ᠦᠪᠦᠷ ᠮᠤᠩᠭᠤᠯ ᠪᠤᠯᠤᠨ ᠪᠡᠭᠡᠵᠢᠩ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠬᠤ ᠪᠠᠢᠭᠤᠯᠤᠮᠵᠢ ᠬᠠᠮᠳᠤᠷᠠᠨ ᠰᠢᠯᠭᠠᠨ ᠪᠠᠢᠴᠠᠭᠠᠬᠤ ᠲᠤᠷᠰᠢᠯᠳᠠ ᠶ᠋ᠢᠨ ᠲᠠᠰᠤᠭ ᠪᠠᠢᠭᠤᠯᠵᠡᠢ
2026-07-20 11:18:53
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠬᠤ ᠰᠤᠳᠤᠯᠤᠯ ᠤ᠋ᠨ ᠬᠦᠷᠢᠶᠡᠯᠡᠩ ᠪᠤᠯᠤᠨ ᠪᠡᠭᠡᠵᠢᠩ ᠶᠡᠬᠡ ᠰᠤᠷᠭᠠᠭᠤᠯᠢ ᠶ᠋ᠢᠨ ᠠᠮᠠᠨ ᠬᠦᠨᠳᠡᠢ ᠶ᠋ᠢᠨ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠠᠮᠠᠨ ᠬᠦᠨᠳᠡᠢ ᠶ᠋ᠢᠨ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠬᠤ ᠲᠦᠪ ᠤ᠋ᠨ ᠬᠠᠮᠳᠤᠷᠠᠨ ᠪᠠᠢᠭᠤᠯᠤᠭᠰᠠᠨ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠤᠳᠤᠯᠤᠨ ᠨᠡᠭᠡᠭᠡᠬᠦ ᠬᠢᠨᠠᠨ ᠦᠨᠡᠯᠡᠬᠦ ᠪᠠ ᠤᠨᠳᠤᠤᠰᠢᠭᠤᠯᠬᠤ ᠬᠠᠮᠳᠤᠷᠠᠭᠰᠠᠨ ᠲᠤᠷᠰᠢᠯᠳᠠ ᠶ᠋ᠢᠨ ᠲᠠᠰᠤᠭ ᠲᠦᠷᠦᠭᠦᠬᠡᠨ ᠫᠠᠢᠰᠠ ᠡᠯᠭᠦᠨ ᠪᠠᠢᠭᠤᠯᠤᠭᠳᠠᠪᠠ᠃

ᠲᠤᠰ ᠬᠠᠮᠳᠤᠷᠠᠭᠰᠠᠨ ᠲᠤᠷᠰᠢᠯᠳᠠ ᠶ᠋ᠢᠨ ᠲᠠᠰᠤᠭ ᠨᠢ 《ᠰᠢᠯᠭᠠᠨ ᠪᠠᠢᠴᠠᠭᠠᠵᠤ ᠬᠢᠨᠠᠨ ᠬᠡᠮᠵᠢᠬᠦ + ᠬᠤᠰᠢᠭᠤᠴᠢ ᠡᠷᠳᠡᠮ ᠰᠢᠨᠵᠢᠯᠡᠭᠡᠨ》 ᠤ᠋ ᠬᠡᠯᠪᠡᠷᠢ ᠶ᠋ᠢᠨ ᠬᠠᠮᠵᠢᠯᠴᠠᠨ ᠰᠢᠨ᠎ᠠ ᠶ᠋ᠢ ᠡᠭᠦᠳᠬᠦ ᠳᠠᠪᠴᠠᠩ ᠢ᠋ ᠴᠤᠭᠴᠠᠯᠠᠵᠤ᠂ ᠠᠮᠠᠨ ᠬᠦᠨᠳᠡᠢ ᠶ᠋ᠢᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠬᠦᠷᠢᠶᠡᠨ ᠤ᠋ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠰᠢᠯᠭᠠᠨ ᠪᠠᠢᠴᠠᠭᠠᠯᠳᠠ ᠶ᠋ᠢ ᠬᠠᠮᠵᠢᠯᠴᠠᠭᠤᠯᠬᠤ ᠠᠵᠢᠯ ᠢ᠋ ᠪᠦᠬᠦ ᠲᠠᠯ᠎ᠠ ᠪᠡᠷ ᠦᠷᠨᠢᠭᠦᠯᠬᠦ ᠪᠤᠯᠤᠨ᠎ᠠ᠃

ᠤᠢᠯᠠᠭᠠᠭᠰᠠᠨ ᠶ᠋ᠢᠡᠷ᠂ ᠪᠡᠭᠡᠵᠢᠩ ᠶᠡᠬᠡ ᠰᠤᠷᠭᠠᠭᠤᠯᠢ ᠶ᠋ᠢᠨ ᠠᠮᠠᠨ ᠬᠦᠨᠳᠡᠢ ᠶ᠋ᠢᠨ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠠᠮᠠᠨ ᠬᠦᠨᠳᠡᠢ ᠶ᠋ᠢᠨ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠬᠤ ᠲᠦᠪ ᠪᠤᠯ ᠮᠠᠨ ᠤ᠋ ᠤᠯᠤᠰ ᠤ᠋ᠨ ᠠᠷᠪᠠᠨ ᠶᠡᠬᠡ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠬᠤ ᠲᠦᠪ ᠤ᠋ᠨ ᠨᠢᠭᠡ ᠪᠦᠭᠡᠳ ᠠᠮᠠᠨ ᠬᠦᠨᠳᠡᠢ ᠶ᠋ᠢᠨ ᠬᠦᠷᠢᠶᠡᠨ ᠤ᠋ ᠴᠤᠷ ᠤ᠋ᠨ ᠭᠠᠭᠴᠠ ᠤᠯᠤᠰ ᠤ᠋ᠨ ᠳᠡᠰ ᠤ᠋ᠨ ᠰᠢᠯᠭᠠᠨ ᠪᠠᠢᠴᠠᠭᠠᠬᠤ ᠲᠦᠪ ᠪᠠᠢᠵᠤ᠂ ᠤᠳᠤᠬᠠᠨ ᠳ᠋ᠤ ᠡᠮᠴᠢᠯᠡᠭᠡᠨ ᠤ᠋ ᠪᠠᠭᠠᠵᠢ ᠬᠡᠷᠡᠭᠰᠡᠯ᠂ ᠠᠮᠢᠳᠤ ᠪᠤᠳᠠᠰ ᠤ᠋ᠨ ᠮᠠᠲᠧᠷᠢᠶᠠᠯ᠂ ᠡᠮᠴᠢᠯᠡᠭᠡᠨ ᠤ᠋ ᠭᠤᠶᠤᠯᠠᠯ ᠤ᠋ᠨ ᠪᠦᠲᠦᠭᠡᠭᠳᠡᠭᠦᠨ ᠵᠢᠴᠢ ᠠᠮᠠᠨ ᠬᠦᠨᠳᠡᠢ ᠶ᠋ᠢᠨ ᠠᠷᠠᠴᠢᠯᠠᠭ᠎ᠠ ᠶ᠋ᠢᠨ ᠪᠦᠲᠦᠭᠡᠭᠳᠡᠭᠦᠨ ᠤ᠋ 《ᠴᠢᠳᠠᠮᠵᠢ ᠶ᠋ᠢᠨ ᠰᠤᠳᠤᠯᠭᠠᠨ — ᠰᠢᠯᠭᠠᠨ ᠪᠠᠢᠴᠠᠭᠠᠯᠳᠠ — ᠠᠮᠦᠷ ᠲᠦᠪᠰᠢᠨ ᠤ᠋ ᠵᠢᠱ᠌ᠢᠯᠳᠠ —ᠦᠢᠯᠡᠳᠦᠯ ᠤ᠋ᠨ ᠦᠨᠡᠯᠡᠯᠳᠡ — ᠪᠠᠷᠢᠮᠵᠢᠶ᠎ᠠ ᠶ᠋ᠢᠨ ᠨᠡᠭᠡᠭᠡᠯᠳᠡ》 ᠶ᠋ᠢ ᠬᠠᠮᠤᠷᠤᠭᠰᠠᠨ ᠪᠦᠬᠦ ᠬᠡᠯᠬᠢᠶᠡᠨ ᠤ᠋ ᠮᠡᠷᠭᠡᠵᠢᠯ ᠤ᠋ᠨ ᠳᠠᠪᠴᠠᠩ ᠢ᠋ ᠪᠠᠢᠭᠤᠯᠪᠡ᠃ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠬᠤ ᠰᠤᠳᠤᠯᠤᠯ ᠤ᠋ᠨ ᠬᠦᠷᠢᠶᠡᠯᠡᠩ ᠪᠤᠯ ᠪᠦᠷᠢᠨ ᠲᠦᠬᠦᠷ ᠰᠢᠯᠭᠠᠨ ᠪᠠᠢᠴᠠᠭᠠᠬᠤ ᠲᠦᠬᠦᠭᠡᠷᠦᠮᠵᠢ ᠪᠠ ᠤᠷᠤᠨ ᠪᠦᠰᠡ ᠶ᠋ᠢᠨ ᠠᠵᠤ ᠦᠢᠯᠡᠰ ᠲᠤ᠌ ᠦᠢᠯᠡᠴᠢᠯᠡᠭᠰᠡᠨ ᠲᠤᠷᠰᠢᠯᠭ᠎ᠠ ᠲᠠᠢ᠂ ᠤᠷᠤᠨ ᠨᠤᠳᠤᠭ ᠤ᠋ᠨ ᠰᠤᠳᠤᠯᠭᠠᠨ ᠤ᠋ ᠦᠷ᠎ᠠ ᠪᠦᠲᠦᠭᠡᠯ ᠢ᠋ ᠤᠨᠳᠤᠤᠰᠢᠭᠤᠯᠬᠤ ᠠᠷᠭ᠎ᠠ ᠵᠠᠮ ᠲᠠᠢ᠂ ᠤᠷᠤᠨ ᠤ᠋ ᠲᠤᠳᠤᠭᠠᠳᠤ ᠶ᠋ᠢᠨ ᠠᠮᠠᠨ ᠬᠦᠨᠳᠡᠢ ᠶ᠋ᠢᠨ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠦᠢᠯᠡᠳᠪᠤᠷᠢᠯᠡᠨ ᠡᠵᠡᠩᠨᠡᠬᠦ ᠠᠵᠤ ᠠᠬᠤᠢᠯᠠᠯ ᠯᠤᠭ᠎ᠠ ᠨᠠᠷᠢᠨ ᠤᠨᠤᠴᠠᠳᠤ ᠵᠤᠯᠭᠠᠯᠴᠠᠭ᠎ᠠ ᠲᠠᠢ᠂ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠴᠤᠷ ᠤ᠋ᠨ ᠭᠠᠭᠴᠠ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠬᠤ ᠪᠠᠢᠭᠤᠯᠤᠮᠵᠢ ᠪᠤᠯᠤᠨ᠎ᠠ᠃ ᠬᠤᠶᠠᠷ ᠲᠠᠯ᠎ᠠ ᠪᠡᠷ ᠶ᠋ᠢᠡᠨ ᠬᠠᠮᠳᠤᠷᠠᠭᠰᠠᠨ ᠲᠤᠷᠰᠢᠯᠳᠠ ᠶ᠋ᠢᠨ ᠲᠠᠰᠤᠭ ᠤ᠋ᠨ ᠰᠠᠭᠤᠷᠢᠨ ᠲᠠᠬᠡᠷ᠎ᠠ ᠮᠡᠷᠭᠡᠵᠢᠯ ᠤ᠋ᠨ ᠪᠤᠭᠤᠮᠳᠠ ᠰᠢᠪᠳᠤᠯᠬᠤ᠂ ᠴᠢᠳᠠᠪᠤᠷᠢᠳᠠᠨ ᠬᠦᠮᠦᠵᠢᠭᠦᠯᠬᠦ᠂ ᠮᠡᠷᠭᠡᠵᠢᠯ ᠢ᠋ ᠬᠠᠮᠳᠤ ᠪᠡᠷ ᠡᠳ᠋ᠯᠡᠬᠦ ᠵᠡᠷᠭᠡ ᠲᠠᠯ᠎ᠠ ᠪᠡᠷ ᠭᠦᠨᠵᠡᠭᠡᠢ ᠬᠠᠮᠳᠤᠷᠠᠯᠴᠠᠭ᠎ᠠ ᠦᠷᠨᠢᠭᠦᠯᠬᠦ ᠪᠡᠷ ᠳᠤᠭᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号