ᠠᠯᠲᠠᠨ ᠪᠠᠳᠠᠭ
2026-07-02 09:57:26
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

■ 105 ᠵᠢᠯ᠎ᠦᠨ ᠲᠤᠷᠰᠢ᠂ ᠮᠠᠨ᠎ᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠬᠦ᠌᠂ ᠳᠤᠮᠳᠠᠳᠤ᠎ᠶᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠢᠮᠠᠭᠲᠠ ᠪᠠᠲᠤ᠌ ᠰᠠᠬᠢᠵᠤ᠂ ᠴᠥᠬᠥᠷᠡᠰᠢ ᠦᠭᠡᠢ ᠲᠡᠮᠡᠴᠡᠬᠦ᠌ ᠳᠤᠮᠳᠠ ᠲᠡᠦᠬᠡ᠎ᠶᠢᠨ ᠬᠠᠭᠤᠳᠠᠰᠤ᠎ᠶᠢ ᠭᠡᠶ᠋ᠢᠭᠦᠯᠦᠭᠰᠡᠨ ᠠᠭᠤᠤ ᠶᠡᠬᠡ ᠠᠮᠵᠢᠯᠲᠠ ᠵᠢ ᠡᠭᠦᠳᠪᠡ᠃ ᠰᠢᠨ᠎ᠡ ᠠᠶᠠᠨ᠎ᠳᠤ᠂ ᠪᠦᠬᠦ᠌ ᠨᠠᠮ᠎ᠤᠨ ᠨᠥᠬᠥᠳ ᠢᠲᠡᠭᠡᠯ ᠵᠣᠷᠢᠭ᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠵᠦ᠍᠂ ᠴᠠᠭ ᠦᠶ᠎ᠡ ᠪᠣᠯᠤᠨ ᠠᠷᠠᠳ ᠲᠦᠮᠡᠨ᠎ᠳᠦ ᠦᠯᠦ᠍ ᠣᠰᠣᠯᠳᠠᠬᠤ ᠰᠢᠨ᠎ᠡ ᠠᠮᠵᠢᠯᠲᠠ ᠪᠦᠲᠦᠮᠵᠢ᠎ᠶ᠋ᠢ ᠲᠠᠰᠤᠷᠠᠯᠲᠠ ᠦᠭᠡᠢ ᠡᠭᠦᠳᠬᠦ᠌ ᠬᠡᠷᠡᠭᠲᠡᠢ᠃

■ 105 ᠵᠢᠯ᠎ᠦᠨ ᠲᠤᠷᠰᠢ᠂ ᠮᠠᠨ᠎ᠤ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠥᠬᠥᠷᠡᠰᠢ ᠥᠬᠡᠶ ᠲᠡᠮᠡᠴᠡᠵᠦ᠍᠂ ᠰᠢᠨ᠎ᠡ ᠠᠷᠠᠳᠴᠢᠯᠠᠭᠰᠠᠨ ᠬᠤᠪᠢᠰᠬᠠᠯ᠂ ᠨᠡᠶ᠋ᠢᠭᠡᠮ ᠵᠢᠷᠤᠮ᠎ᠤᠨ ᠬᠤᠪᠢᠰᠬᠠᠯ ᠪᠣᠯᠤᠨ ᠪᠥᠲᠥᠭᠡᠨ ᠪᠠᠶ᠋ᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠣᠯᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠳᠠ ᠵᠢᠨ ᠪᠥᠲᠥᠭᠡᠨ ᠪᠠᠶ᠋ᠢᠭᠤᠯᠤᠯᠲᠠ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠬᠡ ᠠᠮᠵᠢᠯᠲᠠ ᠪᠦᠲᠦᠮᠵᠢ᠎ᠶᠢ ᠡᠭᠦᠳᠴᠦ᠍᠂ ᠳᠤᠮᠳᠠᠳᠤ᠎ᠶᠢᠨ ᠦᠨᠳᠦᠰᠦᠲᠡᠨ᠎ᠦ ᠬᠡᠳᠦᠨ ᠮᠢᠨᠭᠭᠠᠨ ᠵᠢᠯ᠎ᠦᠨ ᠲᠡᠦᠬᠡᠨ ᠳᠡᠭᠡᠷᠡᠬᠢ ᠬᠠᠮᠤᠭ᠎ᠤᠨ  ᠰᠦᠷᠯᠢᠭ ᠠᠤᠭ᠎ᠠ ᠲᠤᠤᠯᠢᠰ᠎ᠢ ᠪᠢᠴᠢᠭᠯᠡᠪᠡ᠃ 105 ᠵᠢᠯ  ᠴᠥᠬᠥᠷᠡᠰᠢ ᠦᠭᠡᠢ ᠲᠡᠮᠡᠴᠡᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠢᠷᠡᠭᠡᠳᠦᠢ ᠬᠤᠪᠢ ᠵᠠᠶᠠᠭ᠎ᠠ᠎ᠶᠢ ᠦᠨᠳᠦᠰᠦᠨ᠎ᠡᠴᠡ ᠨᠢ ᠬᠤᠪᠢᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠵᠥᠪ ᠵᠠᠮ᠎ᠢ ᠨᠡᠭᠡᠭᠡᠵᠦ᠍᠂ ᠮᠠᠷᠺᠰ᠎ᠤᠨ ᠦᠵᠡᠯ᠎ᠦᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠢᠯᠡᠷᠡᠭᠦᠯᠵᠦ᠍᠂ ᠳᠡᠯᠡᠬᠡᠢ᠎ᠶᠢᠨ ᠲᠡᠦᠬᠡ᠎ᠶᠢᠨ ᠠᠬᠢᠴᠠ᠎ᠶᠢ ᠭᠦᠨᠵᠡᠭᠡᠢ ᠨᠥᠯᠥᠭᠡᠯᠡᠵᠦ᠍᠂ ᠬᠦᠴᠦᠷᠬᠡᠭ ᠶᠡᠬᠡ ᠳᠤᠮᠳᠠᠳᠤ ᠤᠯᠤᠰ᠎ᠤᠨ ᠡᠪ ᠬᠠᠮᠲᠤ᠌ ᠨᠠᠮ᠎ᠢ ᠳᠠᠪᠲᠠᠨ ᠪᠣᠯᠪᠠᠰᠤᠷᠠᠭᠤᠯᠪᠠ᠃ ᠮᠠᠨ᠎ᠤ ᠨᠠᠮ ᠪᠣᠯ ᠠᠭᠤᠤ ᠶᠡᠬᠡ ᠢᠷᠠᠭᠤ ᠠᠯᠳᠠᠷᠲᠠᠢ ᠵᠥᠪ ᠣᠨᠣᠪᠴᠢᠲᠠᠢ ᠨᠠᠮ᠎ᠤᠨ ᠨᠡᠷ᠎ᠡ ᠨᠢᠳᠡᠷ᠎ᠲᠡᠬᠡᠨ ᠪᠦᠷᠢᠮᠦᠰᠦᠨ ᠨᠡᠶ᠋ᠢᠴᠡᠵᠦ᠍ ᠪᠠᠶ᠋ᠢᠨ᠎ᠠ᠃

■ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ 105 ᠵᠢᠯ᠎ᠦᠨ ᠭᠡᠷᠡᠯ ᠰᠠᠴᠤᠷᠠᠩᠭᠤᠢ ᠲᠡᠦᠬᠡ ᠨᠢ ᠬᠥᠮᠦᠰ᠎ᠢ ᠣᠮᠣᠭᠰᠢᠭᠤᠯᠤᠨ᠎ᠠ᠂ ᠭᠡᠪᠡᠴᠦ᠍ ᠪᠢᠳᠡ ᠶᠠᠭᠠᠬᠢᠭᠰᠠᠨ ᠴᠤ᠌ ᠣᠮᠣᠷᠬᠠᠭᠯᠠᠨ ᠪᠠᠷᠳᠠᠮᠨᠠᠵᠤ᠂ ᠵᠤᠬᠰᠤᠩᠭᠤᠢᠷᠠᠵᠦ ᠪᠣᠯᠬᠤ ᠦᠭᠡᠢ᠃ ᠲᠤᠰ ᠵᠠᠭᠤᠨ᠎ᠤ ᠳᠤᠮᠳᠠᠴᠢ ᠪᠣᠯᠬᠤ᠎ᠳᠤ᠂ ᠪᠢᠳᠡ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶᠢ ᠪᠡᠶᠡᠯᠡᠭᠦᠯᠦᠨ᠎ᠡ᠃ ᠴᠠᠭ ᠬᠥᠮᠦᠨ᠎ᠢ ᠬᠦᠯᠢᠶᠡᠬᠦ᠌ ᠦᠭᠡᠢ! ᠲᠡᠦᠬᠡ ᠬᠥᠮᠦᠨ᠎ᠢ ᠬᠦᠯᠢᠶᠡᠬᠦ᠌ ᠦᠭᠡᠢ! ᠪᠦᠬᠦ᠌ ᠨᠠᠮ᠎ᠤᠨ ᠨᠥᠬᠥᠳ ᠡᠷᠬᠡᠪᠰᠢ ᠤᠬ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠡᠷᠬᠡᠪᠰᠢ ᠳᠠᠷᠤᠤ ᠬᠢᠴᠢᠶᠡᠩᠭᠦᠢ ᠪᠠᠶ᠋ᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠍᠂ ᠡᠷᠬᠡᠪᠰᠢ ᠵᠣᠷᠢᠭᠲᠠᠢ ᠲᠡᠮᠡᠴᠡᠵᠦ᠍᠂ ᠴᠢᠳᠠᠮᠠᠭᠠᠢ᠎ᠪᠠᠷ ᠲᠡᠮᠡᠴᠡᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠴᠢᠩᠭ᠎ᠠ ᠲᠦᠰᠢᠭᠯᠡᠨ ᠪᠦᠯᠬᠦᠮᠳᠡᠭᠦᠯᠦᠨ ᠳᠠᠭᠠᠭᠤᠯᠵᠤ ᠰᠢᠨ᠎ᠡ ᠠᠶᠠᠨ᠎ᠳᠠᠭᠠᠨ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠳᠦ ᠭᠠᠪᠢᠶ᠎ᠠ ᠪᠠᠶ᠋ᠢᠭᠤᠯᠵᠤ᠂ ᠲᠡᠦᠬᠡ᠎ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ᠎ᠶᠢ ᠴᠢᠷᠮᠠᠶ᠋ᠢᠨ ᠡᠭᠦᠳᠬᠦ᠌ ᠬᠡᠷᠡᠭᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号