2026 ᠣᠨ᠎ᠤ ᠣᠶᠤᠲᠠᠳ᠎ᠤᠨ ᠭᠣᠣᠯ ᠰᠡᠳᠦᠪᠲᠦ ᠨᠡᠢᠭᠡᠮ᠎ᠦᠨ ᠦᠢᠯᠡᠳᠦᠯᠭᠡ ᠪᠥᠬᠥ ᠲᠠᠯ᠎ᠠ᠎ᠪᠠᠷ ᠡᠬᠢᠯᠡᠪᠡ
2026-07-20 09:53:36
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠵᠤᠨ᠎ᠤ ᠠᠮᠠᠷᠠᠯᠲᠠ ᠪᠣᠯᠬᠤ᠎ᠪᠡᠷ ᠥᠪᠥᠷ ᠮᠣᠩᠭᠣᠯ 2026 ᠣᠨ᠎ᠤ ᠣᠶᠤᠲᠠᠳ᠎ᠤᠨ 《ᠰᠢᠨ᠎ᠡ ᠴᠠᠭ ᠦᠶ᠎ᠡ᠎ᠳᠦ ᠡᠷᠡᠮᠡᠬᠡᠢᠯᠡᠨ ᠤᠷᠤᠭᠰᠢᠯᠠᠵᠤ ᠥᠪᠥᠷ ᠮᠣᠩᠭᠣᠯ᠎ᠢ ᠤᠢᠯᠠᠭᠠᠨ ᠲᠠᠨᠢᠬᠤᠢ》 ᠭᠣᠣᠯ ᠰᠡᠳᠦᠪᠲᠦ ᠨᠡᠢᠭᠡᠮ᠎ᠦᠨ ᠦᠢᠯᠡᠳᠦᠯᠭᠡ᠎ᠶᠢᠨ ᠠᠵᠢᠯᠯᠠᠭ᠎ᠠ᠎ᠶᠢ ᠪᠦᠬᠦ ᠲᠠᠯ᠎ᠠ᠎ᠪᠠᠷ ᠡᠬᠢᠯᠡᠭᠦᠯᠪᠡ᠃ 

ᠨᠡᠢᠭᠡᠮ᠎ᠤᠨ ᠦᠢᠯᠡᠳᠦᠯᠭᠡ ᠵᠢᠨ ᠠᠵᠢᠯᠯᠠᠭ᠎ᠠ ᠨᠢ ᠪᠦᠬᠦ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠴᠢᠨᠠᠷ ᠰᠠᠢᠲᠠᠢ ᠬᠥᠭᠵᠢᠯᠲᠡ᠎ᠶᠢᠨ ᠬᠠᠷᠠᠯᠲᠠ᠎ᠳᠤ ᠰᠠᠭᠤᠷᠢᠯᠠᠵᠤ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ ᠵᠢᠷᠭᠤᠭᠠᠨ ᠶᠡᠬᠡ ᠦᠢᠯᠡᠳᠦᠯᠭᠡ᠎ᠶᠢᠨ ᠠᠷᠭ᠎ᠠ ᠵᠠᠮ᠎ᠢ ᠨᠠᠷᠢᠯᠢᠭ᠋ ᠣᠨᠣᠴᠠᠲᠠᠢ ᠪᠠᠢᠷᠢᠰᠢᠭᠤᠯᠪᠠ᠄ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠪᠠᠷ ᠲᠦᠷᠦᠭᠦᠯᠡᠭᠦᠯᠦᠨ ᠲᠣᠰ ᠲᠣᠰ 《ᠡᠨᠧᠷᠭᠢ᠎ᠶᠢᠨ ᠬᠦᠴᠦᠷᠬᠡᠭ ᠤᠯᠤᠰ》᠂ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ》᠂ 《ᠠᠮᠢ ᠠᠬᠤᠢ᠎ᠶᠢᠨ ᠪᠣᠯᠪᠠᠰᠤᠨ》᠂ 《ᠬᠢᠯᠢ ᠬᠢᠵᠠᠭᠠᠷ ᠲᠤ᠌ ᠪᠢᠳᠡ ᠪᠠᠢᠨ᠎ᠠ》᠂ 《ᠤᠮᠠᠷᠠᠰᠢ ᠨᠡᠭᠡᠭᠡᠯᠲᠡ ᠬᠢᠬᠦ》᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠵᠡᠷᠭᠡ ᠵᠢᠷᠭᠤᠭᠠᠨ ᠶᠡᠬᠡ ᠭᠤᠤᠯ ᠰᠡᠳᠦᠪᠳᠦ ᠨᠡᠢᠭᠡᠮ᠎ᠦᠨ ᠦᠢᠯᠡᠳᠦᠯᠭᠡ᠎ᠶᠢᠨ ᠪᠦᠯᠬᠦᠮ᠎ᠢ ᠵᠣᠬᠢᠶᠠᠨ ᠪᠠᠢᠭᠤᠯᠵᠤ᠂ ᠡᠯ᠎ᠡ ᠦᠢᠯᠡᠳᠦᠯᠭᠡ᠎ᠶᠢᠨ ᠪᠦᠯᠬᠦᠮ᠎ᠤᠨ ᠬᠢᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠂ ᠮᠠᠯᠵᠢᠬᠤ ᠲᠠᠷᠢᠶᠠᠯᠠᠬᠤ ᠣᠷᠣᠨ᠂ ᠬᠢᠯᠢ᠎ᠶᠢᠨ ᠪᠣᠭᠣᠮᠲᠠ᠂ ᠨᠡᠢᠭᠡᠮ ᠲᠣᠭᠣᠷᠢᠭ᠋ ᠵᠡᠭᠡᠯᠢ ᠭᠤᠳᠤᠮᠵᠢ᠂ ᠬᠤᠪᠢᠰᠬᠠᠯ᠎ᠤᠨ ᠬᠥᠮᠦᠵᠢᠯ᠎ᠦᠨ ᠰᠠᠭᠤᠷᠢᠨ ᠭᠠᠵᠠᠷ᠎ᠲᠤ ᠭᠦᠨᠵᠡᠭᠡᠢᠷᠡᠵᠦ᠂ ᠪᠠᠢᠴᠠᠭᠠᠨ ᠰᠤᠳᠤᠯᠵᠤ ᠰᠤᠷᠪᠤᠯᠵᠢᠯᠠᠬᠤ᠂ ᠮᠡᠷᠭᠡᠵᠢᠯ᠎ᠦᠨ ᠪᠣᠭᠣᠮᠲᠠ ᠰᠢᠪᠲᠤᠯᠬᠤ᠂ ᠣᠨᠣᠯ ᠤᠬᠠᠭᠤᠯᠤᠨ ᠲᠠᠢᠯᠪᠤᠷᠢᠯᠠᠬᠤ᠂ ᠰᠠᠢᠨ ᠳᠤᠷ᠎ᠠ᠎ᠶᠢᠨ ᠦᠢᠯᠡᠴᠢᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠦᠷ᠎ᠡ ᠪᠦᠲᠦᠭᠡᠯ᠎ᠢ ᠤᠨᠳᠤᠤᠰᠢᠭᠤᠯᠬᠤ ᠵᠡᠷᠭᠡ ᠣᠯᠠᠨ ᠡᠰᠢᠲᠦ ᠦᠢᠯᠡᠳᠦᠯᠭᠡ᠎ᠵᠢᠨ ᠠᠵᠢᠯᠯᠠᠭ᠎ᠠ ᠥᠷᠨᠢᠭᠦᠯᠵᠦ᠂ ᠡᠨᠧᠷᠭᠢ᠎ᠶᠢ ᠰᠢᠯᠢᠳᠡᠭᠵᠢᠭᠦᠯᠬᠦ ᠲᠥᠰᠥᠯ᠂ ᠣᠶᠤᠨᠲᠤ ᠮᠠᠯᠵᠢᠯ᠎ᠤᠨ ᠲᠠᠯᠠᠪᠠᠶ᠎ᠶᠢᠨ ᠪᠦᠲᠦᠭᠡᠨ ᠪᠠᠢᠭᠤᠯᠤᠯᠲᠠ᠎ᠶᠢᠨ ᠲᠥᠯᠦᠪᠵᠢᠭᠦᠯᠭᠡ᠂ ᠴᠦᠯᠯᠡᠷᠭᠡᠭᠵᠢᠯ᠎ᠢ ᠰᠡᠷᠭᠡᠢᠯᠡᠨ ᠵᠠᠰᠠᠬᠤ ᠰᠤᠳᠤᠯᠭᠠᠨ᠎ᠤ ᠮᠡᠳᠡᠭᠦᠯᠦᠯᠲᠡ᠂ ᠬᠢᠯᠢ ᠬᠢᠵᠠᠭᠠᠷ᠎ᠢ ᠬᠦᠭᠵᠢᠬᠦᠯᠬᠦ ᠲᠤᠬᠠᠢ ᠵᠠᠰᠠᠭ᠎ᠤᠨ ᠶᠠᠪᠤᠳᠠᠯ᠎ᠤᠨ ᠵᠦᠪᠯᠡᠯᠭᠡ᠂ ᠣᠶᠤᠨᠲᠤ ᠪᠣᠭᠣᠮᠲᠠ᠎ᠶᠢᠨ ᠲᠠᠰ ᠳᠡᠪᠰᠢᠭᠦᠯᠬᠦ ᠲᠥᠰᠥᠯ᠂ ᠦᠨᠳᠦᠰᠦᠲᠡᠨ᠎ᠦ ᠪᠦᠯᠬᠦᠮᠳᠡᠯ᠎ᠦᠨ ᠳᠤᠬᠠᠢ ᠬᠦᠤᠷᠨᠢᠯ ᠵᠡᠷᠭᠡ ᠨᠢᠭᠡ ᠪᠦᠯᠦᠭ ᠪᠤᠳᠠᠳᠠᠢ ᠳ᠋ᠤ ᠨᠠᠢᠳᠠᠪᠤᠷᠢᠵᠢᠭᠤᠯᠵᠤ ᠪᠤᠯᠬᠤ᠂ ᠳᠡᠯᠭᠡᠷᠡᠭᠦᠯᠵᠦ ᠪᠣᠯᠬᠤᠢᠴᠠ ᠣᠨᠴᠠᠯᠢᠭ᠍ᠲᠤ ᠦᠢᠯᠡᠳᠦᠯᠭᠡ᠎ᠶᠢᠨ ᠦᠷ᠎ᠡ ᠪᠦᠲᠦᠭᠡᠯ᠎ᠢ ᠭᠠᠷᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号