᠡᠨ ᠲᠣᠭᠠᠲᠤ ᠦᠨᠳᠦᠰᠦᠲᠡᠨ᠎ᠦ ᠨᠠᠮ᠎ᠤᠨ ᠭᠡᠰᠢᠭᠦᠨ 45.7 ᠲᠦᠮᠡ ᠪᠠᠢᠵᠤ᠂ 24.9% ᠵᠢ ᠡᠵᠡᠯᠡᠪᠡ; ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ ᠵᠢᠴᠢ ᠲᠡᠭᠦᠨ᠎ᠡᠴᠡ ᠳᠡᠭᠡᠭᠰᠢᠬᠢ ᠰᠤᠷᠤᠯᠭ᠎ᠠ᠎ᠶᠢᠨ ᠨᠠᠮᠲᠠᠷ᠎ᠲᠠᠢ ᠨᠠᠮ᠎ᠤᠨ ᠭᠡᠰᠢᠭᠦᠨ 117.7 ᠲᠦᠮᠡ ᠪᠠᠢᠵᠤ᠂ 64.2% ᠢ᠋ ᠡᠵᠡᠯᠡᠪᠡ᠃
ᠨᠠᠮ᠎ᠤᠨ ᠭᠡᠰᠢᠭᠦᠨ᠎ᠦ ᠨᠠᠰᠤ ᠵᠢᠯ᠃ 35 ᠨᠠᠰᠤ ᠵᠢᠴᠢ ᠲᠡᠭᠦᠨ᠎ᠡᠴᠡ ᠳᠣᠷᠣᠭ᠍ᠰᠢᠬᠢ ᠨᠠᠮ᠎ᠤᠨ ᠭᠡᠰᠢᠭᠦᠨ 35.6 ᠲᠦᠮᠡᠪᠠᠢᠵᠤ᠂ ᠨᠠᠮ᠎ᠤᠨ ᠭᠡᠰᠢᠭᠦᠨ᠎ᠦ ᠶᠡᠷᠦᠩᠬᠡᠢ ᠲᠣᠭᠠᠨ᠎ᠤ 19.4% ᠵᠢ ᠡᠵᠡᠯᠡᠪᠡ; 61 ᠨᠠᠰᠤ ᠵᠢᠴᠢ ᠲᠡᠭᠦᠨ᠎ᠡᠴᠡ ᠳᠡᠭᠡᠭᠰᠢᠬᠢ ᠨᠠᠮ᠎ᠤᠨ ᠭᠡᠰᠢᠭᠦᠨ 51.7 ᠲᠦᠮᠡ ᠪᠠᠢᠵᠤ᠂ 28.2% ᠢ᠋ ᠡᠵᠡᠯᠡᠪᠡ᠃
ᠨᠠᠮ᠎ᠤᠨ ᠭᠡᠰᠢᠭᠦᠨ᠎ᠦ ᠠᠵᠢᠯ ᠲᠦᠷᠦᠯ᠃ ᠠᠷᠦ ᠦᠢᠯᠡᠴᠢᠯᠡᠭᠡ ᠤᠷ᠎ᠠ ᠮᠡᠷᠭᠡᠵᠢᠯ᠎ᠦᠨ ᠠᠵᠢᠯᠲᠠᠨ 9.5 ᠲᠦᠮᠡ᠂ ᠮᠠᠯᠴᠢᠨ ᠲᠠᠷᠢᠶᠠᠴᠢᠨ ᠵᠢᠭᠠᠰᠤᠴᠢᠨ 41.0 ᠲᠦᠮᠡ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠬᠠᠮᠢᠶᠠᠷᠤᠯᠲᠠ ᠵᠢᠴᠢ ᠲᠤᠰᠬᠠᠢ ᠮᠡᠷᠭᠡᠵᠢᠯ᠎ᠦᠨ ᠠᠵᠢᠯᠲᠠᠨ 54.9 ᠲᠦᠮᠡ᠂ ᠨᠠᠮ ᠵᠠᠰᠠᠭ᠎ᠤᠨ ᠪᠠᠢᠭᠤᠯᠭ᠎ᠠ᠎ᠶᠢᠨ ᠠᠵᠢᠯᠲᠠᠨ 19.9 ᠲᠦᠮᠡ᠂ ᠰᠣᠷᠣᠭ᠍ᠴᠢ 2.9 ᠲᠦᠮᠡ᠂ ᠪᠤᠰᠤᠳ ᠠᠵᠢᠯ ᠮᠡᠷᠭᠡᠵᠢᠯ᠎ᠦᠨ ᠠᠵᠢᠯᠲᠠᠨ 14.5 ᠲᠦᠮᠡ᠂ ᠠᠵᠢᠯ᠎ᠡᠴᠡ᠎ᠪᠠᠨ ᠲᠠᠷᠬᠠᠯᠠᠬᠳᠠᠬᠰᠠᠳ ᠪᠠ ᠠᠵᠢᠯ ᠡᠴᠡ ᠪᠠᠨ ᠠᠮᠠᠷᠠᠭᠰᠠᠳ 40.4 ᠲᠦᠮᠡ ᠪᠣᠶ᠃
ᠬᠣᠶᠠᠷ᠂ ᠨᠠᠮ᠎ᠤᠨ ᠭᠡᠰᠢᠭᠦᠨ᠎ᠢ ᠡᠯᠰᠡᠭᠰᠡᠨ ᠪᠠᠢᠳᠠᠯ
2025 ᠣᠨ᠎ᠳᠤ᠂ ᠪᠥᠬᠥ ᠣᠷᠣᠨ᠎ᠳᠤ ᠨᠡᠶ᠋ᠢᠲᠡ 3.3 ᠲᠦᠮᠡᠨ ᠨᠠᠮ᠎ᠤᠨ ᠭᠡᠰᠢᠭᠦᠨ ᠡᠯᠰᠡᠪᠡ᠃
ᠡᠯᠰᠡᠭᠰᠡᠨ ᠨᠠᠮ᠎ᠤᠨ ᠭᠡᠰᠢᠭᠦᠨ᠎ᠤ ᠬᠦᠢᠰᠦ᠎ᠵᠢᠨ ᠢᠯᠭᠠᠯ᠂ ᠦᠨᠳᠦᠰᠦᠲᠡᠨ᠂ ᠨᠠᠰᠤ ᠵᠢᠯ ᠪᠠ ᠰᠤᠷᠤᠯᠭ᠎ᠠ᠎ᠶᠢᠨ ᠨᠠᠮᠲᠠᠷ᠃ ᠡᠮᠡᠭᠲᠡᠢ ᠨᠠᠮ᠎ᠤᠨ ᠭᠡᠰᠢᠭᠦᠨ᠎ᠢ 1.7 ᠲᠦᠮᠡ ᠡᠯᠰᠡᠵᠦ᠂ ᠴᠥᠭᠡᠨ ᠲᠣᠭᠠᠲᠤ ᠦᠨᠳᠦᠰᠦᠲᠡᠨ᠎ᠦ ᠨᠠᠮ᠎ᠤᠨ ᠭᠡᠰᠢᠭᠦᠨ᠎ᠢ 0.8 ᠲᠦᠮᠡ ᠡᠯᠰᠡᠵᠦ᠂ 35 ᠨᠠᠰᠤ ᠵᠢᠴᠢ ᠲᠡᠭᠦᠨ᠎ᠡᠴᠡ ᠳᠣᠷᠣᠭ᠍ᠰᠢᠬᠢ ᠨᠠᠮ᠎ᠤᠨ ᠭᠡᠰᠢᠭᠦᠨ᠎ᠢ 2.8 ᠲᠦᠮᠡ ᠡᠯᠰᠡᠵᠦ᠂ ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ᠎ᠦᠨ ᠰᠤᠷᠭᠠᠭᠤᠯᠢ ᠵᠢᠴᠢ ᠲᠡᠭᠦᠨ᠎ᠡᠴᠡ ᠳᠡᠭᠡᠭᠰᠢᠬᠢ ᠰᠤᠷᠤᠯᠭ᠎ᠠ᠎ᠶᠢᠨ ᠨᠠᠮᠲᠠᠷ᠎ᠲᠠᠢ ᠨᠠᠮ᠎ᠤᠨ ᠭᠡᠰᠢᠭᠦᠨ᠎ᠢ 2.0 ᠲᠦᠮᠡ ᠡᠯᠰᠡᠵᠡᠢ᠃
ᠡᠯᠰᠡᠭᠰᠡᠨ ᠨᠠᠮ᠎ᠤᠨ ᠭᠡᠰᠢᠭᠦᠨ᠎ᠤ ᠠᠵᠢᠯ ᠲᠦᠷᠦᠯ᠃ ᠠᠷᠤ ᠦᠢᠯᠡᠴᠢᠯᠡᠭᠡ ᠪᠠ ᠤᠷ᠎ᠠ ᠮᠡᠷᠭᠡᠵᠢᠯ᠎ᠦᠨ ᠠᠵᠢᠯᠲᠠᠨ 0.2 ᠲᠦᠮᠡ᠂ ᠮᠠᠯᠴᠢᠨ ᠲᠠᠷᠢᠶᠠᠴᠢᠨ ᠵᠢᠭᠠᠰᠤᠴᠢᠨ 0.5 ᠲᠦᠮᠡ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠬᠠᠮᠢᠶᠠᠷᠤᠯᠲᠠ ᠵᠢᠴᠢ ᠲᠤᠰᠬᠠᠢ ᠮᠡᠷᠭᠡᠵᠢᠯ᠎ᠦᠨ ᠠᠵᠢᠯᠲᠠᠨ 1.0 ᠲᠦᠮᠡ᠂ ᠨᠠᠮ ᠵᠠᠰᠠᠭ᠎ᠤᠨ ᠪᠠᠢᠭᠤᠯᠭ᠎ᠠ᠎ᠶᠢᠨ ᠠᠵᠢᠯᠲᠠᠨ 0.3 ᠲᠦᠮᠡ᠂ ᠰᠣᠷᠣᠭ᠍ᠴᠢ 1.2 ᠲᠦᠮᠡ᠂ ᠪᠤᠰᠤᠳ ᠠᠵᠢᠯ ᠮᠡᠷᠭᠡᠵᠢᠯ᠎ᠦᠨ ᠠᠵᠢᠯᠲᠠᠨ 0.1 ᠲᠦᠮᠡ ᠪᠣᠶ᠃ ᠦᠢᠯᠡᠳᠪᠦᠷᠢᠯᠡᠯ᠂ ᠠᠵᠢᠯ᠎ᠤᠨ ᠡᠮᠦᠨ᠎ᠡ ᠹᠷᠣᠨᠲ᠎ᠲᠤ 2.1 ᠲᠦᠮᠡᠨ ᠨᠠᠮ᠎ᠤᠨ ᠭᠡᠰᠢᠭᠦᠨ᠎ᠢ ᠡᠯᠰᠡᠪᠡ᠃
ᠭᠤᠷᠪᠠ᠂ ᠨᠠᠮ᠎ᠤᠨ ᠳᠣᠲᠣᠭᠠᠳᠤ ᠵᠢᠨ ᠬᠥᠬᠢᠭᠦᠯᠦᠨ ᠰᠠᠢᠰᠢᠶᠠᠭᠰᠠᠨ ᠪᠠᠢᠳᠠᠯ
2025 ᠣᠨ᠎ᠳᠤ ᠪᠥᠬᠥ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠡᠶ᠋ᠢᠲᠡ 0.1 ᠲᠦᠮᠡᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠬᠥᠬᠢᠭᠦᠯᠦᠨ ᠰᠠᠢᠰᠢᠶᠠᠵᠤ᠂ 0.5 ᠲᠦᠮᠡᠡ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠎ᠢ ᠬᠥᠬᠢᠭᠦᠯᠦᠨ ᠰᠠᠢᠰᠢᠶᠠᠵᠤ᠂ 0.2 ᠲᠦᠮᠡᠡ ᠰᠢᠯᠢᠳᠡᠭ ᠨᠠᠮ᠎ᠤᠨ ᠠᠵᠢᠯᠲᠠᠨ᠎ᠢ ᠬᠥᠬᠢᠭᠦᠯᠦᠨ ᠰᠠᠢᠰᠢᠶᠠᠪᠠ᠃ ᠪᠦᠬᠦ ᠵᠢᠯ᠎ᠳᠦ 《ᠨᠠᠮ᠎ᠤᠨ ᠭᠡᠰᠢᠭᠦᠨ ᠪᠤᠯᠤᠭᠰᠠᠨ ᠢᠷᠠᠭᠤ ᠠᠯᠳᠠᠷᠲᠦ 50 ᠵᠢᠯ》 ᠭᠡᠬᠦ ᠳᠤᠷᠠᠰᠬᠠᠯ᠎ᠤᠨ ᠲᠡᠮᠳᠡᠭ᠎ᠢ 1.5 ᠲᠦᠮᠡ ᠲᠠᠷᠬᠠᠭᠠᠪᠠ᠃
ᠳᠥᠷᠪᠡ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠠᠢᠳᠠᠯ
ᠨᠠᠮ᠎ᠤᠨ ᠣᠷᠣᠨ ᠨᠤᠲᠤᠭ᠎ᠤᠨ ᠬᠣᠷᠢᠶ᠎ᠠ᠃ ᠪᠦᠬᠦ ᠣᠷᠣᠨ᠎ᠳᠤ ᠨᠠᠮ᠎ᠤᠨ ᠡᠯ᠎ᠡ ᠱᠠᠲᠤᠨ᠎ᠤ ᠣᠷᠣᠨ ᠨᠤᠲᠤᠭ᠎ᠤᠨ ᠬᠣᠷᠢᠶ᠎ᠠ ᠨᠡᠶ᠋ᠢᠲᠡ 116 ᠪᠠᠢᠨ᠎ᠠ᠃ ᠡᠭᠦᠨ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ 1᠂ ᠠᠢᠮᠠᠭ ᠬᠣᠲᠠ᠎ᠶᠢᠨ ᠨᠠᠮ᠎ᠤᠨ ᠬᠣᠷᠢᠶ᠎ᠠ 12᠂ ᠬᠣᠰᠢᠭᠤ ᠰᠢᠶᠠᠨ (ᠬᠣᠲᠠ᠂ ᠲᠣᠭᠣᠷᠢᠭ᠋) ᠤ᠋ ᠨᠠᠮ᠎ᠤᠨ ᠬᠣᠷᠢᠶ᠎ᠠ 103 ᠪᠠᠢᠨ᠎ᠠ᠃
ᠬᠣᠲᠠ᠎ᠶᠢᠨ ᠵᠡᠭᠡᠯᠢ ᠭᠤᠳᠤᠮᠵᠢ᠂ ᠰᠢᠶᠠᠩ ᠪᠠᠯᠭᠠᠰᠤ᠂ ᠨᠡᠢᠭᠡᠮ ᠲᠣᠭᠣᠷᠢᠭ᠋᠂ ᠵᠠᠰᠠᠭ ᠵᠠᠬᠢᠷᠭᠠᠨ᠎ᠤ ᠲᠣᠰᠬᠣᠨ᠎ᠤ ᠨᠠᠮ᠎ᠤᠨ ᠵᠣᠬᠢᠶᠠᠨ ᠪᠠᠢᠭᠤᠯᠤᠯᠲᠠ᠃ ᠪᠦᠬᠦ ᠣᠷᠣᠨ᠎ᠤ 271 ᠬᠤᠳᠠ᠎ᠶᠢᠨ ᠵᠡᠭᠡᠯᠢ ᠭᠤᠳᠤᠮᠵᠢ᠂ 779 ᠰᠢᠶᠠᠩ ᠪᠠᠯᠭᠠᠰᠤ᠂ 2898 ᠨᠡᠢᠭᠡᠮ ᠲᠣᠭᠣᠷᠢᠭ᠋᠂ 11044 ᠵᠠᠰᠠᠭ ᠵᠠᠬᠢᠷᠭᠠᠨ᠎ᠤ ᠲᠣᠰᠬᠣᠨ᠎ᠳᠤ ᠴᠥᠮ ᠨᠠᠮ᠎ᠤᠨ ᠵᠣᠬᠢᠶᠠᠨ ᠪᠠᠢᠭᠤᠯᠤᠯᠲᠠ ᠲᠠᠢ ᠪᠤᠯᠪᠠ᠃
ᠪᠠᠢᠭᠤᠯᠭ᠎ᠠ᠂ ᠠᠵᠢᠯ ᠦᠢᠯᠡᠰ᠎ᠦᠨ ᠨᠢᠭᠡᠴᠢ᠂ ᠠᠵᠤ ᠠᠬᠤᠢᠯᠠᠯ ᠪᠠ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠨᠠᠮ᠎ᠤᠨ ᠵᠣᠬᠢᠶᠠᠨ ᠪᠠᠢᠭᠤᠯᠤᠯᠲᠠ᠃ ᠪᠦᠬᠦ ᠣᠷᠣᠨ᠎ᠳᠤ ᠪᠠᠢᠭᠤᠯᠭ᠎ᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 1.9 ᠲᠦᠮᠡ᠂ ᠠᠵᠢᠯ ᠦᠢᠯᠡᠰ᠎ᠦᠨ ᠨᠢᠭᠡᠴᠢ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 2.1 ᠲᠦᠮᠡ᠂ ᠠᠵᠤ ᠠᠬᠤᠢᠯᠠᠯ᠎ᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 2.4 ᠲᠦᠮᠡ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 0.3 ᠲᠦᠮᠡ ᠪᠤᠢ᠃
(ᠲᠤᠳᠤᠷᠬᠠᠢᠯᠠᠯᠲᠠ᠄ ᠲᠤᠰ ᠠᠯᠪᠠᠨ ᠮᠡᠳᠡᠭᠡ᠎ᠶᠢᠨ ᠬᠡᠰᠡᠭ ᠨᠡᠶ᠋ᠢᠲᠡ ᠲᠣᠭ᠎ᠠ ᠪᠤᠶᠤ ᠬᠠᠷᠢᠴᠠᠩᠭᠤᠢ ᠲᠣᠭ᠎ᠠ ᠨᠢ ᠳᠥᠷᠪᠡ᠎ᠶᠢ ᠬᠠᠶᠠᠵᠤ ᠲᠠᠪᠤ᠎ᠶᠢ ᠳᠠᠪᠰᠢᠭᠦᠯᠦᠭᠰᠡᠨᠡᠴᠡ ᠪᠣᠯᠤᠭᠰᠠᠨ ᠪᠣᠳᠣᠯᠭ᠎ᠠ᠎ᠶᠢᠨ ᠵᠥᠷᠢᠶ᠎ᠡ᠎ᠳᠦ ᠴᠥᠮ ᠮᠧᠬᠠᠨᠢᠭ᠋ ᠲᠣᠬᠢᠷᠠᠭᠤᠯᠤᠯᠲᠠ ᠬᠢᠭᠰᠡᠨ ᠦᠭᠡᠢ)